2022-12-24 14:40:52
ᠣᠢᠷ᠎ᠠ᠎ᠳᠤ ᠂ ᠱᠢᠨ᠎ᠡ ᠲᠢᠲᠢᠮᠯᠢᠭᠠᠭᠤᠰᠭᠢᠨ ᠦᠷᠪᠢᠰᠦᠯ᠎ᠢ ᠱᠠᠳᠤ ᠬᠤᠪᠢᠶᠠᠨ ᠤᠨᠤᠰᠢᠯᠠᠨ ᠡᠮᠨᠡᠬᠦ᠌ ᠠᠵᠢᠯ᠎ᠢ ᠰᠠᠢᠲᠤᠷ ᠬᠢᠬᠦ᠌᠎ᠶ᠋ᠢᠨ ᠲᠥᠯᠥᠭᠡ ᠂ ᠬᠥᠬᠡᠬᠣᠲᠠ᠎ᠶ᠋ᠢᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ《ᠡᠷᠡᠭᠦᠯ ᠮᠡᠨᠳᠦ᠍᠎ᠶ᠋ᠢ ᠬᠢᠨᠠᠨ ᠬᠡᠮᠵᠢᠬᠦ᠌ ᠂ ᠲᠥᠷᠥᠯ ᠬᠤᠪᠢᠶᠠᠨ ᠬᠠᠮᠢᠶᠠᠷᠬᠤ ᠂ ᠳᠡᠭᠡᠷ᠎ᠡ ᠳᠣᠣᠷ᠎ᠠ ᠱᠠᠲᠤ ᠬᠣᠯᠪᠣᠭᠠᠯᠠᠨ ᠬᠥᠳᠡᠯᠦᠯᠴᠡᠬᠦ᠌ ᠂ ᠪᠦᠲᠦᠮᠵᠢᠲᠡᠶ ᠠᠪᠤᠷᠠᠨ ᠡᠮᠨᠡᠬᠦ》ᠵᠠᠷᠴᠢᠮ ᠶᠣᠰᠣᠭᠠᠷ ᠂ ᠣᠷᠣᠨ ᠪᠦᠰᠡ᠎ᠶ᠋ᠢᠨ ᠡᠮᠴᠢᠯᠡᠭᠡᠨ᠎ᠦ ᠡᠬᠢ ᠪᠠᠶᠠᠯᠢᠭ᠎ᠢ ᠱᠢᠨᠵᠢᠯᠡᠬᠦ᠌ ᠤᠬᠠᠭᠠᠨᠴᠢ᠎ᠪᠠᠷ ᠨᠢᠭᠡᠳᠦᠯᠲᠡᠶ ᠲᠥᠯᠥᠪᠵᠢᠬᠦᠯᠵᠦ᠍ ᠂ ᠲᠤᠤᠷᠵᠢᠬᠰᠠᠨ ᠪᠠᠢᠷᠢᠱᠢᠭᠤᠯᠤᠯᠲᠠ᠎ᠶ᠋ᠢᠨ ᠡᠮᠴᠢᠯᠡᠭᠡᠨ᠎ᠦ ᠬᠣᠯᠪᠣᠭᠠᠲᠤ ᠴᠣᠭ᠍ᠴᠠ᠎ᠪᠠᠷ ᠠᠴᠢᠶᠠᠯᠠᠪᠤᠷᠢ ᠪᠣᠯᠭᠠᠨ ᠂ ᠲᠣᠭ᠍ᠲᠠᠭ᠍ᠰᠠᠨ ᠴᠡᠭ᠎ᠦᠨ ᠡᠮᠨᠡᠯᠭᠡ᠎ᠶ᠋ᠢᠨ ᠬᠣᠷᠢᠶ᠎ᠠ ᠂ ᠡᠮᠴᠢᠯᠡᠭᠡᠨ᠎ᠦ ᠬᠣᠯᠪᠣᠭᠠᠲᠤ ᠴᠣᠭ᠍ᠴᠠ ᠂ ᠡᠮᠴᠢᠯᠡᠭᠡᠨ᠎ᠦ ᠬᠠᠮᠲᠤ᠎ᠶ᠋ᠢᠨ ᠴᠣᠭ᠍ᠴᠠ᠎ᠶ᠋ᠢᠨ ᠬᠣᠭᠣᠷᠣᠨᠳᠣᠬᠢ ᠱᠢᠯᠵᠢᠭᠦᠯᠦᠨ ᠡᠮᠨᠡᠬᠦ ᠲᠣᠭ᠍ᠲᠠᠴᠠ᠎ᠶ᠋ᠢ ᠲᠡᠭᠦᠯᠳᠡᠷᠵᠢᠭᠦᠯᠵᠦ᠍ ᠂ ᠡᠮᠴᠢᠯᠡᠭᠡᠨ᠎ᠦ ᠦᠶ᠋ᠯᠡᠴᠢᠯᠡᠭᠡᠨ᠎ᠦ ᠦᠷ᠎ᠡ ᠪᠦᠲᠦᠮᠵᠢ ᠪᠠ ᠦᠷᠭᠦᠯᠵᠢᠯᠡᠬᠦ᠌ ᠴᠢᠨᠠᠷ᠎ᠢ ᠳᠡᠭᠡᠭ᠌ᠰᠢᠯᠡᠭᠦᠯᠦᠨ ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠠᠮᠢᠶ᠎ᠠ ᠪᠥᠬᠥᠶ ᠡᠪᠡᠳᠴᠢᠨ᠎ᠦ ᠢᠯᠡᠷᠡᠯ᠎ᠲᠡᠶ ᠡᠪᠡᠳᠴᠢᠲᠡᠨ᠎ᠢ ᠱᠠᠳᠤ ᠬᠤᠪᠢᠶᠠᠨ ᠣᠨᠣᠱᠢᠯᠠᠨ ᠡᠮᠨᠡᠬᠦ᠌ ᠦᠶ᠋ᠯᠡᠴᠢᠯᠡᠭᠡᠨ᠎ᠦ ᠲᠣᠸ᠋ᠷ ᠢ᠋ ᠪᠥᠬᠥ᠌ ᠬᠦᠴᠦᠨ᠎ᠢᠶᠡᠷ᠎ᠢᠶᠡᠨ ᠪᠠᠢᠭᠤᠯᠪᠠ᠃
ᠣᠢᠯᠠᠭᠠᠭ᠍ᠰᠠᠨ᠎ᠢᠶᠠᠷ᠂《ᠬᠥᠬᠡᠬᠣᠲᠠ ᠶ᠋ᠢᠨ ᠡᠮᠴᠢᠯᠡᠭᠡᠨ ᠦ ᠬᠣᠯᠪᠣᠭᠠᠲᠤ ᠴᠣᠭ᠍ᠴᠠ᠎ᠶ᠋ᠢᠨ ᠪᠦᠲᠦᠭᠡᠨ ᠪᠠᠢᠭᠤᠯᠤᠯᠲᠠ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠵᠢᠭᠦᠯᠬᠦ᠌ ᠲᠥᠰᠦᠯ᠎ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭ᠌ᠳᠡᠯ》᠎ᠢ ᠦᠨᠳᠦᠰᠦᠯᠡᠪᠡᠯ ᠂ ᠣᠳᠣ ᠵᠢᠨ ᠪᠠᠢᠭ᠎ᠠ ᠡᠮᠴᠢᠯᠡᠭᠡᠨ᠎ᠦ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠬᠦᠯᠵᠦ᠂ ᠡᠮᠴᠢᠯᠡᠭᠡᠨ ᠤ᠋ ᠬᠣᠯᠪᠣᠭᠠᠲᠤ ᠴᠣᠭ᠍ᠴᠠ᠎ᠶ᠋ᠢ ᠲᠣᠣᠷᠵᠢᠭᠤᠯᠤᠨ ᠪᠠᠢᠷᠢᠱᠢᠭᠤᠯᠬᠤ ᠵᠢᠨ ᠲᠦᠯᠦᠭᠡ ᠂ ᠬᠥᠬᠡᠬᠣᠲᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠤ ᠠᠷᠠᠳ᠎ᠤᠨ ᠡᠮᠨᠡᠯᠭᠡ᠎ᠶ᠋ᠢᠨ ᠬᠣᠷᠢᠶ᠎ᠠ ᠂ ᠥᠪᠥᠷ ᠮᠣᠩᠭᠣᠯ᠎ᠤᠨ ᠳᠥᠷᠪᠡᠳᠦᠭᠡᠷ ᠡᠮᠨᠡᠯᠭᠡ᠎ᠶ᠋ᠢᠨ ᠬᠣᠷᠢᠶ᠎ᠠ (ᠱᠢᠨ᠎ᠡ ᠬᠣᠲᠠ ᠲᠣᠭᠣᠷᠢᠭ ᠂ ᠰᠠᠢᠬᠠᠨ ᠲᠣᠭᠣᠷᠢᠭ ᠂ ᠬᠤᠷᠢᠨᠭᠡᠷ ᠱᠢᠶᠠᠨ᠎ᠢ ᠬᠠᠮᠤᠷᠤᠨ᠎ᠠ ) ᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠦ ᠶᠡᠬᠡ ᠰᠤᠷᠭᠠᠭᠤᠯᠢ᠎ᠶ᠋ᠢᠨ ᠬᠠᠷᠢᠶᠠᠲᠤ ᠡᠮᠨᠡᠯᠭᠡ᠎ᠶ᠋ᠢᠨ ᠬᠣᠷᠢᠶ᠎ᠠ (ᠬᠣᠲᠣᠩ ᠠᠷᠠᠳ᠎ᠤᠨ ᠲᠣᠭᠣᠷᠢᠭ ᠂ ᠲᠦᠮᠡᠳ ᠵᠡᠭᠦᠨ ᠬᠣᠱᠢᠭᠤ ᠂ ᠦᠴᠤᠸᠠᠨ ᠱᠢᠶᠠᠨ᠎ᠢ ᠬᠠᠮᠤᠷᠤᠨ᠎ᠠ ) ᠪᠣᠯᠤᠨ ᠬᠥᠬᠡᠬᠣᠲᠠ᠎ᠶ᠋ᠢᠨ ᠨᠢᠭᠡᠳᠦᠭᠡᠷ ᠡᠮᠨᠡᠯᠭᠡ᠎ᠶ᠋ᠢᠨ ᠬᠣᠷᠢᠶ᠎ᠠ (ᠢᠤᠢᠴᠢᠤᠸᠠᠨ ᠲᠣᠭᠣᠷᠢᠭ ᠂ ᠲᠣᠭ᠍ᠲᠠᠬᠤ ᠱᠢᠶᠠᠨ ᠂ ᠴᠢᠩ ᠱᠦᠶ ᠾᠧ ᠱᠢᠶᠠᠨ᠎ᠢ ᠬᠠᠮᠤᠷᠤᠨ᠎ᠠ) ᠪᠠᠷ ᠡᠮᠴᠢᠯᠡᠭᠡᠨ᠎ᠦ ᠪᠦᠯᠦᠭ᠌ᠯᠡᠯ ᠪᠠᠢᠭᠤᠯᠵᠤ ᠂ ᠡᠯ᠎ᠡ ᠬᠣᠱᠢᠭᠤ ᠱᠢᠶᠠᠨ ᠲᠣᠭᠣᠷᠢᠭ᠎ᠤᠨ ᠪᠣᠶ ᠪᠥᠬᠥᠶ ᠬᠣᠶᠠᠳᠤᠭᠠᠷ ᠳᠡᠰ᠎ᠤᠨ ᠡᠮᠨᠡᠯᠭᠡ᠎ᠶ᠋ᠢᠨ ᠬᠣᠷᠢᠶ᠎ᠠ᠎ᠶ᠋ᠢ ᠪᠦᠬᠦᠨ᠎ᠢ ᠡᠮᠴᠢᠯᠡᠭᠡᠨ᠎ᠦ ᠪᠦᠯᠦᠭ᠌ᠯᠡᠯ᠎ᠳᠦ ᠣᠷᠣᠭᠤᠯᠵᠤ ᠂ ᠡᠯ᠎ᠡ ᠬᠣᠱᠢᠭᠤ ᠱᠢᠶᠠᠨ ᠲᠣᠭᠣᠷᠢᠭ᠎ᠤᠨ ᠰᠠᠴᠤᠷᠠᠭ ᠬᠢᠮᠢ᠎ᠶ᠋ᠢᠨ ᠵᠠᠰᠠᠯ ᠂ ᠬᠦᠨᠳᠦ ᠲᠦᠭ᠌ᠰᠢᠭᠦᠷᠢᠲᠡᠶ ᠵᠢᠷᠮᠦᠰᠦᠨ ᠡᠮᠡᠭ᠌ᠲᠡᠶ ᠂ ᠪᠠᠴᠢᠮ ᠲᠦᠭ᠌ᠰᠢᠭᠦᠷᠢᠲᠡᠶ ᠬᠦᠨᠳᠦ ᠱᠢᠨ᠎ᠡ ᠲᠢᠳᠢᠮᠯᠢᠭ ᠠᠭᠤᠰᠬᠢᠨ ᠦᠷᠪᠢᠰᠦᠯ ᠳ᠋ᠤ ᠬᠠᠯᠳᠠᠪᠤᠷᠢᠯᠠᠭ᠍ᠰᠠᠳ ᠢ ᠪᠥᠬᠥ᠌ ᠲᠠᠯ᠎ᠠ᠎ᠪᠠᠷ ᠬᠠᠮᠢᠶᠠᠷᠤᠯᠲᠠ᠎ᠳᠤ ᠣᠷᠣᠭᠤᠯᠬᠤ᠎ᠶ᠋ᠢ ᠬᠠᠷᠢᠭᠤᠴᠠᠨ᠎ᠠ ᠃
ᠪᠥᠬᠥ᠌ ᠬᠣᠲᠠ᠎ᠶ᠋ᠢᠨ ᠡᠯ᠎ᠡ ᠬᠣᠱᠢᠭᠤ ᠱᠢᠶᠠᠨ ᠲᠣᠭᠣᠷᠢᠭ᠎ᠤᠨ ᠡᠮᠨᠡᠯᠭᠡ᠎ᠶ᠋ᠢᠨ ᠬᠣᠷᠢᠶ᠎ᠠ (ᠬᠢᠲᠠᠳ ᠮᠣᠩᠭᠣᠯ ᠤᠨ ᠡᠮᠨᠡᠯᠭᠡ ᠶ᠋ᠢᠨ ᠬᠣᠷᠢᠶ᠎ᠠ ᠵᠢ ᠪᠠᠭ᠍ᠲᠠᠭᠠᠨ᠎ᠠ) ᠪᠠᠷ ᠲᠦᠷᠦᠭᠦᠯᠡᠭᠦᠯᠦᠨ᠂ ᠡᠯ᠎ᠡ ᠨᠡᠢᠭᠡᠮ ᠲᠣᠭᠣᠷᠢᠭ ᠤᠨ ᠡᠷᠡᠭᠦᠯ ᠬᠠᠮᠠᠭᠠᠯᠠᠯ᠎ᠤᠨ ᠦᠶ᠋ᠯᠡᠴᠢᠯᠡᠭᠡᠨ᠎ᠦ ᠲᠥᠪ ᠪᠠ ᠱᠢᠶᠠᠩ ᠪᠠᠯᠭᠠᠰᠤ᠎ᠶ᠋ᠢᠨ ᠡᠷᠡᠭᠦᠯ ᠬᠠᠮᠠᠭᠠᠯᠠᠯ᠎ᠤᠨ ᠬᠣᠷᠢᠶ᠎ᠠ᠎ᠪᠠᠷ ᠬᠦᠶ᠋ᠰᠦ ᠪᠣᠯᠭᠠᠨ᠂ ᠨᠡᠢᠭᠡᠮ ᠲᠣᠭᠣᠷᠢᠭ᠎ᠤᠨ ᠡᠷᠡᠭᠦᠯ ᠬᠠᠮᠠᠭᠠᠯᠠᠯ᠎ᠤᠨ ᠦᠶ᠋ᠯᠡᠴᠢᠯᠡᠭᠡᠨ᠎ᠦ ᠥᠷᠲᠡᠭᠡ ᠪᠠ ᠲᠣᠰᠭᠣᠨ᠎ᠤ ᠡᠷᠡᠭᠦᠯ ᠬᠠᠮᠠᠭᠠᠯᠠᠯ᠎ᠤᠨ ᠲᠠᠰᠤᠭ᠎ᠢᠶᠠᠷ ᠰᠠᠭᠤᠷᠢ ᠪᠣᠯᠭᠠᠨ ᠂ 9 ᠱᠢᠶᠠᠨ᠎ᠤ ᠬᠡᠪᠴᠢᠶᠡᠨ᠎ᠦ ᠡᠮᠨᠡᠯᠭᠡ᠎ᠶ᠋ᠢᠨ ᠬᠠᠮᠲᠤ᠎ᠶ᠋ᠢᠨ ᠴᠣᠭ᠍ᠴᠠ᠎ᠶ᠋ᠢ ᠪᠦᠷᠢᠯᠳᠦᠭᠦᠯᠦᠨ᠎ᠡ᠃ ᠡᠯ᠎ᠡ ᠬᠣᠱᠢᠭᠤ ᠱᠢᠶᠠᠨ ᠲᠣᠭᠣᠷᠢᠭ᠎ᠤᠨ ᠡᠮᠨᠡᠯᠭᠡ᠎ᠶ᠋ᠢᠨ ᠬᠣᠷᠢᠶ᠎ᠠ (ᠬᠢᠲᠠᠳ ᠮᠣᠩᠭᠣᠯ᠎ᠤᠨ ᠡᠮᠨᠡᠯᠭᠡ᠎ᠶ᠋ᠢᠨ ᠬᠣᠷᠢᠶ᠎ᠠ᠎ᠶ᠋ᠢ ᠪᠠᠭ᠍ᠲᠠᠭᠠᠨ᠎ᠠ) ᠨᠢ ᠡᠯ᠎ᠡ ᠦᠨᠳᠦᠰᠦᠨ ᠱᠠᠲᠤᠨ᠎ᠤ ᠡᠮᠴᠢᠯᠡᠭᠡᠨ᠎ᠦ ᠪᠠᠢᠭᠤᠯᠤᠮᠵᠢ ᠶ᠋ᠢᠨ ᠱᠢᠯᠵᠢᠭᠦᠯᠦᠭᠰᠡᠨ ᠰᠠᠭᠤᠷᠢ ᠡᠪᠡᠳᠴᠢᠨ᠎ᠲᠡᠶ ᠱᠢᠨ᠎ᠡ ᠲᠢᠲᠢᠮᠯᠢᠭ ᠠᠭᠤᠰᠬᠢᠨ ᠦᠷᠪᠢᠰᠦᠯ ᠤ᠋ᠨ ᠡᠪᠡᠳᠴᠢᠲᠡᠨ᠎ᠢ ᠭᠥᠯᠢᠶᠡᠨ ᠠᠪᠬᠤ᠎ᠶ᠋ᠢ ᠬᠠᠷᠢᠭᠤᠴᠠᠨ᠎ᠠ ᠃ ᠲᠣᠰ ᠪᠡᠶ᠎ᠡ᠎ᠶ᠋ᠢᠨ ᠣᠨᠣᠱᠢᠯᠠᠨ ᠡᠮᠨᠡᠬᠦ᠌ ᠴᠢᠳᠠᠪᠤᠷᠢ ᠡᠴᠠ᠎ᠪᠠᠨ ᠬᠡᠲᠦᠷᠡᠭ᠌ᠰᠡᠨ ᠡᠪᠡᠳᠴᠢᠲᠡᠨ ᠪᠠ ᠬᠦᠨᠳᠦ (ᠲᠦᠭᠰᠢᠬᠦᠷᠢᠳᠡᠢ)ᠡᠪᠡᠳᠴᠢᠨ ᠵᠡᠷᠭᠡ ᠱᠢᠨ᠎ᠡ ᠲᠢᠲᠢᠮᠯᠢᠭ ᠠᠭᠤᠰᠬᠢᠨ ᠦᠷᠪᠢᠰᠦᠯ ᠳ᠋ᠤ ᠬᠠᠯᠳᠠᠪᠤᠷᠢᠯᠠᠭ᠍ᠰᠠᠳ᠎ᠢ ᠡᠮᠴᠢᠯᠡᠭᠡᠨ᠎ᠦ ᠬᠣᠯᠪᠣᠭ᠎ᠠ᠎ᠳᠤ ᠴᠤᠬᠴᠠ ᠵᠢᠨ ᠳᠡᠭᠡᠷ᠎ᠡ ᠱᠠᠲᠤᠨ᠎ᠤ ᠡᠮᠨᠡᠯᠭᠡ᠎ᠶ᠋ᠢᠨ ᠬᠣᠷᠢᠶ᠎ᠠ᠎ᠳᠤ ᠱᠢᠯᠵᠢᠭᠦᠯᠦᠨᠠ᠃
ᠡᠯ᠎ᠡ ᠨᠡᠢᠭᠡᠮ ᠲᠣᠭᠣᠷᠢᠭ ᠤ᠋ᠨ ᠡᠷᠡᠭᠦᠯ ᠬᠠᠮᠠᠭᠠᠯᠠᠯ ᠤ᠋ᠨ ᠦᠢᠯᠡᠴᠢᠯᠡᠭᠡᠨ ᠤ᠋ ᠲᠥᠪ᠂ ᠱᠢᠶᠠᠩ ᠪᠠᠯᠭᠠᠰᠤ ᠵᠢᠨ ᠡᠷᠡᠭᠦᠯ ᠬᠠᠮᠠᠭᠠᠯᠠᠯ ᠤ᠋ᠨ ᠬᠣᠷᠢᠶ᠎ᠠ᠂ ᠨᠡᠢᠭᠡᠮ ᠲᠣᠭᠣᠷᠢᠭ ᠤ᠋ᠨ ᠡᠷᠡᠭᠦᠯ ᠬᠠᠮᠠᠭᠠᠯᠠᠯ ᠤ᠋ᠨ ᠦᠢᠯᠡᠴᠢᠯᠡᠭᠡᠨ ᠤ᠋ ᠦᠷᠲᠡᠭᠡ ᠪᠣᠯᠤᠨ ᠲᠣᠰᠭᠣᠨ ᠤ᠋ ᠡᠷᠡᠭᠦᠯ ᠬᠠᠮᠠᠭᠠᠯᠠᠯ ᠤ᠋ᠨ ᠲᠠᠰᠤᠭ ᠨᠢ ᠬᠠᠷᠢᠶ᠎ᠠ ᠣᠷᠣᠨ ᠳ᠋ᠠᠭᠠᠨ ᠬᠠᠯᠠᠭᠤᠷᠠᠵᠤ ᠪᠠᠢᠭ᠎ᠠ ᠡᠪᠡᠳᠴᠢᠲᠡᠨ ᠢ᠋ ᠠᠩᠬ᠎ᠠ ᠣᠨᠣᠱᠢᠯᠠᠬᠤ ᠪᠠ ᠱᠢᠨ᠎ᠡ ᠲᠢᠲᠢᠮᠯᠢᠭ ᠠᠭᠤᠰᠬᠢᠨ ᠦᠷᠪᠢᠰᠦᠯ ᠤ᠋ᠨ ᠡᠪᠡᠳᠴᠢᠲᠡᠨ ᠤ᠋ ᠬᠥᠨᠭ᠌ᠭᠡᠨ ᠬᠡᠯᠪᠡᠷᠢ᠂ ᠡᠩ ᠤ᠋ᠨ ᠬᠡᠯᠪᠡᠷᠢ ᠵᠢᠴᠢ ᠡᠪᠡᠳᠴᠢᠨ ᠤ᠋ ᠢᠯᠡᠷᠡᠯ ᠥᠭᠡᠢ ᠬᠠᠯᠳᠠᠪᠤᠷᠢᠯᠠᠭ᠍ᠰᠠᠳ ᠢ᠋ ᠭᠡᠷ ᠲᠡᠭᠡᠨ ᠰᠠᠭᠤᠵᠤ ᠡᠮᠨᠡᠬᠦ ᠵᠢ ᠬᠠᠮᠢᠶᠠᠷᠤᠨ ᠬᠠᠷᠢᠭᠤᠴᠠᠨ᠎ᠠ᠃ ᠲᠣᠰ ᠪᠡᠶ᠎ᠡ᠎ᠶ᠋ᠢᠨ ᠣᠨᠣᠱᠢᠯᠠᠨ ᠡᠮᠨᠡᠬᠦ᠌ ᠴᠢᠳᠠᠪᠤᠷᠢ ᠡᠴᠠ᠎ᠪᠠᠨ ᠬᠡᠲᠦᠷᠡᠭ᠌ᠰᠡᠨ ᠰᠠᠭᠤᠷᠢ ᠡᠪᠡᠳᠴᠢᠨ᠎ᠲᠡᠶ ᠵᠡᠷᠭᠡ ᠪᠠᠢᠳᠠᠯ᠎ᠲᠠᠶ ᠱᠢᠨᠡᠲᠢᠲᠢᠮᠯᠢᠭ ᠠᠭᠤᠰᠬᠢᠨ ᠦᠷᠪᠢᠰᠦᠯ ᠤ᠋ᠨ ᠬᠠᠯᠳᠠᠪᠤᠷᠢᠯᠠᠭ᠍ᠰᠠᠳ᠎ᠢ ᠡᠯ᠎ᠡ ᠬᠣᠱᠢᠭᠤ ᠱᠢᠶᠠᠨ ᠲᠣᠭᠣᠷᠢᠭ᠎ᠤᠨ ᠡᠮᠨᠡᠯᠭᠡ᠎ᠶ᠋ᠢᠨ ᠬᠣᠷᠢᠶ᠎ᠠ᠎ᠳᠤ ᠱᠢᠯᠵᠢᠬᠦᠯᠦᠨᠠ᠃
ᠡᠮᠴᠢᠯᠡᠭᠡᠨ᠎ᠦ ᠪᠦᠯᠦᠭ᠌ᠯᠡᠯ ᠵᠢᠡᠷ ᠲᠦᠷᠦᠭᠦᠯᠡᠭᠰᠡᠨ ᠡᠮᠨᠡᠯᠭᠡ᠎ᠶ᠋ᠢᠨ ᠬᠣᠷᠢᠶᠠᠡᠪᠡᠳᠴᠢᠲᠡᠨ ᠢ ᠠᠪᠤᠷᠠᠨ ᠡᠮᠨᠡᠬᠦ᠌ ᠬᠡᠷᠡᠭ᠌ᠴᠡᠭᠡ᠎ᠶ᠋ᠢ ᠬᠠᠩᠭᠠᠵᠤ ᠳᠡᠢᠯᠬᠦ᠌ ᠥᠬᠡᠶ ᠦᠶ᠎ᠡ᠎ᠳᠦ ᠂ ᠬᠥᠬᠡᠬᠣᠲᠠ᠎ᠶ᠋ᠢᠨ ᠬᠠᠷᠢᠶ᠎ᠠ ᠲᠣᠭᠣᠷᠢᠭ᠎ᠤᠨ ᠪᠤᠰᠤᠳ ᠭᠤᠷᠪᠠᠳᠤᠭᠠᠷ ᠳᠡᠰ᠎ᠤᠨ ᠡᠮᠨᠡᠯᠭᠡ᠎ᠶ᠋ᠢᠨ ᠬᠣᠷᠢᠶ᠎ᠠ᠎ᠨᠢ ᠡᠮᠴᠢᠯᠡᠭᠡᠨ᠎ᠦ ᠪᠦᠯᠬᠦᠮ ᠲᠣᠮᠢᠯᠠᠨ ᠰᠠᠭᠤᠯᠭᠠᠬᠤ ᠂ ᠲᠤᠰᠭᠠᠶ ᠮᠡᠷᠭᠡᠵᠢᠯᠲᠡᠨ᠎ᠦ ᠵᠢᠭᠠᠨ ᠵᠢᠯᠣᠭᠣᠳᠭᠤ ᠳᠤᠭᠤᠢᠯᠠᠩ ᠲᠣᠮᠢᠯᠠᠬᠤ ᠂ ᠱᠢᠯᠵᠢᠭᠦᠯᠦᠨ ᠡᠮᠨᠡᠭᠦᠯᠬᠦ᠌ ᠪᠤᠶᠤ ᠠᠯᠤᠰ ᠡᠴᠠ ᠬᠠᠮᠲᠤᠷᠠᠨ ᠣᠨᠣᠱᠢᠯᠠᠬᠤ ᠵᠡᠷᠭᠡ ᠠᠷᠭ᠎ᠠ ᠮᠠᠶᠢᠭ᠎ᠢᠶᠠᠷ ᠳᠡᠮᠵᠢᠨ ᠬᠠᠮᠵᠢᠨ᠎ᠠ᠃
ᠪᠦᠬᠦ᠌ ᠬᠣᠲᠠ᠎ᠳᠤ ᠲᠣᠭ᠍ᠲᠠᠬᠰᠠᠨ ᠴᠡᠭ᠎ᠦᠨ ᠡᠮᠨᠡᠯᠭᠡ᠎ᠶ᠋ᠢᠨ ᠬᠣᠷᠢᠶ᠎ᠠ ᠂ ᠳᠡᠳ᠋ ᠲᠣᠭ᠍ᠲᠠᠬᠰᠠᠨ ᠴᠡᠭ ᠦᠨ ᠡᠮᠨᠡᠯᠭᠡ᠎ᠶ᠋ᠢᠨ ᠬᠣᠷᠢᠶ᠎ᠠ ᠪᠠ ᠡᠮᠨᠡᠯᠭᠡ᠎ᠶ᠋ᠢᠨ ᠬᠣᠯᠪᠣᠭᠠᠲᠤ ᠴᠣᠭ᠍ᠴᠠ᠎ᠶ᠋ᠢᠨ ᠬᠣᠭᠣᠷᠣᠨᠳᠣᠬᠢ ᠣᠷᠣᠨ ᠵᠠᠶ᠎ᠶ᠋ᠢᠨ ᠪᠠᠢᠷᠢᠱᠢᠯ ᠢ ᠪᠦᠷᠢᠯᠳᠦᠭᠦᠯᠵᠦ᠍ ᠂ ᠬᠠᠷᠢᠯᠴᠠᠨ ᠲᠤᠬᠢᠷᠠᠯᠴᠠᠬᠰᠠᠨ ᠱᠢᠯᠵᠢᠭᠦᠯᠦᠨ ᠡᠮᠨᠡᠭᠦᠯᠬᠦ᠌ ᠬᠠᠷᠢᠴᠠᠭ᠎ᠠ᠎ᠶ᠋ᠢ ᠪᠠᠢᠭᠤᠯᠤᠨ ᠂ ᠬᠣᠸ᠋ᠰ ᠴᠢᠭ᠌ᠯᠡᠯ᠎ᠢᠶᠡᠷ ᠱᠢᠯᠵᠢᠭᠦᠯᠦᠨ ᠡᠮᠨᠡᠭᠦᠯᠬᠦ᠌ ᠲᠣᠭ᠍ᠲᠠᠴᠠ ᠶ᠋ᠢ ᠨᠡᠪᠲᠡᠷᠡᠭᠦᠯᠵᠦ᠍ ᠂ ᠬᠠᠯᠠᠭᠤᠷᠠᠬᠤ ᠵᠡᠷᠭᠡ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠠᠮᠢᠶ᠎ᠠ ᠪᠥᠬᠥᠶ ᠡᠪᠡᠳᠴᠢᠨ᠎ᠦ ᠢᠯᠡᠷᠡᠯ᠎ᠲᠡᠶ ᠡᠪᠡᠳᠴᠢᠲᠡᠨ᠎ᠢ ᠦᠨᠳᠦᠰᠦᠨ ᠱᠠᠲᠤᠨ᠎ᠳᠤ ᠠᠩᠬ᠎ᠠ ᠣᠨᠣᠱᠢᠯᠠᠬᠤ ᠂ ᠡᠮᠬᠢ ᠵᠢᠷᠤᠮ᠎ᠲᠠᠶ᠎ᠪᠠᠷ ᠱᠢᠯᠵᠢᠭᠦᠯᠦᠨ ᠡᠮᠨᠡᠬᠦᠯᠬᠦ᠎ᠶ᠋ᠢ ᠪᠡᠶᠡᠯᠡᠭᠦᠯᠵᠦ᠍ ᠂ ᠡᠮᠴᠢᠯᠡᠭᠡᠨ᠎ᠦ ᠬᠣᠯᠪᠣᠭᠠᠲᠤ ᠴᠣᠭ᠍ᠴᠠ ᠂ ᠡᠮᠴᠢᠯᠡᠭᠡᠨ᠎ᠦ ᠬᠠᠮᠲᠤ᠎ᠶ᠋ᠢᠨ ᠴᠣᠭ᠍ᠴᠠ᠎ᠶ᠋ᠢᠨ ᠲᠦᠷᠦᠭᠦᠯᠡᠬᠦ᠌ ᠨᠢᠭᠡᠴᠢ᠎ᠳᠦ ᠲᠦᠱᠢᠭ᠌ᠯᠡᠨ ᠬᠣᠱᠢᠭᠤ ᠱᠢᠶᠠᠨ ᠲᠣᠭᠣᠷᠢᠭ ᠤᠨ ᠱᠠᠳᠤᠨ ᠤ᠋ ᠱᠢᠯᠵᠢᠭᠦᠯᠦᠨ ᠡᠮᠨᠡᠭᠦᠯᠬᠦ᠌ ᠲᠤᠰᠭᠠᠶ ᠮᠡᠷᠭᠡᠵᠢᠯᠲᠡᠨ᠎ᠦ ᠳᠤᠭᠤᠢᠯᠠᠩ᠎ᠢ ᠪᠠᠢᠭᠤᠯᠵᠤ ᠂ ᠱᠢᠯᠵᠢᠭᠦᠯᠦᠨ ᠡᠮᠨᠡᠭᠦᠯᠬᠦ᠌ ᠴᠢᠬᠤᠯᠠᠲᠠᠶ ᠡᠪᠡᠳᠴᠢᠲᠡᠨ᠎ᠢ ᠦᠨᠡᠯᠡᠨ ᠵᠢᠱ᠌ᠢᠵᠦ᠂ ᠱᠢᠯᠵᠢᠭᠦᠯᠦᠨ ᠡᠮᠨᠡᠬᠦᠯᠦᠨᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃