2022-12-17 23:22:21
ᠲᠥᠷᠥ᠍᠎ᠶᠢᠨ ᠶᠠᠪᠤᠳᠠᠯ᠎ᠤᠨ ᠬᠣᠷᠢᠶᠠᠨ᠎ᠤ ᠬᠠᠮᠲᠤᠷᠠᠨ ᠰᠡᠷᠭᠡᠢᠯᠡᠵᠤ ᠬᠠᠮᠳᠤᠷᠠᠨ ᠡᠵᠡᠮᠳᠡᠬᠦ ᠲᠣᠭᠲᠠᠴᠠ᠎ᠶᠢᠨ ᠶᠡᠷᠦᠩᠬᠡᠢᠯᠡᠭᠰᠡᠨ ᠳᠤᠭᠤᠢᠯᠠᠩ ᠡᠴᠡ《ᠬᠥᠳᠡᠭᠡ ᠲᠣᠰᠬᠣᠨ᠎ᠤ ᠭᠠᠵᠠᠷ ᠣᠷᠣᠨ᠎ᠤ ᠰᠢᠨᠡᠲᠢᠲᠢᠮᠯᠢᠭ᠌ ᠠᠭᠤᠰᠬᠢᠨ ᠦᠷᠪᠢᠰᠦᠯ᠎ᠦᠨ ᠬᠢᠵᠢᠭ᠌᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠪᠠ ᠡᠷᠡᠭᠦᠯ ᠮᠡᠨᠳᠦ᠎ᠶᠢᠨ ᠦᠢᠯᠡᠴᠢᠯᠡᠭᠡ᠎ᠶᠢ ᠴᠢᠩᠭᠠᠳᠬᠠᠬᠤ ᠠᠵᠢᠯ᠎ᠤᠨ ᠲᠥᠰᠥᠯ》 ᠢ᠋ ᠨᠡᠢᠲᠡᠯᠡᠵᠤ᠂ ᠰᠢᠨ᠎ᠡ ᠵᠢᠯ ᠴᠠᠭᠠᠨ ᠰᠠᠷ᠎ᠠ᠎ᠶᠢᠨ ᠬᠤᠭᠤᠴᠠᠭᠠᠨ᠎ᠳᠠᠬᠢ ᠬᠥᠳᠡᠭᠡ ᠲᠣᠰᠬᠣᠨ᠎ᠤ ᠭᠠᠵᠠᠷ ᠣᠷᠣᠨ᠎ᠤ ᠬᠢᠵᠢᠭ᠌᠎ᠢ ᠰᠡᠷᠭᠡᠢᠯᠡᠨ ᠡᠵᠡᠮᠳᠡᠬᠦ ᠪᠠ ᠡᠷᠡᠭᠦᠯ ᠮᠡᠨᠳᠦ᠎ᠶᠢᠨ ᠦᠢᠯᠡᠴᠢᠯᠡᠭᠡ ᠵᠡᠷᠭᠡ ᠠᠵᠢᠯ᠎ᠤᠨ ᠲᠤᠬᠠᠢ ᠬᠠᠮᠤᠭ᠎ᠤᠨ ᠰᠢᠨ᠎ᠡ ᠪᠠᠢᠷᠢᠯᠠᠭᠤᠯᠤᠯᠲᠠ ᠬᠢᠪᠡ᠃ ᠭᠤᠤᠯᠳᠠᠯᠭ᠎ᠠ ᠨᠢ ᠲᠤᠤᠷᠠᠬᠢ ᠮᠡᠳᠦ᠄
○ᠨᠤᠲᠤᠭ᠎ᠲᠠᠭᠠᠨ ᠪᠤᠴᠠᠭᠰᠠᠳ ᠬᠠᠯᠠᠭᠤᠷᠠᠬᠤ᠂ ᠬᠠᠭᠤᠷᠠᠢ᠎ᠪᠠᠷ ᠬᠠᠨᠢᠶᠠᠯᠭᠠᠬᠤ᠂ ᠲᠠᠮᠢᠷᠳᠠᠬᠤ᠂ ᠬᠤᠭᠤᠯᠠᠢ ᠡᠪᠡᠳᠭᠦ ᠵᠡᠷᠭᠡ ᠰᠢᠨᠡᠲᠢᠲᠢᠮᠯᠢᠭ᠌ ᠸᠢᠷᠦ᠋ᠰ᠎ᠦᠨ ᠬᠠᠯᠳᠠᠪᠤᠷᠢᠯᠠᠯ᠎ᠲᠠᠢ ᠬᠣᠯᠪᠣᠭᠳᠠᠬᠤ ᠢᠯᠡᠷᠡᠯ ᠭᠠᠷᠪᠠᠯ᠂ ᠰᠢᠶᠠᠩ ᠪᠠᠯᠭᠠᠰᠤᠨ᠎ᠤ ᠡᠷᠡᠭᠦᠯ ᠬᠠᠮᠠᠭᠠᠯᠠᠯ᠎ᠤᠨ ᠬᠣᠷᠢᠶ᠎ᠠ ᠪᠤᠶᠤ ᠲᠣᠰᠬᠣᠨ᠎ᠤ ᠡᠷᠡᠭᠦᠯ ᠬᠠᠮᠠᠭᠠᠯᠠᠯ᠎ᠤᠨ ᠲᠠᠰᠤᠭ᠎ᠲᠠᠢ ᠬᠠᠷᠢᠯᠴᠠᠵᠤ ᠪᠣᠯᠣᠨ᠎ᠠ᠂ ᠬᠥᠳᠡᠭᠡ ᠲᠣᠰᠬᠣᠨ᠎ᠤ ᠡᠮᠨᠡᠯᠭᠡ᠎ᠶᠢᠨ ᠠᠵᠢᠯᠲᠠᠳ ᠲᠡᠭᠦᠨ᠎ᠳᠦ ᠴᠢᠬᠤᠯᠠ ᠪᠦᠬᠦᠢ ᠡᠷᠡᠭᠦᠯ ᠮᠡᠨᠳᠦ᠎ᠶᠢᠨ ᠯᠠᠪᠯᠠᠯᠭ᠎ᠠ᠂ ᠡᠷᠡᠭᠦᠯ ᠮᠡᠨᠳᠦ᠎ᠶᠢᠨ ᠬᠢᠨᠠᠨ ᠬᠡᠮᠵᠢᠯᠲᠡ᠂ ᠸᠢᠷᠦ᠋ᠰ᠎ᠦᠨ ᠠᠨᠲ᠋ᠢᠪᠤᠳᠢ᠎ᠵᠢᠨ ᠤᠷᠪᠡᠯᠤᠨ ᠪᠠᠢᠴᠠᠭᠠᠨ ᠬᠡᠮᠵᠢᠯᠲᠡ᠂ ᠡᠮ ᠬᠡᠷᠡᠭᠯᠡᠬᠦ ᠵᠢᠯᠣᠭᠣᠳᠤᠯᠭ᠎ᠠ ᠵᠡᠷᠭᠡ ᠦᠢᠯᠡᠴᠢᠯᠡᠭᠡ ᠬᠠᠩᠭᠠᠬᠤ ᠬᠡᠷᠡᠭᠲᠡᠢ᠃
○ ᠡᠪᠡᠳᠴᠢᠨ᠎ᠦ ᠢᠯᠡᠷᠡᠯ ᠦᠭᠡᠢ ᠬᠠᠯᠳᠠᠪᠤᠷᠢᠯᠠᠭᠳᠠᠭᠴᠢ᠂ ᠬᠥᠩᠭᠡᠨ ᠬᠡᠯᠪᠡᠷᠢ ᠵᠢᠨ ᠡᠪᠡᠳᠴᠢᠲᠡᠨ᠎ᠢ ᠭᠡᠷ᠎ᠲᠤ᠎ᠨᠢ ᠰᠠᠭᠤᠯᠭᠠᠵᠤ ᠡᠮᠨᠡᠨ ᠵᠠᠰᠠᠵᠤ᠂ ᠭᠠᠳᠠᠭ᠍ᠰᠢ ᠭᠠᠷᠬᠤ ᠦᠭᠡᠢ ᠪᠠᠢᠬᠤ᠎ᠶᠢ ᠰᠠᠨᠠᠭᠤᠯᠵᠤ᠂ ᠭᠡᠷ᠎ᠲᠡᠬᠡᠨ ᠰᠠᠭᠤᠬᠤ ᠬᠤᠭᠤᠴᠠᠭᠠᠨ᠎ᠳᠤ ᠭᠡᠷ᠎ᠦᠨ ᠬᠥᠮᠥᠰ᠎ᠲᠠᠢ᠎ᠪᠡᠨ ᠣᠢᠷᠠᠳᠤᠬᠤᠶᠢ ᠪᠠᠭᠠᠰᠬᠠᠬᠤ ᠬᠡᠷᠡᠭᠲᠡᠢ᠃
○ᠲᠣᠰᠬᠣᠨ᠎ᠤ ᠠᠷᠠᠳ᠎ᠤᠨ ᠵᠥᠪᠯᠡᠯ ᠪᠣᠯᠣᠨ ᠲᠣᠰᠬᠣᠨ᠎ᠤ ᠡᠷᠡᠭᠦᠯ ᠬᠠᠮᠠᠭᠠᠯᠠᠯ᠎ᠤᠨ ᠲᠠᠰᠤᠭ ᠨᠢ ᠨᠤᠲᠤᠭ᠎ᠲᠠᠭᠠᠨ ᠪᠤᠴᠠᠭᠰᠠᠳ ᠲᠸ᠋ ᠡᠪᠡᠳᠴᠢᠨ ᠳ᠋ᠦ᠍ᠨᠢ ᠲᠠᠭᠠᠷᠠᠭᠤᠯᠤᠨ ᠡᠮᠨᠡᠨ ᠵᠠᠰᠠᠬᠤ ᠡᠮ ᠪᠣᠯᠣᠨ ᠸᠢᠷᠦ᠋ᠰ᠎ᠦᠨ ᠠᠨᠲ᠋ᠢᠪᠤᠳᠢ᠎ᠵᠢᠨ ᠤᠷᠪᠡᠯᠤᠨ ᠪᠠᠢᠴᠠᠭᠠᠨ ᠬᠡᠮᠵᠢᠯᠲᠡ ᠵᠢᠨ ᠤᠷᠪᠠᠯᠵᠢ ᠵᠢ ᠴᠠᠭ ᠲᠤᠬᠠᠢ ᠳ᠋ᠤᠨᠢ ᠣᠯᠬᠤ᠎ᠳᠤ ᠳᠥᠭᠦᠮ ᠦᠵᠡᠭᠦᠯᠭᠦ ᠬᠡᠷᠡᠭᠲᠡᠢ᠃
○ᠬᠥᠳᠡᠭᠡ ᠲᠣᠰᠬᠣᠨ᠎ᠤ᠋ ᠡᠮᠨᠡᠯᠭᠡ᠎ᠶ᠋ᠢᠨ ᠠᠵᠢᠯᠲᠠᠳ ᠪᠣᠳᠠᠲᠠᠢ᠎ᠲᠠᠢ᠎ᠪᠠᠨ ᠤᠶᠠᠯᠳᠤᠭᠤᠯᠤᠨ ᠤᠳᠠᠰᠤ᠂ ᠸᠢᠳᠢᠣ᠋᠂ ᠵᠢᠷᠬᠢᠶ᠎ᠠ ᠪᠤᠶᠤ ᠰᠦᠯᠵᠢᠶᠡᠨ᠎ᠡᠴᠡ ᠭᠠᠳᠠᠭᠤᠷᠬᠢ ᠰᠤᠷᠪᠤᠯᠵᠢᠯᠠᠭ᠎ᠠ ᠵᠡᠷᠭᠡ ᠠᠷᠭ᠎ᠠ ᠮᠠᠶᠢᠭᠢ᠋ᠶ᠋ᠠᠷ ᠳᠠᠮᠵᠢᠭᠤᠯᠤᠨ ᠭᠡᠷ᠎ᠲᠡᠭᠡᠨ ᠠᠵᠢᠭᠯᠠᠯᠳᠠ ᠬᠢᠵᠤ ᠪᠠᠢᠭ᠎ᠠ ᠬᠦᠮᠦᠰᠲᠦ᠍ ᠡᠷᠡᠭᠦᠯ ᠮᠡᠨᠳᠦ᠎ᠶ᠋ᠢᠨ ᠵᠢᠯᠣᠭᠣᠳᠤᠯᠭ᠎ᠠ᠂ ᠬᠢᠨᠠᠨ ᠬᠡᠮᠵᠢᠯᠳᠠ ᠪᠠ ᠡᠮ ᠬᠡᠷᠡᠭᠯᠡᠬᠦ᠂ ᠸᠢᠷᠦ᠋ᠰ᠎ᠦᠨ ᠠᠨᠲ᠋ᠢᠪᠤᠳᠢ᠎ᠵᠢᠨ ᠤᠷᠪᠡᠯᠤᠨ ᠪᠠᠢᠴᠠᠭᠠᠨ ᠬᠡᠮᠵᠢᠯᠲᠡ ᠵᠡᠷᠭᠡ ᠦᠢᠯᠡᠴᠢᠯᠡᠭᠡ᠎ᠶ᠋ᠢ ᠴᠢᠩᠭᠠᠳᠬᠠᠬᠤ ᠬᠡᠷᠡᠭᠲᠡᠢ᠃
○ ᠲᠣᠰᠬᠣᠨ᠎ᠤ᠋ ᠠᠷᠠᠳ᠎ᠤ᠋ᠨ ᠵᠥᠪᠯᠡᠯ᠎ᠦ᠋ᠨ ᠭᠡᠷ ᠲᠡᠭᠡᠨ ᠰᠠᠭᠤᠵᠤ ᠡᠮᠨᠡᠨ ᠵᠠᠰᠠᠵᠤ ᠪᠠᠢᠭ᠎ᠠ ᠬᠦᠮᠦᠰ᠎ᠤᠨ ᠦᠢᠯᠡᠴᠢᠯᠡᠭᠡᠨ᠎ᠦ᠌ ᠬᠠᠷᠢᠭᠤᠴᠠᠯᠭ᠎ᠠ᠂ ᠢᠯᠠᠩᠭᠤᠶ᠎ᠠ ᠥᠪᠡᠷ᠎ᠦ᠋ᠨ ᠡᠷᠡᠭᠦᠯ ᠮᠡᠨᠲᠦ᠎ᠶ᠋ᠢᠨ ᠬᠠᠮᠢᠶᠠᠷᠤᠯᠲᠠ᠎ᠶ᠋ᠢᠨ ᠴᠢᠳᠠᠪᠤᠷᠢ᠎ᠪᠠᠷ ᠳᠤᠲᠠᠮᠠᠭ ᠭᠠᠭᠴᠠᠭᠠᠷ ᠰᠠᠭᠤᠭ᠎ᠠ ᠨᠠᠰᠤᠲᠠᠢᠴᠤᠳ᠂ ᠵᠡᠮᠳᠡᠭᠴᠦᠳ ᠵᠡᠷᠭᠡ᠎ᠶ᠋ᠢ ᠬᠠᠪᠰᠤᠷᠴᠤ ᠡᠷᠡᠭᠦᠯ ᠮᠡᠨᠲᠦ ᠶ᠋ᠢᠨ ᠬᠢᠨᠠᠨ ᠬᠡᠮᠵᠢᠯᠲᠡ ᠬᠢᠬᠦ᠎ᠶ᠋ᠢᠨ ᠬᠠᠮᠲᠤ ᠴᠠᠭ ᠲᠤᠬᠠᠢ᠎ᠳ᠋ᠤᠨᠢ ᠬᠥᠳᠡᠭᠡ ᠲᠣᠰᠬᠣᠨ᠎ᠤ᠋ ᠡᠮᠴᠢᠯᠡᠭᠡᠨ᠎ᠦ᠌ ᠪᠠᠢᠭᠤᠯᠤᠮᠵᠢᠳ᠋ᠤ᠌ ᠬᠠᠷᠢᠭᠤ ᠲᠤᠰᠬᠠᠬᠤ ᠬᠡᠷᠡᠭᠲᠡᠢ᠃
○ ᠬᠥᠳᠡᠭᠡ ᠲᠣᠰᠬᠣᠨ᠎ᠤ ᠭᠠᠵᠠᠷ ᠣᠷᠣᠨ᠎ᠤ 80 ᠨᠠᠰᠤᠨ᠎ᠠᠴᠠ ᠳᠡᠭᠡᠭᠰᠢᠬᠢ ᠬᠥᠮᠥᠰ᠎ᠤᠨ ᠸᠠᠺᠼᠢᠨ᠎ᠤ ᠲᠠᠷᠢᠯᠭ᠎ᠠ ᠲᠠᠷᠢᠬᠤ ᠨᠣᠷᠮ᠎ᠠ᠎ᠶᠢ ᠲᠦᠷᠭᠡᠳᠬᠡᠨ ᠳᠡᠭᠡᠭᠰᠢᠯᠡᠭᠦᠯᠵᠦ᠂ 60 - 79 ᠨᠠᠰᠤᠨ᠎ᠤ ᠬᠥᠮᠥᠰ ᠪᠣᠯᠣᠨ ᠪᠤᠰᠤᠳ ᠨᠠᠰᠤᠨ᠎ᠤ ᠬᠥᠮᠥᠰ᠎ᠤᠨ ᠸᠠᠺᠼᠢᠨ᠎ᠤ ᠲᠠᠷᠢᠯᠭᠠᠲᠠᠷᠢᠬᠤ ᠨᠣᠷᠮ᠎ᠠ᠎ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ᠸᠠᠺᠼᠢᠨ᠎ᠤ ᠲᠠᠷᠢᠯᠭᠠᠲᠠᠷᠢᠬᠤ ᠡᠭᠦᠷᠭᠡ ᠵᠢ ᠤᠯᠤᠭᠰᠠᠨ ᠬᠦᠳᠡᠭᠡ ᠲᠤᠰᠬᠤᠨ᠎ᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ ᠨᠠᠰᠤᠳᠠᠢᠴᠤᠤᠨᠤᠨ ᠰᠠᠭᠠᠳ ᠦᠭᠡᠢ ᠨᠡᠪᠳᠡᠷᠡᠬᠦ ᠵᠠᠮ ᠪᠤᠶᠤ ᠰᠢᠯᠵᠢᠮᠡᠯ ᠸᠠᠺᠼᠢᠨ᠎ᠤ ᠲᠠᠷᠢᠯᠭᠠᠲᠠᠷᠢᠬᠤ ᠲᠡᠷᠭᠡ ᠵᠢ ᠬᠦᠳᠡᠭᠡ ᠪᠠᠭᠤᠯᠭᠠᠬᠤ ᠵᠡᠷᠭᠡ ᠠᠷᠭ᠎ᠠ ᠮᠠᠶᠢᠭ ᠵᠢᠡᠷ ᠲᠠᠮᠵᠢᠨ ᠬᠠᠮᠤᠭ᠎ᠤᠨ ᠶᠡᠬᠡ ᠬᠡᠮᠵᠢᠶ᠎ᠠ ᠪᠡᠷ ᠬᠦᠳᠡᠭᠡ ᠲᠤᠰᠬᠤᠨ᠎ᠤ ᠰᠠᠭᠤᠭᠠᠯᠢ ᠠᠷᠠᠳ ᠤᠨᠴᠠᠭᠠᠢᠯᠠᠨ ᠨᠠᠰᠤᠳᠠᠢᠴᠤᠤᠨᠤᠨ ᠸᠠᠺᠼᠢᠨ᠎ᠤ ᠲᠠᠷᠢᠯᠭᠠᠲᠠᠷᠢᠬᠤ ᠳ᠋ᠦ ᠲᠦᠭᠦᠮ ᠦᠵᠡᠭᠦᠯᠦᠨ᠎ᠠ᠃
○ ᠣᠷᠣᠨ ᠪᠦᠰᠡ᠎ᠶᠢᠨ ᠬᠢᠵᠢᠭ᠌᠎ᠦᠨ ᠪᠠᠢᠳᠠᠯ ᠪᠣᠯᠣᠨ ᠰᠠᠭᠤᠭᠠᠯᠢ ᠠᠷᠠᠳ᠎ᠤᠨ ᠬᠦᠰᠡᠯ ᠡᠷᠡᠮᠡᠯᠵᠡᠯ᠎ᠢ ᠦᠨᠳᠦᠰᠦᠯᠡᠨ᠂ ᠬᠥᠳᠡᠭᠡ ᠲᠣᠰᠬᠣᠨ᠎ᠤ ᠴᠤᠭᠯᠠᠭ᠎ᠠ ᠮᠠᠢᠮᠠᠢ᠂ ᠰᠦᠮ᠎ᠡ᠎ᠶᠢᠨ ᠬᠤᠷᠠᠯ᠂ ᠤᠷᠠᠨ ᠰᠠᠢᠬᠠᠨ᠎ᠤ ᠲᠣᠬ᠍ᠯᠠᠯᠲᠠ ᠵᠡᠷᠭᠡ ᠬᠤᠷᠠᠵᠤ ᠴᠤᠭᠯᠠᠷᠠᠬᠤ ᠴᠢᠨᠠᠷᠲᠠᠢ ᠠᠵᠢᠯᠯᠠᠭ᠎ᠠ᠎ᠶᠢᠨ ᠬᠡᠪᠴᠢᠶ᠎ᠡ ᠪᠣᠯᠣᠨ ᠤᠳᠠᠭ᠎ᠠ ᠳᠠᠷᠠᠭ᠎ᠠ᠎ᠵᠢ ᠲᠣᠬᠢᠷᠠᠭᠤᠯᠬᠤ ᠬᠡᠷᠡᠭᠲᠡᠢ᠃
○ᠰᠢᠨ᠎ᠡ ᠲᠢᠲᠢᠮᠯᠢᠭ ᠸᠢᠷᠦ᠋ᠰ᠎ᠦᠨ ᠬᠠᠯᠳᠠᠪᠤᠷᠢᠯᠠᠯ᠎ᠲᠠᠢ ᠬᠣᠯᠪᠣᠭᠳᠠᠬᠤ ᠡᠪᠡᠳᠴᠢᠨ᠎ᠦ ᠢᠯᠡᠷᠡᠯ ᠭᠠᠷᠤᠭᠰᠠᠨ ᠦᠨᠳᠦᠷ ᠲᠦᠭᠰᠢᠭᠦᠷᠢᠳᠠᠢ ᠬᠥᠮᠥᠰ ᠲᠸ᠋᠂ ᠰᠢᠶᠠᠩ ᠲᠣᠰᠬᠣᠨ᠎ᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ ᠨᠢ ᠸᠢᠷᠦ᠋ᠰ᠎ᠦᠨ ᠠᠨᠲ᠋ᠢᠪᠤᠳᠢ᠎ᠵᠢᠨ ᠤᠷᠪᠡᠯᠤᠨ ᠪᠠᠢᠴᠠᠭᠠᠨ ᠬᠡᠮᠵᠢᠯᠲᠡ ᠪᠠ ᠭᠡᠷ᠎ᠲᠡᠬᠡᠨ ᠰᠠᠭᠤᠵᠤ ᠡᠮᠨᠡᠨ ᠵᠠᠰᠠᠬᠤ᠎ᠶᠢ ᠴᠠᠭ ᠲᠤᠬᠠᠢ ᠳ᠋ᠤᠨᠢ ᠵᠢᠯᠤᠭᠣᠳᠴᠤ᠂ ᠡᠷᠡᠭᠦᠯ ᠮᠡᠨᠳᠦ᠎ᠶᠢᠨ ᠪᠠᠢᠳᠠᠯ᠎ᠢ ᠨᠢ ᠨᠢᠭ᠍ᠲᠠ ᠬᠢᠨᠠᠨ ᠬᠡᠮᠵᠢᠵᠦ᠂ ᠴᠢᠬᠤᠯᠠᠲᠠᠢ ᠪᠤᠯ ᠬᠠᠪᠰᠤᠷᠤᠨ ᠵᠢᠯᠤᠭᠣᠳᠴᠤ ᠪᠠᠢᠭᠠᠳ ᠰᠢᠯᠵᠢᠭᠦᠯᠦᠨ ᠣᠨᠣᠰᠢᠯᠠᠭᠤᠯᠬᠤ ᠬᠡᠷᠡᠭᠲᠡᠢ᠃
○ ᠰᠢᠶᠠᠩ ᠪᠠᠯᠭᠠᠰᠤᠨ᠎ᠤ ᠡᠷᠡᠭᠦᠯ ᠬᠠᠮᠠᠭᠠᠯᠠᠯ᠎ᠤᠨ ᠬᠣᠷᠢᠶ᠎ᠠ᠎ᠨᠤᠭᠤᠳ ᠭᠥᠯᠢᠶᠡᠨ ᠠᠪᠴᠤ ᠣᠨᠣᠰᠢᠯᠠᠬᠤ ᠤᠳᠠᠰᠤ ᠭᠠᠷᠭᠠᠬᠤ ᠵᠢᠨ ᠬᠠᠮᠳᠤ ᠨᠡᠢᠲᠡᠯᠡᠵᠦ᠂ ᠲᠣᠰᠬᠣᠨ᠎ᠤ ᠠᠷᠠᠳ᠎ᠤᠨ ᠵᠥᠪᠯᠡᠯ ᠪᠤᠶᠤ ᠲᠣᠰᠬᠣᠨ᠎ᠤ ᠡᠷᠡᠭᠦᠯ ᠬᠠᠮᠠᠭᠠᠯᠠᠯ᠎ᠤᠨ ᠲᠠᠰᠤᠭ᠎ᠢᠶᠠᠷ ᠳᠠᠮᠵᠢᠭᠤᠯᠤᠨ ᠬᠠᠷᠢᠶ᠎ᠠ ᠣᠷᠣᠨ᠎ᠤ ᠲᠣᠰᠬᠣᠨ᠎ᠤ ᠠᠷᠠᠳ᠎ᠲᠤ ᠮᠡᠳᠡᠭᠳᠡᠬᠦ᠎ᠶᠢᠨ ᠬᠠᠮᠲᠤ 24 ᠴᠠᠭ᠎ᠢᠶᠠᠷ ᠵᠢᠵᠢᠭᠦᠷᠯᠡᠬᠦ ᠳᠦᠷᠢᠮ᠎ᠢ ᠨᠠᠢᠳᠠᠪᠤᠷᠢᠵᠢᠭᠤᠯᠬᠤ ᠬᠡᠷᠡᠭᠲᠡᠢ᠃
○ ᠬᠥᠳᠡᠭᠡ ᠲᠣᠰᠬᠣᠨ᠎ᠤ ᠡᠮᠴᠢ ᠭᠡᠷ᠎ᠲᠡᠬᠡᠨ ᠰᠠᠭᠤᠵᠤ ᠠᠵᠢᠭ᠍ᠯᠠᠬᠤ ᠪᠠ ᠡᠮᠨᠡᠨ ᠵᠠᠰᠠᠬᠤ ᠭᠣᠣᠯᠳᠠᠯᠭ᠎ᠠ᠎ᠲᠠᠢ ᠬᠥᠮᠥᠰ᠎ᠲᠦ ᠡᠷᠡᠭᠦᠯ ᠮᠡᠨᠳᠦ᠎ᠶᠢᠨ ᠬᠥᠮᠦᠵᠢᠯ᠂ ᠡᠷᠡᠭᠦᠯ ᠮᠡᠨᠳᠦ᠎ᠶᠢᠨ ᠬᠢᠨᠠᠨ ᠬᠡᠮᠵᠢᠯᠲᠡ ᠬᠢᠬᠦ᠂ ᠬᠢᠲᠠᠳ ᠡᠮᠨᠡᠯᠭᠡ᠎ᠶᠢᠨ ᠬᠤᠪᠢᠰᠤᠩᠭᠤᠢ ᠠᠷᠭ᠎ᠠ᠂ ᠠᠸᠢᠷᠦ᠋ᠰᠦᠨ ᠠᠨᠲ᠋ᠢᠪᠤᠳᠢ᠎ᠵᠢᠨ ᠤᠷᠪᠡᠯᠤᠨ ᠪᠠᠢᠴᠠᠭᠠᠨ ᠬᠡᠮᠵᠢᠯᠲᠡ ᠪᠠ ᠡᠪᠡᠳᠴᠢᠨ ᠳ᠋ᠦ᠍ᠨᠢ ᠲᠣᠬᠢᠷᠠᠭᠤᠯᠤᠨ ᠡᠮ ᠬᠡᠷᠡᠭᠯᠡᠬᠦ ᠵᠡᠷᠭᠡ ᠦᠢᠯᠡᠴᠢᠯᠡᠭᠡ᠎ᠵᠢ ᠰᠠᠢᠲᠤᠷ ᠬᠢᠬᠦ ᠬᠡᠷᠡᠭᠲᠡᠢ᠃
○ᠳᠡᠭᠡᠳᠦ ᠱᠠᠲᠤᠨ᠎ᠤ ᠡᠮᠨᠡᠯᠭᠡ᠎ᠶᠢᠨ ᠬᠣᠷᠢᠶ᠎ᠠ ᠨᠢ ᠡᠮᠴᠢ ᠲᠣᠮᠢᠯᠠᠨ ᠰᠠᠭᠤᠯᠭᠠᠬᠤ᠂ ᠣᠢᠷ᠎ᠠ᠎ᠶᠢᠨ 5 ᠵᠢᠯ᠎ᠦᠨ ᠳᠣᠲᠣᠷ᠎ᠠ ᠠᠵᠢᠯ᠎ᠠᠴᠠ᠎ᠪᠠᠨ ᠠᠮᠠᠷᠠᠭᠰᠠᠨ ᠡᠮᠨᠡᠯᠭᠡ᠎ᠶᠢᠨ ᠠᠵᠢᠯᠲᠠᠨ᠎ᠢ ᠡᠯᠰᠡᠭᠦ ᠪᠠ ᠲᠦᠷ ᠴᠠᠭ ᠤᠷᠢᠭ᠍ᠰᠠᠳᠢ ᠨᠡᠮᠡᠭᠳᠡᠭᠦᠯᠬᠦ ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠤᠨ᠂ ᠰᠢᠶᠠᠩ ᠪᠠᠯᠭᠠᠰᠤ᠎ᠶᠢᠨ ᠡᠷᠡᠭᠦᠯ ᠬᠠᠮᠠᠭᠠᠯᠠᠯ᠎ᠤᠨ ᠬᠣᠷᠢᠶᠠᠨ᠎ᠤ ᠡᠮᠨᠡᠯᠭᠡ᠎ᠶᠢᠨ ᠠᠵᠢᠯᠲᠠᠨ᠎ᠤ ᠡᠩᠨᠡᠭᠡ᠎ᠶᠢ ᠲᠦᠷᠭᠡᠨ ᠥᠷᠭᠡᠳᠬᠡᠬᠦ ᠬᠡᠷᠡᠭᠲᠡᠢ᠃ ᠰᠢᠶᠠᠩ᠎ᠤᠨ ᠱᠠᠲᠤᠨ᠎ᠤ ᠡᠮᠨᠡᠯᠭᠡ᠎ᠶᠢᠨ ᠬᠣᠷᠢᠶ᠎ᠠ᠂ ᠰᠢᠶᠠᠩ ᠪᠠᠯᠭᠠᠰᠤ᠎ᠶᠢᠨ ᠡᠷᠡᠭᠦᠯ ᠬᠠᠮᠠᠭᠠᠯᠠᠯ᠎ᠤᠨ ᠬᠣᠷᠢᠶ᠎ᠠ ᠱᠠᠲᠤ ᠳᠠᠷᠠᠭᠠᠯᠠᠨ ᠡᠮᠨᠡᠯᠭᠡ ᠡᠷᠡᠭᠦᠯ ᠬᠠᠮᠠᠭᠠᠯᠠᠯ᠎ᠤᠨ ᠠᠵᠢᠯᠲᠠᠨ᠎ᠤ ᠱᠠᠲᠤᠯᠢᠭ᠋ ᠠᠩᠭᠢ ᠪᠠᠢᠭᠤᠯᠵᠤ᠂ ᠰᠢᠶᠠᠩ ᠪᠠᠯᠭᠠᠰᠤ᠎ᠶᠢᠨ ᠡᠷᠡᠭᠦᠯ ᠬᠠᠮᠠᠭᠠᠯᠠᠯ᠎ᠤᠨ ᠬᠣᠷᠢᠶ᠎ᠠ᠂ ᠲᠣᠰᠬᠣᠨ᠎ᠤ ᠡᠷᠡᠭᠦᠯ ᠬᠠᠮᠠᠭᠠᠯᠠᠯ᠎ᠤᠨ ᠲᠠᠰᠤᠭ᠎ᠤᠨ ᠡᠮᠨᠡᠯᠭᠡ᠎ᠶᠢᠨ ᠠᠵᠢᠯᠲᠠᠨ ᠲᠤᠲᠠᠭᠳᠠᠵᠤ ᠪᠠᠢᠪᠠᠯ᠂ ᠱᠠᠲᠤᠯᠢᠭ᠋ ᠠᠩᠭᠢ᠎ᠶᠢᠨ ᠠᠵᠢᠯᠲᠠᠳ᠎ᠢ ᠳᠠᠷᠤᠢ ᠲᠦᠷᠭᠡᠨ ᠴᠡᠭ᠌᠎ᠲᠦ ᠰᠠᠭᠤᠯᠭᠠᠬᠤ᠂ ᠲᠣᠭᠣᠷᠢᠨ ᠡᠮᠴᠢᠯᠡᠬᠦ ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠤᠨ ᠬᠣᠭᠣᠰᠤᠨ᠎ᠢ ᠨᠢ ᠨᠥᠬᠥᠪᠦᠷᠢᠯᠡᠵᠦ᠂ ᠰᠢᠶᠠᠩ ᠪᠠᠯᠭᠠᠰᠤ᠎ᠶᠢᠨ ᠡᠷᠡᠭᠦᠯ ᠬᠠᠮᠠᠭᠠᠯᠠᠯ᠎ᠤᠨ ᠬᠣᠷᠢᠶ᠎ᠠ᠂ ᠲᠣᠰᠬᠣᠨ᠎ᠤ ᠡᠷᠡᠭᠦᠯ ᠬᠠᠮᠠᠭᠠᠯᠠᠯ᠎ᠤᠨ ᠲᠠᠰᠤᠭ᠎ᠤᠨ ᠬᠡᠪ᠎ᠦᠨ ᠶᠣᠰᠣᠭᠠᠷ ᠡᠪᠡᠳᠴᠢᠨ ᠡᠭᠢᠯᠡᠭᠦᠯᠭᠦ᠎ᠶᠢ ᠦᠨᠡᠨ ᠬᠦ᠌ ᠪᠠᠲᠤᠯᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠦᠢᠯᠡᠴᠢᠯᠡᠭᠡᠨ᠎ᠤ ᠳᠠᠩᠰᠠ ᠡᠪᠬᠡᠮᠡᠯ ᠪᠠᠢᠭᠤᠯᠤᠨ᠎ᠠ᠃
○ᠬᠥᠳᠡᠭᠡ ᠲᠣᠰᠬᠣᠨ᠎ᠤ ᠭᠠᠵᠠᠷ ᠣᠷᠣᠨ᠎ᠤ ᠰᠢᠨᠡᠲᠢᠲᠢᠮᠯᠢᠭ᠌ ᠠᠭᠤᠰᠬᠢᠨ ᠦᠷᠪᠢᠰᠦᠯ᠎ᠢ ᠡᠮᠨᠡᠨ ᠵᠠᠰᠠᠬᠤ ᠡᠮ᠎ᠦᠨ ᠵᠦᠢᠯᠡᠰ ᠪᠣᠯᠣᠨ ᠸᠢᠷᠦ᠋ᠰ᠎ᠤᠨ ᠠᠨᠲ᠋ᠢᠪᠤᠳᠢ᠎ᠵᠢᠨ ᠤᠷᠪᠡᠯᠤᠨ ᠪᠠᠢᠴᠠᠭᠠᠨ ᠬᠡᠮᠵᠢᠯᠲᠡ ᠵᠢᠨ ᠤᠷᠪᠡᠯ ᠬᠠᠩᠭᠠᠬᠤ ᠡᠷᠴᠢᠮ᠎ᠢ ᠨᠡᠮᠡᠭᠳᠡᠭᠦᠯᠵᠦ᠂ ᠬᠥᠳᠡᠭᠡ ᠲᠣᠰᠬᠣᠨ᠎ᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠂ ᠡᠮ᠎ᠦᠨ ᠳᠡᠯᠭᠡᠭᠦᠷᠦᠳ ᠬᠢᠲᠠᠳ ᠡᠮ᠂ ᠬᠠᠯᠠᠭᠤᠨ᠎ᠢ ᠠᠷᠢᠯᠭᠠᠬᠤ ᠪᠠ ᠬᠠᠨᠢᠶᠠᠬᠤ᠎ᠶᠢ ᠵᠣᠭᠰᠤᠭᠠᠬᠤ ᠵᠡᠷᠭᠡ ᠡᠪᠡᠳᠴᠢᠨ ᠳ᠋ᠦ᠍ᠨᠢ ᠲᠣᠬᠢᠷᠠᠭᠤᠯᠤᠨ ᠡᠮᠨᠡᠨ ᠵᠠᠰᠠᠬᠤ ᠡᠮ᠎ᠦᠨ ᠵᠦᠢᠯᠡᠰ᠂ ᠸᠢᠷᠦ᠋ᠰ᠎ᠤᠨ ᠠᠨᠲ᠋ᠢᠪᠤᠳᠢ᠎ᠵᠢᠨ ᠤᠷᠪᠡᠯᠤᠨ ᠪᠠᠢᠴᠠᠭᠠᠨ ᠬᠡᠮᠵᠢᠯᠲᠡ ᠵᠢᠨ ᠤᠷᠪᠡᠯᠵᠢ ᠵᠢ ᠨᠥᠭᠡᠴᠡᠯᠡᠬᠦ᠎ᠶᠢ ᠴᠢᠩᠭᠠᠳᠬᠠᠵᠤ᠂ ᠰᠢᠶᠠᠩ ᠪᠠᠯᠭᠠᠰᠤᠨ᠎ᠤ ᠡᠷᠡᠭᠦᠯ ᠬᠠᠮᠠᠭᠠᠯᠠᠯ᠎ᠤᠨ ᠬᠣᠷᠢᠶ᠎ᠠ᠂ ᠲᠣᠰᠬᠣᠨ᠎ᠤ ᠡᠷᠡᠭᠦᠯ ᠬᠠᠮᠠᠭᠠᠯᠠᠯ᠎ᠤᠨ ᠬᠣᠷᠢᠶ᠎ᠠ᠎ᠨᠤᠭᠤᠳ ᠦᠢᠯᠡᠴᠢᠯᠡᠬᠦ ᠬᠥᠮᠥᠨ ᠠᠮᠠ᠎ᠶᠢᠨ 15% ︱ 20% ᠵᠢᠨ ᠬᠥᠮᠥᠨ ᠠᠮᠠ᠎ᠶᠢᠨ ᠬᠥᠳᠡᠯᠦᠡᠭᠭᠦᠢ ᠪᠠᠢᠳᠠᠯ᠎ᠢᠶᠠᠷ ᠨᠥᠭᠡᠴᠡᠯᠡᠵᠦ᠂ ᠬᠥᠮᠥᠨ ᠠᠮᠠ ᠨᠢᠭ᠍ᠲᠠ ᠪᠠᠢᠭ᠎ᠠ ᠭᠠᠵᠠᠷ ᠣᠷᠣᠨ᠎ᠤ ᠪᠠᠢᠳᠠᠯ᠎ᠢ ᠨᠢ ᠦᠵᠡᠵᠦ ᠪᠠᠢᠭᠠᠳ ᠨᠡᠮᠡᠭᠳᠡᠭᠦᠯᠬᠦ ᠬᠡᠷᠡᠭᠲᠡᠢ᠃
○ᠬᠢᠲᠠᠳ ᠡᠮ᠎ᠦ᠋ᠨ ᠬᠡᠷᠡᠭᠯᠡᠯᠲᠡ᠎ᠶ᠋ᠢ ᠴᠢᠩᠭᠠᠷᠠᠭᠤᠯᠤᠨ᠂ ᠨᠥᠬᠥᠴᠡᠯᠲᠡᠢ ᠭᠠᠵᠠᠷ ᠣᠷᠣᠨ ᠨᠢ ᠵᠣᠬᠢᠬᠤ ᠡᠮ᠎ᠦ᠋ᠨ ᠵᠦᠢᠯᠡᠰ᠂ ᠸᠢᠷᠦ᠋ᠰ᠎ᠤᠨ ᠠᠨᠲ᠋ᠢᠪᠤᠳᠢ᠎ᠵᠢᠨ ᠤᠷᠪᠡᠯᠤᠨ ᠪᠠᠢᠴᠠᠭᠠᠨ ᠬᠡᠮᠵᠢᠯᠲᠡ ᠵᠢᠨ ᠤᠷᠪᠠᠯᠵᠢ᠎ᠵᠢ ᠲᠣᠬᠢᠷᠠᠭᠤᠯᠤᠨ ᠨᠥᠭᠡᠴᠡᠯᠡᠵᠦ᠂ ᠬᠥᠳᠡᠭᠡ ᠲᠣᠰᠬᠣᠨ᠎ᠤ᠋ ᠦᠨᠳᠦᠷ ᠲᠦᠭᠰᠢᠭᠦᠷᠢᠲᠡᠢ ᠪᠠ ᠭᠣᠣᠯᠳᠠᠯᠭ᠎ᠠ᠎ᠲᠠᠢ ᠬᠥᠮᠦᠰ᠎ᠲᠦ᠍ ᠣᠯᠭᠣᠨ᠎ᠠ᠃
○ ᠬᠥᠳᠡᠭᠡ ᠲᠣᠰᠬᠣᠨ᠎ᠤ᠋ ᠨᠢᠭᠡᠳᠦᠭᠡᠷ ᠹᠷᠣᠨᠲ᠎ᠤ᠋ᠨ ᠰᠡᠷᠭᠡᠢᠯᠡᠨ ᠡᠵᠡᠮᠳᠡᠬᠦ ᠬᠥᠮᠦᠰ ᠪᠠ ᠡᠮᠨᠡᠯᠭᠡ᠎ᠶ᠋ᠢᠨ ᠠᠵᠢᠯᠲᠠᠳ᠎ᠤ᠋ᠨ ᠪᠡᠶ᠎ᠡ ᠰᠡᠳᠬᠢᠴᠡ᠎ᠶ᠋ᠢᠨ ᠡᠷᠡᠭᠦᠯ ᠮᠡᠨᠳᠦ᠎ᠶ᠋ᠢ ᠬᠠᠯᠠᠮᠵᠢᠯᠠᠵᠤ᠂ ᠰᠢᠨᠵᠢᠯᠡᠬᠦ ᠤᠬᠠᠭᠠᠨᠴᠢ᠎ᠪᠠᠷ ᠡᠭᠡᠯᠵᠢ ᠳᠠᠷᠠᠭᠠᠯᠠᠨ ᠠᠮᠠᠷᠠᠬᠤ ᠪᠠ ᠨᠥᠭᠥᠪᠦᠷᠢᠯᠡᠬᠦ ᠵᠢ ᠳᠤᠬᠢᠷᠠᠭᠤᠯᠵᠤ᠂ ᠤᠷᠲᠤ ᠬᠤᠭᠤᠴᠠᠭ᠎ᠠ᠎ᠪᠠᠷ ᠠᠵᠢᠯᠯᠠᠬᠤ᠎ᠶ᠋ᠢ ᠠᠯᠢ ᠴᠢᠳᠠᠬᠤ᠎ᠪᠠᠷ ᠪᠠᠭᠠᠰᠬᠠᠬᠤ ᠪᠤᠶᠤ ᠵᠠᠢᠯᠠᠰᠬᠢᠨ᠎ᠡ᠃
ᠢᠷᠡᠯᠲᠡ ᠄ ᠲᠥᠪ ᠲᠧᠯᠸᠢᠰ᠎ᠦ᠋ᠨ ᠰᠣᠨᠢᠨ ᠮᠡᠳᠡᠭᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃