ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-12-16 20:23:36

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

2023 ᠣᠨ᠎ᠤ ᠪᠥᠬᠥ᠌ ᠤᠯᠤᠰ᠎ᠤᠨ ᠠᠰᠫᠢᠷᠠᠨᠲ ᠡᠯᠰᠡᠬᠦ᠌ ᠱᠢᠯᠭᠠᠯᠲᠠ 2022 ᠣᠨ᠎ᠤ 12 ᠰᠠᠷ᠎ᠠ᠎ᠶ᠋ᠢᠨ 24 ᠡᠴᠡ 26 ᠎ᠪᠣᠯᠲᠠᠯ᠎ᠠ ᠶᠠᠪᠤᠭ᠍ᠳᠠᠨ᠎ᠠ᠃ ᠰᠤᠷᠪᠤᠯᠵᠢᠯᠠᠭ᠍ᠴᠢ 14 ᠎ᠦ ᠡᠳᠦᠷ ᠰᠤᠷᠭᠠᠨ ᠬᠥᠮᠦᠵᠢᠯ᠎ᠦᠨ ᠶᠠᠮᠤᠨ᠎ᠡᠴᠡ ᠣᠢᠯᠠᠭᠠᠭ᠍ᠰᠠᠨ᠎ᠢᠶᠠᠷ᠂ ᠰᠤᠷᠭᠠᠨ ᠬᠥᠮᠦᠵᠢᠯ᠎ᠦᠨ ᠶᠠᠮᠤᠨ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠂ ᠤᠯᠤᠰ᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠣᠪᠴᠢᠶ᠎ᠠ ᠣᠢᠷ᠎ᠠ᠎ᠳᠤ ᠬᠢᠵᠢᠭ᠎ᠢ ᠰᠡᠷᠭᠡᠢᠯᠡᠨ ᠡᠵᠡᠮᠳᠡᠬᠦ᠌ ᠪᠠ ᠱᠢᠯᠭᠠᠯᠲᠠ᠎ᠶ᠋ᠢ ᠵᠣᠬᠢᠶᠠᠨ ᠪᠠᠢᠭᠤᠯᠬᠤ ᠠᠵᠢᠯ᠎ᠢ ᠥᠨᠳᠥᠷ ᠪᠦᠲᠦᠮᠵᠢᠲᠡᠶ ᠨᠢᠭᠡᠳᠦᠯᠲᠡᠶ ᠲᠥᠯᠥᠪᠵᠢᠭᠦᠯᠦᠨ ᠰᠠᠢᠲᠤᠷ ᠬᠢᠬᠦ᠌ ᠲᠤᠬᠠᠶ ᠲᠤᠰᠭᠠᠶ ᠪᠠᠢᠷᠢᠯᠠᠭᠤᠯᠤᠯᠲᠠ ᠬᠢᠵᠦ᠍᠂ 《ᠲᠣᠭ᠍ᠲᠠᠭ᠍ᠰᠠᠨ ᠬᠤᠭᠤᠴᠠᠭᠠᠨ᠎ᠳᠤ ᠱᠢᠯᠭᠠᠬᠤ᠂ ᠱᠢᠯᠭᠠᠬᠤ ᠶᠤᠰᠤᠲᠠᠢ᠎ᠵᠢ ᠨᠢ ᠪᠦᠬᠦᠨ᠎ᠢ ᠱᠢᠯᠭᠠᠭᠤᠯᠬᠤ᠂ ᠠᠮᠤᠷ ᠲᠦᠪᠱᠢᠨ᠎ᠢᠶᠡᠷ ᠠᠰᠫᠢᠷᠠᠨᠲ ᠱᠢᠯᠭᠠᠬᠤ》 ᠠᠵᠢᠯ᠎ᠤᠨ ᠬᠠᠷᠠᠯᠲᠠ᠎ᠶ᠋ᠢ ᠪᠥᠬᠥ᠌ ᠬᠦᠴᠦᠨ᠎ᠢᠶᠡᠷ᠎ᠢᠶᠡᠨ ᠪᠡᠶᠡᠯᠡᠭᠦᠯᠵᠦ ᠪᠠᠢᠨ᠎ᠠ᠃

ᠰᠤᠷᠭᠠᠨ ᠬᠥᠮᠦᠵᠢᠯ᠎ᠦᠨ ᠶᠠᠮᠤᠨ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠂ ᠤᠯᠤᠰ᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠣᠪᠴᠢᠶ᠎ᠠ᠎ᠶ᠋ᠢᠨ ᠶᠡᠷᠦᠩᠬᠡᠢᠯᠡᠭ᠌ᠰᠡᠨ ᠰᠤᠳᠤᠯᠤᠨ ᠮᠠᠭᠠᠳᠯᠠᠯᠲᠠ᠎ᠪᠠᠷ ᠳᠡᠮᠵᠢᠨ᠂ ᠠᠰᠫᠢᠷᠠᠨᠲ ᠎ᠤᠨ ᠱᠢᠯᠭᠠᠯᠲᠠ᠎ᠪᠤᠯ ᠴᠤᠭ᠍ᠯᠠᠷᠠᠯ᠎ᠤᠨ ᠴᠢᠨᠠᠷᠲᠠᠶ ᠴᠢᠬᠤᠯᠠ ᠶᠡᠬᠡ ᠠᠵᠢᠯᠯᠠᠭ᠎ᠠ ᠪᠣᠯᠵᠣ᠂ ᠠᠰᠫᠢᠷᠠᠨᠲ᠎ᠤᠨ ᠱᠢᠯᠭᠠᠯᠲᠠ᠎ᠶ᠋ᠢᠨ ᠴᠡᠭ᠎ᠨᠢ ᠣᠨᠴᠠ ᠲᠣᠭ᠍ᠲᠠᠭ᠍ᠰᠠᠨ ᠲᠠᠯᠠᠪᠤᠷ ᠭᠠᠵᠠᠷ ᠪᠠᠢᠵᠤ᠂ ᠱᠢᠯᠭᠠᠯᠲᠠ᠎ᠶ᠋ᠢᠨ ᠠᠵᠢᠯᠲᠠᠨ ᠪᠠ ᠱᠢᠯᠭᠠᠭᠤᠯᠤᠭ᠍ᠴᠢ᠎ᠶ᠋ᠢᠨ ᠪᠥᠭᠡᠮ ᠬᠦᠴᠢᠯ᠎ᠦᠨ ᠪᠠᠢᠴᠠᠭᠠᠯᠲᠠ᠎ᠶ᠋ᠢ ᠪᠠᠢᠴᠠᠭᠠᠬᠤ ᠶᠤᠰᠤᠲᠠᠢ ᠵᠢ ᠨᠢ ᠪᠦᠬᠦᠨ᠎ᠢ ᠪᠠᠢᠴᠠᠭᠠᠵᠤ᠂ ᠪᠣᠳᠠᠲᠠᠶ ᠲᠥᠰᠦᠯ᠎ᠢ ᠬᠠᠷᠢᠶ᠎ᠠ ᠭᠠᠵᠠᠷ᠎ᠡᠴᠡ ᠥᠪᠡᠰᠦᠪᠡᠨ ᠲᠣᠭ᠍ᠲᠠᠭᠠᠨ᠎ᠠ ᠭᠡᠵᠡᠢ᠃

ᠡᠭᠦᠨ᠎ᠦ ᠬᠠᠮᠲᠤ᠂ ᠱᠢᠯᠭᠠᠯᠲᠠ᠎ᠶ᠋ᠢᠨ ᠴᠡᠭ᠎ᠱᠢᠯᠭᠠᠯᠲᠠ᠎ᠶ᠋ᠢᠨ ᠲᠠᠯᠠᠪᠤᠷ᠎ᠤᠨ ᠲᠣᠬᠢᠷᠠᠭᠤᠯᠤᠯᠲᠠ᠎ᠨᠢ ᠥᠷᠭᠡᠨ ᠣᠯᠠᠨ ᠱᠢᠯᠭᠠᠭᠤᠯᠤᠭ᠍ᠴᠢ ᠪᠠ ᠱᠢᠯᠭᠠᠯᠲᠠ᠎ᠶ᠋ᠢᠨ ᠠᠵᠢᠯᠲᠠᠨ᠎ᠤ ᠪᠡᠶ᠎ᠡ ᠮᠠᠬᠠᠪᠣᠳ᠎ᠤᠨ ᠡᠷᠡᠭᠦᠯ ᠮᠡᠨᠳᠦ ᠪᠠ ᠠᠮᠢ ᠨᠠᠰᠤᠨ᠎ᠤ ᠠᠮᠤᠷ ᠲᠦᠪᠱᠢᠨ᠎ᠢ ᠦᠨᠡᠨ ᠬᠦ᠌ ᠪᠠᠲᠤᠯᠠᠵᠤ᠂ ᠡᠯ᠎ᠡ ᠲᠥᠷᠥᠯ᠎ᠦᠨ ᠱᠢᠯᠭᠠᠭᠤᠯᠤᠭ᠍ᠰᠡᠳ᠎ᠤᠨ ᠠᠮᠤᠷ ᠲᠦᠪᠱᠢᠨ ᠤᠷᠤᠭ᠍ᠰᠢᠲᠠᠶ ᠪᠡᠷ ᠱᠢᠯᠭᠠᠯᠲᠠ᠎ᠳᠤ ᠣᠷᠣᠯᠴᠠᠬᠤ᠎ᠶ᠋ᠢ ᠪᠠᠲᠤᠯᠠᠬᠤ ᠬᠡᠷᠡᠭ᠌ᠲᠡᠶ᠃ ᠡᠯ᠎ᠡ ᠭᠠᠵᠠᠷ᠎ᠤᠨ᠎ᠬᠢᠨ ᠱᠢᠯᠭᠠᠭᠤᠯᠤᠭ᠍ᠰᠡᠳ᠎ᠢ ᠱᠢᠨᠵᠢᠯᠡᠬᠦ᠌ ᠤᠬᠠᠭᠠᠨᠴᠢ᠎ᠪᠠᠷ ᠨᠠᠷᠢᠯᠢᠭ ᠤᠨᠤᠪᠴᠢᠲᠠᠢ ᠲᠥᠷᠥᠯ ᠬᠤᠪᠢᠶᠠᠵᠤ᠂ 《ᠨᠢᠭᠡ ᠲᠥᠷᠥᠯ᠎ᠳᠦ ᠨᠢᠭᠡ ᠠᠷᠭ᠎ᠠ ᠪᠣᠳᠣᠯᠭ᠎ᠠ ᠠᠪᠬᠤ》ᠱᠢᠯᠭᠠᠯᠲᠠ᠎ᠶ᠋ᠢ ᠵᠤᠬᠢᠶᠠᠨ ᠪᠠᠢᠭᠤᠯᠬᠤ ᠵᠠᠭ᠍ᠪᠤᠷ ᠶᠣᠰᠣᠭᠠᠷ᠂ ᠬᠢᠵᠢᠭ᠎ᠢ ᠰᠡᠷᠭᠡᠢᠯᠡᠬᠦ᠌ ᠱᠠᠭᠠᠷᠳᠠᠯᠭ᠎ᠠ᠎ᠶ᠋ᠢ ᠦᠨᠳᠦᠰᠦᠯᠡᠨ ᠱᠢᠯᠭᠠᠯᠲᠠ᠎ᠶ᠋ᠢᠨ ᠣᠷᠣᠨ ᠪᠦᠰᠡ ᠪᠠ ᠲᠤᠰᠭᠠᠶ ᠨᠡᠪᠲᠡᠷᠡᠬᠦ᠌ ᠵᠠᠮ᠎ᠢ ᠱᠢᠨᠵᠢᠯᠡᠬᠦ᠌ ᠤᠬᠠᠭᠠᠨᠴᠢ᠎ᠪᠠᠷ ᠵᠠᠭᠠᠭ᠍ᠯᠠᠨ ᠲᠣᠭ᠍ᠲᠠᠭᠠᠵᠤ᠂ ᠪᠣᠳᠠᠲᠠᠶ᠎ᠲᠠᠶ᠎ᠪᠠᠨ ᠤᠶᠠᠯᠳᠤᠭᠤᠯᠤᠨ ᠪᠥᠭᠡᠮ ᠬᠦᠴᠢᠯ᠎ᠦᠨ ᠪᠠᠢᠴᠠᠭᠠᠯᠲᠠ᠎ᠳᠤ ᠪᠢᠯᠢᠭ ᠴᠢᠨᠠᠷ ᠢᠯᠡᠷᠡᠭᠰᠡᠨ ᠱᠢᠯᠭᠠᠯᠲᠠ᠎ᠶ᠋ᠢᠨ ᠲᠠᠯᠠᠪᠠᠶ᠂ ᠪᠥᠭᠡᠮ ᠬᠦᠴᠢᠯ᠎ᠦᠨ ᠪᠠᠢᠴᠠᠭᠠᠯᠲᠠ᠎ᠳᠤ ᠠᠷᠭ᠎ᠠ ᠴᠢᠨᠠᠷ ᠢᠯᠡᠷᠡᠭᠰᠡᠨ ᠱᠢᠯᠭᠠᠯᠲᠠ᠎ᠶ᠋ᠢᠨ ᠲᠠᠯᠠᠪᠠᠶ ᠵᠢᠴᠢ ᠪᠡᠶ᠎ᠡ᠎ᠶ᠋ᠢᠨ ᠳᠤᠯᠠᠭᠠᠨ ᠨᠢ ᠬᠡᠪ᠎ᠦᠨ ᠪᠤᠰᠤ ᠪᠠᠢᠳᠠᠯ ᠢᠯᠡᠷᠡᠬᠦ ᠵᠡᠷᠭᠡ ᠭᠡᠨᠡᠳᠲᠡ᠎ᠶ᠋ᠢᠨ ᠬᠡᠪ᠎ᠦᠨ ᠪᠤᠰᠤ ᠪᠠᠢᠳᠠᠯ᠎ᠳᠤ ᠬᠡᠷᠡᠭ᠌ᠯᠡᠬᠦ᠌ ᠪᠠᠴᠢᠮ ᠪᠠᠢᠳᠠᠯ᠎ᠢ ᠠᠷᠭᠠᠴᠡᠭᠠᠨ ᠱᠢᠶ᠋ᠳᠪᠦᠷᠢᠯᠡᠬᠦ᠌ ᠱᠢᠯᠭᠠᠯᠲᠠ᠎ᠶ᠋ᠢᠨ ᠲᠠᠯᠠᠪᠠᠶ ᠵᠡᠷᠭᠡ᠎ᠶ᠋ᠢ ᠬᠠᠨᠳᠤᠯᠭᠠᠲᠤ ᠴᠢᠨᠠᠷᠲᠠᠶ᠎ᠪᠠᠷ ᠲᠣᠬᠢᠷᠠᠭᠤᠯᠵᠤ ᠪᠣᠯᠤᠨ᠎ᠠ᠃ ᠪᠣᠳᠠᠲᠠᠶ ᠲᠥᠰᠦᠯ᠎ᠢ ᠬᠠᠷᠢᠶ᠎ᠠ ᠣᠷᠣᠨ᠎ᠡᠴᠡ ᠪᠣᠳᠠᠲᠠᠶ᠎ᠲᠠᠶ᠎ᠪᠠᠨ ᠤᠶᠠᠯᠳᠤᠭᠤᠯᠤᠨ ᠲᠣᠭ᠍ᠲᠠᠭᠠᠨ᠎ᠠ᠃

ᠱᠢᠯᠭᠠᠯᠲᠠ᠎ᠡᠴᠡ ᠡᠮᠦᠨ᠎ᠡ᠂ ᠡᠯ᠎ᠡ ᠭᠠᠵᠠᠷ᠎ᠤᠨ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ ᠪᠠᠰᠠ ᠳᠣᠲᠣᠭᠠᠳᠤ᠎ᠶ᠋ᠢ ᠬᠠᠮᠠᠭᠠᠯᠠᠬᠤ᠂ ᠨᠢᠭᠤᠴᠠ᠎ᠶ᠋ᠢ ᠬᠠᠮᠠᠭᠠᠯᠠᠬᠤ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠵᠡᠷᠭᠡ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠲᠡᠶ ᠬᠠᠮᠲᠤᠷᠠᠨ᠂ ᠬᠡᠮ ᠬᠢᠬᠦ᠌ ᠪᠠᠭᠠᠵᠢ ᠬᠡᠷᠡᠭ᠌ᠰᠡᠯ ᠪᠣᠷᠣᠯᠠᠭᠤᠯᠬᠤ᠂ ᠵᠣᠬᠢᠶᠠᠨ ᠪᠠᠢᠭᠤᠯᠤᠯᠲᠠ᠎ᠲᠠᠶ ᠬᠡᠮ ᠬᠢᠬᠦ᠌ ᠵᠡᠷᠭᠡ᠎ᠠᠵᠢᠯᠯᠠᠭ᠎ᠠ᠎ᠳᠤ ᠴᠣᠬᠢᠯᠲᠠ ᠥᠭ᠌ᠬᠦ ᠲᠤᠰᠭᠠᠶ ᠠᠵᠢᠯᠯᠠᠭ᠎ᠠ ᠥᠷᠨᠢᠭᠦᠯᠵᠦ᠍᠂ ᠱᠢᠯᠭᠠᠯᠲᠠ᠎ᠶ᠋ᠢᠨ ᠣᠷᠴᠢᠨ ᠨᠥᠬᠥᠴᠡᠯ᠎ᠢ ᠴᠡᠪᠡᠷᠱᠢᠭᠦᠯᠬᠦ᠌ ᠪᠣᠯᠤᠨ᠎ᠠ᠃

(ᠱᠢᠨᠬᠤᠸᠠ ᠬᠣᠷᠢᠶᠠᠨ᠎ᠤ ᠪᠡᠭᠡᠵᠢᠩ᠎ᠦᠨ 12 ᠰᠠᠷ᠎ᠠ᠎ᠶ᠋ᠢᠨ 14 ᠎ᠦ ᠴᠠᠬᠢᠯᠭᠠᠨ ᠮᠡᠳᠡᠭᠡ )

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面