ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-12-14 17:52:46

ᠵᠣᠬᠢᠶᠠᠭ᠍ᠴᠢ᠄ ᠲᠡᠭᠦᠰᠪᠢᠯᠢᠭ ᠣᠩᠱᠢᠭ᠍ᠰᠠᠨ ᠣᠳᠠᠭ᠎ᠠ᠄ 3

ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠮᠤᠷ ᠲᠦᠪᠰᠢᠨ᠎ᠦ ᠬᠠᠯᠬᠠᠪᠴᠢ᠎ᠶᠢ ᠪᠠᠲᠤ ᠴᠣᠭᠴᠠᠯᠠᠵᠤ᠂ ᠨᠠᠰᠤᠲᠠᠢᠴᠤᠳ᠎ᠤᠨ ᠠᠮᠢ ᠨᠠᠰᠤ ᠡᠷᠡᠭᠦᠯ ᠮᠡᠨᠳᠦ᠎ᠶᠢᠨ ᠠᠮᠤᠷ ᠲᠦᠪᠰᠢᠨ᠎ᠢ ᠪᠠᠲᠤᠯᠠᠵᠤ᠂ ᠸᠠᠺᠼᠢᠨ᠎ᠤ ᠲᠠᠷᠢᠯᠭ᠎ᠠ᠎ᠶᠢᠨ ᠠᠵᠢᠯ᠎ᠢ 《 ᠬᠤᠷᠳᠤᠴᠠ᠎ᠲᠠᠶ ᠮᠦᠷᠲᠡᠭᠡᠨ ᠨᠡᠩ ᠲᠤᠳᠤᠨᠤᠰᠢᠭᠤᠯᠬᠤ ᠬᠦᠴᠦᠨ ᠲᠠᠢ 》 ᠪᠣᠯᠭᠠᠬᠤ᠎ᠶᠢᠨ ᠲᠥᠯᠥᠭᠡ᠂ ᠳ᠋ᠸᠩᠺᠸᠤ ᠰᠢᠶᠠᠨ ᠡᠯ᠎ᠡ ᠨᠡᠢᠭᠡᠮ ᠲᠣᠭᠣᠷᠢᠭ᠎ᠤᠨ ᠺᠠᠳ᠋ᠷ ᠪᠣᠯᠤᠨ ᠡᠬᠡ ᠨᠢᠯᠬᠠᠰ᠎ᠤᠨ ᠡᠷᠡᠭᠦᠯᠵᠢᠯ᠎ᠦᠨ ᠡᠮᠨᠡᠯᠭᠡ᠎ᠶᠢᠨ ᠬᠣᠷᠢᠶᠠᠨ᠎ᠤ ᠡᠮᠴᠢ᠂ ᠰᠤᠪᠢᠯᠠᠭᠴᠢ᠎ᠶᠢ ᠡᠷᠦᠬᠡ᠎ᠳᠦ ᠣᠷᠣᠭᠤᠯᠬᠤ ᠠᠷᠭ᠎ᠠ ᠬᠡᠯᠪᠡᠷᠢ᠎ᠪᠡᠷ 《 ᠤᠯᠠᠨ ᠲᠦᠮᠡᠨ᠎ᠤ ᠬᠡᠷᠡᠭᠴᠡᠭᠡ᠎ᠶᠢ ᠭᠦᠢᠴᠡᠳ ᠤᠢᠯᠠᠭᠠᠨ ᠦᠪᠡᠷᠮᠢᠴᠡ ᠦᠢᠯᠡᠴᠢᠯᠡᠭᠡ ᠬᠠᠩᠭᠠᠬᠤ》ᠠᠵᠢᠯᠯᠠᠭ᠎ᠠ ᠥᠷᠨᠢᠭᠦᠯᠵᠦ᠂ ᠬᠠᠷᠢᠶ᠎ᠠ ᠣᠷᠣᠨ᠎ᠤ ᠳᠣᠲᠣᠷᠠᠬᠢ ᠬᠥᠳᠡᠯᠵᠦ ᠪᠠᠷᠢᠬᠤ᠎ᠳᠤ ᠳᠥᠭᠥᠮ ᠦᠭᠡᠢ ᠵᠢᠴᠢ 80 ᠨᠠᠰᠤᠨ᠎ᠠᠴᠠ ᠳᠡᠭᠡᠭᠰᠢᠬᠢ ᠨᠠᠰᠤᠲᠠᠢᠴᠤᠳ᠎ᠲᠤ ᠸᠠᠺᠼᠢᠨ᠎ᠤ ᠲᠠᠷᠢᠯᠭ᠎ᠠ ᠬᠢᠵᠦ᠂ ᠪᠦᠬᠦ ᠠᠷᠠᠳ᠎ᠤᠨ ᠦᠯᠦ ᠬᠠᠯᠳᠠᠭᠠᠬᠤ ᠬᠠᠯᠬᠠᠪᠴᠢ᠎ᠶᠢ ᠬᠠᠮᠲᠤ᠎ᠪᠠᠷ ᠪᠠᠢᠭᠤᠯᠪᠠ᠃

ᠳ᠋ᠸᠩᠺᠸᠤ ᠰᠢᠶᠠᠨ᠎ᠤ ᠨᠠᠨ ᠺᠠᠢ ᠨᠡᠢᠭᠡᠮ ᠲᠣᠭᠣᠷᠢᠭ᠎ᠤᠨ ᠮᠧᠢ ᠯᠢ ᠶᠤᠸᠠᠨ ᠰᠠᠭᠤᠭᠠᠯᠢ ᠲᠤᠭᠤᠷᠢᠭ᠎ᠲᠤ ᠰᠠᠭᠤᠭ᠎ᠠ ᠰᠢᠤᠸᠡᠢ ᠷᠦᠩ ᠬᠦᠢ ᠨᠠᠰᠤᠲᠠᠨ ᠡᠨᠡ ᠵᠢᠯ 86 ᠨᠠᠰᠤᠲᠠᠢ᠂ ᠡᠨᠡ ᠡᠳᠦᠷ ᠪᠣᠯ ᠲᠡᠭᠦᠨ᠎ᠦ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠦᠨ ᠸᠠᠺᠼᠢᠨ᠎ᠤ ᠭᠤᠷᠪᠠᠳᠤᠭᠠᠷ ᠲᠠᠷᠢᠯᠭ᠎ᠠ ᠬᠢᠬᠦ ᠡᠳᠦᠷ ᠪᠣᠯᠤᠨ᠎ᠠ᠃ ᠨᠠᠨ ᠺᠠᠢ ᠨᠡᠢᠭᠡᠮ ᠲᠣᠭᠣᠷᠢᠭ᠎ᠤᠨ ᠬᠠᠷᠢᠶ᠎ᠠ ᠪᠥᠬᠥᠶ ᠮᠧᠶ ᠯᠢ ᠶᠤᠸᠠᠨ ᠰᠠᠭᠤᠭᠠᠯᠢ ᠲᠣᠭᠣᠷᠢᠭ᠎ᠤᠨ ᠲᠤᠤᠷᠵᠢᠭᠤᠯᠤᠯᠳᠠ᠎ᠶᠢᠨ ᠠᠵᠢᠯᠲᠠᠨ ᠨᠠᠰᠤᠲᠠᠨ ᠪᠠ ᠨᠠᠰᠤᠲᠠᠨ᠎ᠤ ᠬᠡᠷ ᠪᠦᠯᠢ᠎ᠶᠢᠨ᠎ᠬᠢᠨ᠎ᠲᠡᠶ ᠬᠡᠷ᠎ᠲᠦᠨᠢ ᠬᠦᠷᠴᠦ ᠲᠠᠷᠢᠯᠭ᠎ᠠ ᠬᠢᠬᠦ ᠴᠠᠭ᠎ᠢᠶᠠᠨ ᠲᠣᠭᠲᠠᠭᠠᠵᠤ᠂ ᠲᠠᠷᠢᠯᠭ᠎ᠠ ᠬᠢᠬᠦ᠎ᠡᠴᠡ ᠡᠮᠦᠨ᠎ᠡ᠂ ᠡᠬᠡ ᠨᠢᠯᠬᠠᠰ᠎ᠤᠨ ᠡᠷᠡᠭᠦᠯᠵᠢᠯ᠎ᠦᠨ ᠡᠮᠨᠡᠯᠭᠡ᠎ᠶᠢᠨ ᠬᠣᠷᠢᠶᠠᠨ᠎ᠤ ᠡᠮᠴᠢ ᠰᠤᠪᠢᠯᠠᠭᠴᠢ᠎ᠨᠠᠷ ᠨᠠᠰᠤᠲᠠᠨ᠎ᠤ ᠪᠡᠶ᠎ᠡ᠎ᠶᠢᠨ ᠪᠠᠢᠳᠠᠯ᠂ ᠡᠮ ᠲᠠᠩ ᠤᠤᠭᠤᠵᠤ ᠪᠠᠢᠭ᠎ᠠ ᠪᠠᠢᠳᠠᠯ᠎ᠢ ᠨᠠᠷᠢᠨ ᠠᠰᠠᠭᠤᠵᠤ᠂ ᠨᠠᠰᠤᠲᠠᠨ᠎ᠳᠤ ᠡᠷᠡᠭᠦᠯ ᠮᠡᠨᠳᠦ ᠵᠢᠨ ᠪᠠᠢᠴᠠᠭᠠᠯᠲᠠ ᠬᠢᠵᠦ᠂ ᠲᠠᠷᠢᠯᠭ᠎ᠠ ᠬᠢᠬᠦ ᠨᠥᠬᠥᠴᠡᠯ᠎ᠳᠦ ᠨᠡᠢᠴᠡᠬᠦ᠎ᠶᠢ ᠨᠤᠲᠠᠯᠠᠭᠰᠠᠨ᠎ᠤ ᠳᠠᠷᠠᠭ᠎ᠠ᠂ ᠨᠠᠰᠤᠲᠠᠨ᠎ᠳᠤ ᠸᠠᠺᠼᠢᠨ᠎ᠤ ᠲᠠᠷᠢᠯᠭ᠎ᠠ ᠬᠢᠵᠦ ᠥᠭᠴᠡᠶ᠃


QQ截图20221214174621.png


ᠸᠠᠺᠼᠢᠨ᠎ᠤ ᠲᠠᠷᠢᠯᠭ᠎ᠠ ᠬᠢᠬᠦ᠎ᠡᠴᠡ ᠡᠮᠦᠨ᠎ᠡ᠂ ᠳ᠋ᠸᠩᠺᠸᠤ ᠰᠢᠶᠠᠨ᠎ᠤ ᠡᠯ᠎ᠡ ᠨᠡᠢᠭᠡᠮ ᠲᠣᠭᠣᠷᠢᠭ᠎ᠤᠨ ᠲᠤᠤᠷᠵᠢᠯ᠎ᠤᠨ ᠳᠠᠷᠤᠭ᠎ᠠ᠂ ᠲᠤᠤᠷᠵᠢᠭᠤᠯᠤᠯᠳᠠ᠎ᠶᠢᠨ ᠠᠵᠢᠯᠲᠠᠨ᠎ᠨᠠᠷ ᠬᠠᠷᠢᠶᠠᠲᠤ ᠣᠷᠣᠨ᠎ᠤ ᠰᠠᠭᠤᠭᠠᠯᠢ ᠠᠷᠠᠳ᠎ᠲᠤ 《 ᠤᠯᠠᠨ ᠲᠦᠮᠡᠨ᠎ᠤ ᠬᠡᠷᠡᠭᠴᠡᠭᠡ᠎ᠶᠢ ᠭᠦᠢᠴᠡᠳ ᠤᠢᠯᠠᠭᠠᠨ ᠦᠪᠡᠷᠮᠢᠴᠡ ᠦᠢᠯᠡᠴᠢᠯᠡᠭᠡ ᠬᠠᠩᠭᠠᠬᠤ》 ᠠᠵᠢᠯᠯᠠᠭ᠎ᠠ ᠦᠷᠨᠢᠭᠦᠯᠵᠦ᠂ ᠬᠠᠷᠢᠶᠠᠲᠤ ᠣᠷᠣᠨ᠎ᠤ ᠳᠣᠲᠣᠷᠠᠬᠢ ᠬᠥᠳᠡᠯᠵᠦ ᠪᠠᠷᠢᠬᠤ᠎ᠳᠤ ᠳᠥᠭᠥᠮ ᠦᠭᠡᠢ ᠨᠠᠰᠤᠲᠠᠨ ᠨᠢᠭᠡᠪᠦᠷᠢ ᠵᠢᠴᠢ ᠪᠦᠬᠦᠯᠢ 80 ᠨᠠᠰᠤᠨ᠎ᠠᠴᠠ ᠳᠡᠭᠡᠭᠰᠢᠬᠢ ᠨᠠᠰᠤᠲᠠᠨ᠎ᠤ ᠪᠡᠶ᠎ᠡ᠎ᠶᠢᠨ ᠪᠠᠢᠳᠠᠯ᠎ᠢ ᠨᠠᠷᠢᠨ ᠣᠢᠯᠠᠭᠠᠭᠰᠠᠨ ᠪᠥᠭᠡᠳ ᠸᠠᠺᠼᠢᠨ᠎ᠤ ᠲᠠᠷᠢᠯᠭ᠎ᠠ ᠬᠢᠬᠦ᠎ᠶᠢᠨ ᠴᠢᠬᠤᠯᠠ ᠴᠢᠨᠠᠷ᠂ ᠪᠦᠲᠦᠮᠵᠢᠲᠦ ᠴᠢᠨᠠᠷ ᠪᠠ ᠠᠶᠤᠯᠭᠦᠶ ᠴᠢᠨᠠᠷ ᠵᠡᠷᠭᠡ ᠨᠠᠰᠤᠲᠠᠢᠴᠤᠳ᠎ᠤᠨ ᠠᠩᠬᠠᠷᠴᠤ ᠪᠠᠢᠭ᠎ᠠ ᠠᠰᠠᠭᠤᠳᠠᠯ᠎ᠢ ᠨᠢᠭᠡᠳ ᠨᠢᠭᠡ᠎ᠪᠡᠷ ᠨᠠᠷᠢᠨ ᠲᠠᠢᠯᠪᠤᠷᠢᠯᠠᠵᠤ᠂ ᠸᠠᠺᠼᠢᠨ᠎ᠤ ᠲᠠᠷᠢᠯᠭ᠎ᠠ ᠬᠢᠭᠡᠳᠦᠶ ᠨᠠᠰᠤᠲᠠᠨ᠎ᠳᠤ ᠸᠠᠺᠼᠢᠨ᠎ᠤ ᠲᠠᠷᠢᠯᠭ᠎ᠠ ᠬᠢᠬᠦ ᠡᠷᠡᠭᠦᠯ ᠮᠡᠨᠳᠦ᠎ᠶᠢᠨ ᠮᠡᠳᠡᠯᠭᠡ᠎ᠶᠢ ᠤᠬᠠᠭᠤᠯᠤᠨ ᠲᠠᠢᠯᠪᠤᠷᠢᠯᠠᠵᠤ᠂ ᠰᠠᠭᠤᠭᠠᠯᠢ ᠠᠷᠠᠳ᠎ᠤᠨ ᠸᠠᠺᠼᠢᠨ᠎ᠤ ᠲᠠᠷᠢᠯᠭ᠎ᠠ ᠬᠢᠬᠦ ᠬᠦᠰᠡᠯ ᠢ᠋ ᠪᠡᠶᠡᠯᠡᠬᠦᠯᠵᠠᠢ᠃ ᠸᠠᠺᠼᠢᠨ᠎ᠤ ᠲᠠᠷᠢᠯᠭ᠎ᠠ ᠪᠣᠯ ᠣᠳᠣᠬᠠᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠤᠨ ᠴᠢᠬᠤᠯᠠ ᠠᠷᠭ᠎ᠠ ᠬᠡᠮᠵᠢᠶ᠎ᠡ ᠮᠥᠨ᠂ ᠲᠣᠰ ᠰᠢᠶᠠᠨ᠎ᠤ ᠳᠡᠭᠡᠳᠦ ᠳᠤᠤᠷᠠᠳᠤ ᠱᠠᠲᠤ᠎ᠪᠠᠷ᠎ᠢᠶᠠᠨ 60 ᠨᠠᠰᠤᠨ᠎ᠠᠴᠠ ᠳᠡᠭᠡᠭᠰᠢᠬᠢ ᠨᠠᠰᠤᠲᠠᠢᠴᠤᠳ᠎ᠤᠨ ᠸᠠᠺᠼᠢᠨ᠎ᠤ ᠲᠠᠷᠢᠯᠭ᠎ᠠ᠎ᠶᠢᠨ ᠠᠵᠢᠯ᠎ᠢ ᠰᠠᠢᠲᠤᠷ ᠬᠢᠬᠦ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ᠎ᠪᠡᠨ ᠴᠢᠩᠭᠠᠳᠬᠠᠵᠤ᠂ 《 ᠸᠠᠺᠼᠢᠨ᠎ᠤ ᠲᠠᠷᠢᠯᠭ᠎ᠠ ᠬᠢᠪᠡᠯ ᠵᠤᠬᠢᠬᠤ ᠬᠦᠮᠦᠨ ᠪᠦᠭᠦᠳᠡ ᠬᠢᠵᠦ᠂ ᠨᠢᠭᠡ ᠬᠥᠮᠦᠨ᠎ᠢ᠎ᠴᠦ ᠣᠷᠬᠢᠭᠳᠠᠭᠤᠯᠬᠤ ᠥᠬᠡᠶ ᠪᠠᠢᠬᠤ 》᠎ᠵᠢ ᠪᠡᠶᠡᠯᠡᠭᠦᠯᠵᠦ᠂ ᠸᠠᠺᠼᠢᠨ᠎ᠤ ᠲᠠᠷᠢᠯᠭ᠎ᠠ᠎ᠶᠢᠨ ᠨᠣᠷᠮ᠎ᠠ᠎ᠶᠢ ᠳᠡᠭᠡᠭᠰᠢᠯᠡᠭᠦᠯᠵᠦ᠂ ᠠᠷᠠᠳ ᠣᠯᠠᠨ᠎ᠤ ᠠᠮᠢ ᠨᠠᠰᠤᠨ᠎ᠤ ᠠᠮᠤᠷ ᠲᠦᠪᠰᠢᠨ ᠢ᠋ ᠦᠨᠡᠨ᠎ᠬᠦ ᠪᠠᠲᠤᠯᠠᠨ᠎ᠠ᠃ ᠣᠳᠣᠬᠠᠨ ᠪᠣᠯᠲᠠᠯ᠎ᠠ᠂ ᠳ᠋ᠸᠩᠺᠸᠤ ᠰᠢᠶᠠᠨ᠎ᠤ ᠡᠬᠡ ᠨᠢᠯᠬᠠᠰ᠎ᠤᠨ ᠡᠷᠡᠭᠦᠯᠵᠢᠯ᠎ᠦᠨ ᠡᠮᠨᠡᠯᠭᠡ᠎ᠶᠢᠨ ᠬᠣᠷᠢᠶᠠᠨ᠎ᠤ ᠲᠥᠯᠥᠪᠵᠢᠭᠦᠯᠦᠭᠰᠡᠨ ᠡᠭᠡᠯᠢᠯᠡᠭᠡ᠎ᠶᠢᠨ ᠰᠠᠯᠠᠭ᠎ᠠ ᠨᠢ ᠪᠦᠬᠦ ᠰᠢᠶᠠᠨ᠎ᠤ 60 ᠨᠠᠰᠤᠨ᠎ᠠᠴᠠ ᠳᠡᠭᠡᠭᠰᠢᠬᠢ ᠨᠠᠰᠤᠲᠠᠢᠴᠤᠳ᠎ᠲᠤ 2208 ᠤᠳᠠᠭ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠦᠨ ᠸᠠᠺᠼᠢᠨ᠎ᠤ ᠲᠠᠷᠢᠯᠭ᠎ᠠ ᠬᠢᠵᠦ ᠥᠭᠴᠡᠢ᠃

ᠳ᠋ᠸᠩᠺᠸᠤ ᠰᠢᠶᠠᠨ᠎ᠤ ᠡᠬᠡ ᠨᠢᠯᠬᠠᠰ᠎ᠤᠨ ᠡᠷᠡᠭᠦᠯᠵᠢᠯ ᠲᠥᠯᠥᠪᠯᠡᠭᠡᠲᠦ ᠦᠷᠡᠵᠢᠯ᠎ᠦᠨ ᠦᠢᠯᠡᠴᠢᠯᠡᠭᠡᠨ᠎ᠦ ᠲᠥᠪ᠎ᠦᠨ ᠳᠡᠳ᠋ ᠳᠠᠷᠤᠭ᠎ᠠ ᠵᠢᠨ ᠬᠠᠢ᠄ 《 ᠳᠡᠯᠡᠬᠡᠢ᠎ᠶᠢᠨ ᠪᠠ ᠤᠯᠤᠰ᠎ᠤᠨ ᠳᠣᠲᠣᠭᠠᠳᠤ᠎ᠶᠢᠨ ᠰᠤᠳᠤᠯᠭᠠᠨ᠎ᠠᠴᠠ ᠦᠵᠡᠪᠡᠯ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠦᠨ ᠸᠠᠺᠼᠢᠨ᠎ᠢ ᠲᠠᠷᠢᠪᠠᠯ ᠨᠠᠰᠤᠲᠠᠢᠴᠤᠳ᠎ᠤᠨ ᠬᠦᠨᠳᠦ ᠡᠪᠡᠳᠴᠢᠨ ᠪᠠ ᠦᠬᠦᠯ᠎ᠦᠨ ᠨᠤᠷᠮ᠎ᠠ᠎ᠶᠢ ᠪᠦᠲᠦᠮᠵᠢᠲᠡᠢ ᠪᠠᠭᠤᠷᠠᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠦᠨ ᠸᠠᠺᠼᠢᠨ᠎ᠢ ᠲᠠᠷᠢᠬᠤ ᠨᠢ ᠨᠠᠰᠤᠲᠠᠢᠴᠤᠳ᠎ᠲᠤ ᠠᠮᠤᠷ ᠲᠦᠪᠰᠢᠨ ᠪᠦᠲᠦᠮᠵᠢᠲᠡᠢ ᠶᠤᠮ᠂ ᠮᠠᠨ᠎ᠤ ᠥᠷᠭᠡᠨ ᠤᠯᠠᠨ ᠨᠠᠰᠤᠲᠠᠢᠴᠤᠳ ᠢᠳᠡᠪᠬᠢᠲᠡᠢ ᠰᠠᠨᠠᠭᠠᠴᠢᠯᠠᠭ᠎ᠠ᠎ᠠᠴᠠ᠎ᠪᠠᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠦᠨ ᠸᠠᠺᠼᠢᠨ᠎ᠤ ᠲᠠᠷᠢᠯᠭ᠎ᠠ᠎ᠵᠢ ᠬᠢᠬᠦ ᠴᠢᠬᠤᠯᠠ ᠲᠠᠢ ᠨᠢ ᠪᠦᠭᠦᠳᠡ ᠲᠠᠷᠢᠯᠭ᠎ᠠ ᠬᠢᠵᠦ᠂ ᠡᠭᠡᠯᠢᠯᠡᠭᠡ᠎ᠶᠢᠨ ᠬᠠᠯᠬᠠᠪᠴᠢ᠎ᠶᠢ ᠬᠠᠮᠲᠤ᠎ᠪᠠᠷ ᠴᠣᠭᠴᠠᠯᠠᠬᠤ᠎ᠶᠢ ᠬᠦᠰᠡᠵᠦ ᠪᠠᠢᠨ᠎ᠠ》 ᠭᠡᠵᠤ ᠲᠠᠨᠢᠯᠴᠠᠭᠤᠯᠤᠨ᠎ᠠ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面