2022-12-19 20:15:00
ᠣᠢᠷ᠎ᠠ᠎ᠳ᠋ᠤ᠂ ᠥᠪᠡᠷᠲᠡᠭᠡᠨ ᠵᠠᠰᠠᠬᠤ ᠣᠷᠣᠨ ᠤ᠋ ᠳᠣᠲᠣᠭᠠᠳᠤ ᠶᠢ ᠬᠠᠮᠠᠭᠠᠯᠠᠬᠤ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ᠋ ᠵᠠᠬ᠎ᠠ ᠳᠡᠯᠭᠡᠭᠦᠷ᠎ᠦ᠋ᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ᠋ ᠡᠮ᠎ᠦ᠋ᠨ ᠵᠦᠢᠯᠡᠰ᠎ᠲᠦ᠍ ᠬᠢᠨᠠᠯᠲᠠ ᠲᠠᠯᠪᠢᠵᠤ ᠬᠠᠮᠢᠶᠠᠷᠬᠤ ᠲᠣᠪᠴᠢᠶ᠎ᠠ ᠬᠠᠮᠲᠤᠷᠠᠨ 《ᠬᠢᠵᠢᠭ᠎ᠦ᠋ᠨ ᠪᠠᠢᠳᠠᠯ ᠢ ᠰᠡᠷᠭᠡᠢᠯᠡᠨ ᠡᠵᠡᠮᠳᠡᠬᠦ᠌ ᠱᠢᠨ᠎ᠡ ᠪᠠᠢᠳᠠᠯ ᠳᠣᠣᠷ᠎ᠠ ᠬᠢᠵᠢᠭ ᠲᠦ᠍ ᠬᠣᠯᠪᠣᠭ᠍ᠳᠠᠭ᠍ᠰᠠᠨ ᠬᠠᠤᠯᠢᠠ᠋ᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳ᠋ᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭ᠌ᠬᠦ ᠲᠤᠬᠠᠢ ᠮᠡᠳᠡᠭ᠌ᠳᠡᠯ》 ᠢ᠋ ᠨᠡᠢᠲᠡᠯᠡᠵᠦ᠍ ᠂ ᠪᠦᠬᠦ᠌ ᠣᠷᠣᠨ᠎ᠤ᠋ ᠡᠯ᠎ᠡ ᠱᠠᠲᠤᠨ᠎ᠤ᠋ ᠳᠣᠲᠣᠭᠠᠳᠤ᠎ᠶᠢ ᠬᠠᠮᠠᠭᠠᠯᠠᠬᠤ᠂ ᠵᠠᠬ᠎ᠠ ᠳᠡᠯᠭᠡᠭᠦᠷ᠎ᠦ᠋ᠨ ᠬᠢᠨᠠᠯᠲᠠ ᠬᠠᠮᠢᠶᠠᠷᠤᠯᠲᠠ ᠪᠠ ᠡᠮ᠎ᠦ᠋ᠨ ᠵᠦᠢᠯᠡᠰᠦ᠋ᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ ᠬᠢᠵᠢᠭᠲᠦ᠍ ᠬᠣᠯᠪᠣᠭ᠍ᠳᠠᠭ᠍ᠰᠠᠨ ᠬᠠᠤᠯᠢᠠ᠋ᠴᠠ ᠵᠥᠷᠢᠴᠡᠭ᠌ᠰᠡᠨ 4 ᠲᠥᠷᠥᠯ᠎ᠦ᠋ᠨ ᠶᠠᠯᠠᠲᠤ ᠠᠵᠢᠯᠯᠠᠭ᠎ᠠ᠎ᠳ᠋ᠤ ᠬᠠᠤᠯᠢ ᠶᠣᠰᠣᠭᠠᠷ ᠬᠦᠨᠳᠦ ᠪᠥᠭᠡᠳ ᠲᠦᠷᠭᠡᠨ ᠴᠣᠬᠢᠯᠲᠠ ᠥᠭ᠌ᠬᠦ ᠪᠣᠯᠤᠨ᠎ᠠ ᠭᠡᠵᠦ᠍ ᠲᠣᠳᠣᠷᠬᠠᠢᠯᠠᠪᠠ ᠃
ᠨᠢᠭᠡ᠂ ᠬᠠᠭᠤᠷᠮᠠᠭ ᠡᠮ ᠦᠢᠯᠡᠳᠴᠦ᠍ ᠪᠣᠷᠣᠯᠠᠭᠤᠯᠤᠭ᠍ᠰᠠᠨ᠂ ᠮᠠᠭᠤ ᠡᠮ ᠦᠢᠯᠡᠳᠴᠦ᠍ ᠪᠣᠷᠣᠯᠠᠭᠤᠯᠤᠭ᠍ᠰᠠᠨ ᠬᠠᠤᠯᠢᠠ᠋ᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠶᠢ ᠬᠠᠤᠯᠢ ᠶᠣᠰᠣᠭᠠᠷ ᠴᠢᠩᠭ᠎ᠠ ᠱᠢᠳᠭᠡᠨ᠎ᠡ
ᠬᠢᠵᠢᠭ᠎ᠦ᠋ᠨ ᠪᠠᠢᠳᠠᠯ᠎ᠢ ᠪᠠᠢᠩᠭᠤᠵᠢᠭᠤᠯᠤᠨ ᠰᠡᠷᠭᠡᠢᠯᠡᠨ ᠡᠵᠡᠮᠳᠡᠬᠦ᠌ ᠬᠤᠭᠤᠴᠠᠭᠠᠨ᠎ᠳ᠋ᠤ ᠬᠠᠭᠤᠷᠮᠠᠭ ᠮᠠᠭᠤ ᠡᠮ᠎ᠦ᠋ᠨ ᠵᠦᠢᠯ᠎ᠢ᠋ ᠦᠢᠯᠡᠳᠪᠦᠷᠢᠯᠡᠵᠦ᠍ ᠂ ᠪᠤᠷᠤᠯᠠᠭᠤᠯᠬᠤ᠂ ᠢᠯᠠᠩᠭᠤᠶ᠎ᠠ ᠬᠠᠯᠠᠭᠤᠨᠢ᠋ ᠪᠠᠭᠤᠷᠠᠭᠤᠯᠬᠤ᠂ ᠬᠠᠨᠢᠶᠠᠬᠤ᠎ᠶᠢ ᠵᠣᠭ᠍ᠰᠣᠭᠠᠬᠤ ᠂ ᠸᠢᠷᠦ᠋ᠰᠢ᠋ ᠡᠰᠡᠷᠭᠦᠴᠡᠬᠦ᠌ ᠂ ᠬᠢᠮᠤᠷᠠᠭ᠎ᠠ᠎ᠶᠢ ᠵᠠᠰᠠᠬᠤ ᠵᠡᠷᠭᠡ ᠱᠢᠨ᠎ᠡ ᠲᠢᠳᠢᠮᠯᠢᠭ ᠠᠭᠤᠰᠭᠢᠨ ᠦᠷᠪᠢᠰᠦᠯᠢ᠋ ᠰᠡᠷᠭᠡᠢᠯᠡᠨ ᠵᠠᠰᠠᠬᠤ᠎ᠳ᠋ᠤ ᠬᠡᠷᠡᠭ᠌ᠯᠡᠬᠦ᠌ ᠡᠮ᠎ᠦ᠋ᠨ ᠵᠦᠢᠯ ᠪᠠ ᠱᠢᠨ᠎ᠡ ᠲᠢᠳᠢᠮᠯᠢᠭ ᠸᠢᠷᠦ᠋ᠰᠦ᠋ᠨ ᠸᠠᠺᠼᠢᠨ ᠵᠡᠷᠭᠡ᠎ᠶᠢ ᠡᠷᠡᠭᠦᠦ᠎ᠶᠢᠨ ᠬᠠᠤᠯᠢ᠎ᠶᠢᠨ ᠨᠢᠭᠡ ᠵᠠᠭᠤ ᠳᠥᠴᠢᠳᠦᠭᠡᠷ ᠵᠦᠢᠯ᠂ ᠨᠢᠭᠡ ᠵᠠᠭᠤ ᠳᠥᠴᠢᠨ ᠨᠢᠭᠡᠳᠦᠭᠡᠷ ᠵᠦᠢᠯ᠂ ᠨᠢᠭᠡ ᠵᠠᠭᠤ ᠳᠥᠴᠢᠨ ᠬᠣᠶᠠᠳᠤᠭᠠᠷ ᠵᠦᠢᠯ᠎ᠦ᠋ᠨ ᠲᠣᠭ᠍ᠲᠠᠭᠠᠯ᠎ᠢ᠋ ᠦᠨᠳᠦᠰᠦᠯᠡᠨ᠂ ᠬᠠᠭᠤᠷᠮᠠᠭ ᠮᠠᠭᠤ ᠦᠢᠯᠡᠳᠬᠦᠨᠢ᠋ ᠦᠢᠯᠡᠳᠪᠦᠷᠢᠯᠡᠭ᠌ᠰᠡᠨ᠂ ᠪᠣᠷᠣᠯᠠᠭᠤᠯᠤᠭ᠍ᠰᠠᠨ ᠶᠠᠯ᠎ᠠ᠂ ᠬᠠᠭᠤᠷᠮᠠᠭ ᠡᠮ ᠬᠠᠩᠭᠠᠭ᠍ᠰᠠᠨ ᠶᠠᠯ᠎ᠠ ᠪᠤᠶᠤ ᠡᠮ᠎ᠦ᠋ᠨ ᠬᠠᠮᠢᠶᠠᠷᠤᠯᠲᠠ᠎ᠶᠢ ᠬᠠᠷᠱᠢᠯᠠᠭ᠍ᠰᠠᠨ ᠶᠠᠯ᠎ᠠ ᠪᠤᠶᠤ ᠮᠠᠭᠤ ᠡᠮ᠎ᠦ᠋ᠨ ᠵᠦᠢᠯ᠎ᠢ᠋ ᠦᠢᠯᠡᠳᠪᠦᠷᠢᠯᠡᠵᠦ᠍᠂ ᠪᠣᠷᠣᠯᠠᠭᠤᠯᠵᠤ᠂ ᠬᠠᠩᠭᠠᠵᠤ ᠦᠭ᠌ᠭᠦᠭ᠌ᠰᠡᠨ ᠶᠠᠯ᠎ᠠ ᠪᠠᠷ ᠬᠡᠷᠡᠭ ᠪᠣᠯᠭᠠᠨ ᠳᠠᠩᠰᠠᠯᠠᠵᠤ ᠱᠢᠢᠳᠪᠦᠷᠢᠯᠡᠨ᠎ᠡ ᠃
ᠬᠣᠶᠠᠷ᠂ ᠬᠠᠭᠤᠷᠮᠠᠭ ᠴᠢᠨᠠᠷ ᠮᠠᠭᠤ ᠰᠡᠷᠭᠡᠢᠯᠡᠯᠳᠡ᠎ᠶ᠋ᠢᠨ ᠡᠳ᠋ ᠪᠠᠷᠠᠭ᠎ᠠ᠂ ᠸᠢᠷᠦ᠋ᠰᠢ᠋ ᠪᠠᠢᠴᠠᠭᠠᠬᠤ ᠦᠢᠯᠡᠳᠬᠦᠨ᠎ᠦ᠌ ᠬᠠᠤᠯᠢᠠ᠋ᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠶᠢ ᠬᠠᠤᠯᠢ ᠶᠣᠰᠣᠭᠠᠷ ᠴᠢᠩᠭ᠎ᠠ ᠱᠢᠳᠭᠡᠨ᠎ᠡ
ᠬᠢᠵᠢᠭ᠎ᠦ᠋ᠨ ᠪᠠᠢᠳᠠᠯ᠎ᠢ᠋ ᠪᠠᠢᠩᠭᠤᠵᠢᠭᠤᠯᠤᠨ ᠰᠡᠷᠭᠡᠢᠯᠡᠨ ᠡᠵᠡᠮᠳᠡᠬᠦ᠌ ᠬᠤᠭᠤᠴᠠᠭᠠᠨ᠎ᠳ᠋ᠤ ᠰᠡᠷᠭᠡᠢᠯᠡᠨ ᠵᠠᠰᠠᠬᠤ ᠪᠠ ᠬᠠᠮᠠᠭᠠᠯᠠᠬᠤ ᠮᠠᠭᠤ ᠦᠢᠯᠡᠳᠬᠦᠨ᠂ ᠡᠳ᠋ ᠪᠣᠳᠠᠰ᠂ ᠢᠯᠠᠩᠭᠤᠶ᠎ᠠ ᠬᠥᠮᠦᠨ᠎ᠦ᠌ ᠪᠡᠶ᠎ᠡ᠎ᠶᠢᠨ ᠡᠷᠡᠭᠦᠯ ᠮᠡᠨᠳᠦ᠎ᠶᠢ ᠪᠠᠲᠤᠯᠠᠬᠤ ᠤᠯᠤᠰ᠎ᠤ᠋ᠨ ᠪᠠᠷᠢᠮᠵᠢᠶ᠎ᠠ᠂ ᠠᠵᠢᠯ ᠲᠥᠷᠥᠯ᠎ᠦ᠋ᠨ ᠪᠠᠷᠢᠮᠵᠢᠶ᠎ᠠ᠎ᠳ᠋ᠤ ᠦᠯᠦ᠍ ᠨᠡᠢᠴᠡᠬᠦ᠌ ᠡᠮᠨᠡᠯᠭᠡ᠎ᠶᠢᠨ ᠠᠮᠠᠪᠴᠢ᠂ ᠨᠢᠳᠦ ᠬᠠᠮᠠᠭᠠᠯᠠᠬᠤ ᠱᠢᠯ᠂ ᠸᠢᠷᠦ᠋ᠰᠢ᠋ ᠪᠠᠢᠴᠠᠭᠠᠨ ᠬᠡᠮᠵᠢᠬᠦ᠌ ᠦᠢᠯᠡᠳᠬᠦᠨ ᠵᠡᠷᠭᠡ ᠡᠮᠨᠡᠯᠭᠡ᠎ᠶᠢᠨ ᠬᠡᠷᠡᠭ᠌ᠯᠡᠭᠡᠨᠦ᠌ ᠪᠠᠭᠠᠵᠢ ᠬᠡᠷᠡᠭ᠌ᠰᠡᠯᠢ᠋ ᠦᠢᠯᠡᠳᠪᠦᠷᠢᠯᠡᠵᠦ᠍ ᠂ ᠪᠣᠷᠣᠯᠠᠭᠤᠯᠤᠭ᠍ᠰᠠᠨ ᠪᠠᠢᠪᠠᠯ ᠡᠷᠡᠭᠦᠦ᠎ᠶᠢᠨ ᠬᠠᠤᠯᠢ᠎ᠶᠢᠨ ᠨᠢᠭᠡ ᠵᠠᠭᠤ ᠳᠥᠴᠢᠳᠦᠭᠡᠷ ᠵᠦᠢᠯ᠂ ᠨᠢᠭᠡ ᠵᠠᠭᠤ ᠳᠥᠴᠢᠨ ᠲᠠᠪᠤᠳᠤᠭᠠᠷ ᠵᠦᠢᠯ᠎ᠦ᠋ᠨ ᠲᠣᠭ᠍ᠲᠠᠭᠠᠯ᠎ᠢ᠋ ᠦᠨᠳᠦᠰᠦᠯᠡᠨ᠂ ᠬᠤᠳᠠᠯ ᠬᠠᠭᠤᠷᠮᠠᠭ ᠮᠠᠭᠤ ᠦᠢᠯᠡᠳᠬᠦᠨᠢ᠋ ᠦᠢᠯᠡᠳᠪᠦᠷᠢᠯᠡᠭ᠌ᠰᠡᠨ ᠂ ᠪᠣᠷᠣᠯᠠᠭᠤᠯᠤᠭ᠍ᠰᠠᠨ ᠶᠠᠯ᠎ᠠ ᠂ ᠪᠠᠷᠢᠮᠵᠢᠶ᠎ᠠ᠎ᠳ᠋ᠤ ᠦᠯᠦ᠍ ᠨᠡᠢᠴᠡᠬᠦ᠌ ᠡᠮᠨᠡᠯᠭᠡ᠎ᠶᠢᠨ ᠬᠡᠷᠡᠭ᠌ᠯᠡᠭᠡᠨᠦ᠌ ᠪᠠᠭᠠᠵᠢ ᠬᠡᠷᠡᠭ᠌ᠰᠡᠯᠢ᠋ ᠦᠢᠯᠡᠳᠪᠦᠷᠢᠯᠡᠭ᠌ᠰᠡᠨ᠂ ᠪᠣᠷᠣᠯᠠᠭᠤᠯᠤᠭ᠍ᠰᠠᠨ ᠶᠠᠯ᠎ᠠ᠎ᠪᠠᠷ ᠬᠡᠷᠡᠭ ᠪᠣᠯᠭᠠᠨ ᠳᠠᠩᠰᠠᠯᠠᠵᠤ ᠱᠢᠢᠳᠪᠦᠷᠢᠯᠡᠨ᠎ᠡ ᠃
ᠭᠤᠷᠪᠠ᠂ ᠦᠨ᠎ᠡ ᠬᠠᠩᠰᠢ᠎ᠶᠢ ᠳᠦᠷᠭᠢᠭᠦᠯᠦᠨ ᠥᠰᠭᠡᠬᠦ᠌ ᠬᠠᠤᠯᠢᠠ᠋ᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠶᠢ ᠬᠠᠤᠯᠢ ᠶᠣᠰᠣᠭᠠᠷ ᠴᠢᠩᠭ᠎ᠠ ᠱᠢᠳᠭᠡᠨ᠎ᠡ
ᠬᠢᠵᠢᠭ᠎ᠦ᠋ᠨ ᠪᠠᠢᠳᠠᠯ᠎ᠢ᠋ ᠪᠠᠢᠩᠭᠤᠵᠢᠭᠤᠯᠤᠨ ᠰᠡᠷᠭᠡᠢᠯᠡᠨ ᠡᠵᠡᠮᠳᠡᠬᠦ᠌ ᠬᠤᠭᠤᠴᠠᠭᠠᠨ᠎ᠳ᠋ᠤ ᠤᠯᠤᠰ᠎ᠤ᠋ᠨ ᠦᠨ᠎ᠡ ᠬᠠᠩᠰᠢ᠎ᠶᠢᠨ ᠬᠠᠤᠯᠢ ᠴᠠᠭᠠᠵᠠ ᠬᠠᠤᠯᠢ ᠲᠣᠭ᠍ᠲᠠᠭᠠᠯ᠎ᠢ᠋ ᠵᠥᠷᠢᠴᠡᠵᠦ᠍᠂ ᠬᠤᠷᠠᠮᠳᠤᠭᠤᠯᠤᠨ ᠳᠠᠷᠤᠵᠤ ᠵᠠᠪᠰᠢᠨ ᠬᠤᠨᠵᠢᠬᠤ᠂ ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ᠌᠎ᠳᠦ ᠪᠠᠴᠢᠮ ᠬᠡᠷᠡᠭ᠌ᠰᠡᠬᠦ᠌ ᠠᠮᠠᠪᠴᠢ᠂ ᠨᠢᠳᠦ ᠬᠠᠮᠠᠭᠠᠯᠠᠬᠤ ᠱᠢᠯ᠂ ᠰᠡᠷᠭᠡᠢᠯᠡᠨ ᠬᠠᠮᠠᠭᠠᠯᠠᠬᠤ ᠬᠤᠪᠴᠠᠰᠤ᠂ ᠠᠷᠢᠭᠤᠳᠭᠠᠬᠤ ᠱᠢᠩᠭᠡᠨ ᠵᠡᠷᠭᠡ ᠰᠡᠷᠭᠡᠢᠯᠡᠨ ᠬᠠᠮᠠᠭᠠᠯᠠᠬᠤ ᠬᠡᠷᠡᠭ᠌ᠰᠡᠯ᠂ ᠬᠢᠵᠢᠭ ᠢ ᠰᠡᠷᠭᠡᠢᠯᠡᠬᠦ᠌ ᠡᠮ᠎ᠦ᠋ᠨ ᠵᠦᠢᠯ ᠪᠤᠶᠤ ᠠᠷᠠᠳ᠎ᠤ᠋ᠨ ᠠᠮᠢᠳᠤᠷᠠᠯ᠎ᠳ᠋ᠤ ᠬᠣᠯᠪᠣᠭ᠍ᠳᠠᠬᠤ ᠪᠤᠰᠤᠳ ᠲᠠᠸᠠᠷ᠎ᠤ᠋ᠨ ᠦᠨ᠎ᠡ ᠬᠠᠩᠰᠢ᠎ᠶᠢ ᠲᠦᠷᠬᠢᠬᠦᠯᠦᠨ ᠦᠰᠭᠡᠵᠦ᠍ ᠠᠱᠢᠭ ᠬᠤᠨᠵᠢᠵᠦ᠍᠂ ᠬᠠᠤᠯᠢ᠎ᠶᠢ ᠵᠥᠷᠢᠴᠡᠵᠦ᠍ ᠣᠯᠤᠭ᠍ᠰᠠᠨ ᠵᠣᠭᠣᠰᠤᠨᠤ᠋ ᠲᠣᠭ᠎ᠠ ᠨᠢ ᠨᠡᠯᠢᠶᠡᠳ ᠶᠡᠬᠡ ᠪᠤᠶᠤ ᠪᠤᠰᠤᠳ ᠬᠦᠨᠳᠦ ᠨᠣᠴᠢᠲᠠᠢ ᠦᠢᠯᠡ ᠪᠠᠢᠳᠠᠯ᠎ᠲᠠᠢ ᠪᠠᠢᠵᠤ᠂ ᠵᠠᠬ᠎ᠠ ᠳᠡᠯᠭᠡᠭᠦᠷ᠎ᠦ᠋ᠨ ᠡᠮᠬᠢ ᠵᠢᠷᠤᠮᠢ᠋ ᠬᠦᠨᠳᠦ ᠨᠣᠴᠢᠲᠠᠢ ᠰᠠᠮᠠᠭᠤᠷᠠᠭᠤᠯᠤᠭ᠍ᠰᠠᠨ ᠪᠠᠢᠪᠠᠯ᠂ ᠡᠷᠡᠭᠦᠦ᠎ᠶᠢᠨ ᠬᠠᠤᠯᠢ᠎ᠶᠢᠨ ᠬᠣᠶᠠᠷ ᠵᠠᠭᠤ ᠬᠣᠷᠢᠨ ᠲᠠᠪᠤᠳᠤᠭᠠᠷ ᠵᠦᠢᠯ᠎ᠦ᠋ᠨ ᠳᠥᠷᠪᠡᠳᠦᠭᠡᠷ ᠵᠤᠷᠪᠤᠰ᠎ᠤ᠋ᠨ ᠲᠣᠭ᠍ᠲᠠᠭᠠᠯ᠎ᠢ᠋ ᠦᠨᠳᠦᠰᠦᠯᠡᠨ᠂ ᠬᠠᠤᠯᠢ ᠪᠤᠰᠤ᠎ᠪᠠᠷ ᠡᠵᠡᠩᠨᠡᠭ᠌ᠰᠡᠨ ᠶᠠᠯ᠎ᠠ᠎ᠪᠠᠷ ᠬᠡᠷᠡᠭ ᠪᠣᠯᠭᠠᠨ ᠳᠠᠩᠰᠠᠯᠠᠵᠤ ᠱᠢᠢᠳᠪᠦᠷᠢᠯᠡᠨ᠎ᠡ ᠃
ᠳᠥᠷᠪᠡ᠂ ᠴᠤᠤᠷᠬᠠᠯ ᠲᠠᠯᠪᠢᠵᠤ ᠴᠤᠤᠷᠬᠠᠯ ᠲᠠᠷᠬᠠᠭᠠᠬ᠍ᠰᠠᠨ ᠬᠠᠤᠯᠢᠠ᠋ᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠶᠢ ᠬᠠᠤᠯᠢ ᠶᠣᠰᠣᠭᠠᠷ ᠴᠢᠩᠭ᠎ᠠ ᠱᠢᠳᠭᠡᠨ᠎ᠡ
ᠬᠢᠵᠢᠭ᠎ᠲᠤ ᠬᠤᠯᠪᠤᠬ᠍ᠳᠠᠬ᠍ᠰᠠᠨ ᠬᠤᠳᠠᠯ ᠬᠠᠭᠤᠷᠮᠠᠭ ᠮᠡᠳᠡᠭᠡ ᠵᠠᠩᠭᠢ ᠵᠤᠬᠢᠶᠠᠵᠦ᠍᠂ ᠮᠡᠳᠡᠭᠡ ᠵᠠᠩᠭᠢ᠎ᠶᠢᠨ ᠰᠦᠯᠵᠢᠶ᠎ᠡ ᠪᠤᠶᠤ ᠪᠤᠰᠤᠳ ᠵᠠᠭᠤᠴᠢᠯᠠᠭᠤᠷ ᠳᠡᠭᠡᠷ᠎ᠡ ᠲᠠᠷᠬᠠᠭᠠᠬᠤ ᠪᠤᠶᠤ ᠬᠤᠳᠠᠯ ᠬᠠᠭᠤᠷᠮᠠᠭ ᠬᠢᠵᠢᠭ ᠲᠤ ᠬᠤᠯᠪᠤᠬ᠍ᠳᠠᠬ᠍ᠰᠠᠨ ᠮᠡᠳᠡᠭᠡ ᠵᠠᠩᠭᠢ ᠪᠣᠯᠬᠤ᠎ᠶᠢ ᠮᠡᠳᠡᠵᠦ᠍ ᠪᠠᠢᠭᠠᠳ ᠮᠡᠳᠡᠭᠡ ᠵᠠᠩᠭᠢ᠎ᠶᠢᠨ ᠰᠦᠯᠵᠢᠶ᠎ᠡ ᠪᠤᠶᠤ ᠪᠤᠰᠤᠳ ᠵᠠᠭᠤᠴᠢᠯᠠᠭᠤᠷ ᠳᠡᠭᠡᠷ᠎ᠡ ᠵᠣᠷᠢᠭᠤᠳᠠ ᠲᠠᠷᠬᠠᠭᠠᠵᠤ᠂ ᠨᠡᠢᠭᠡᠮ᠎ᠦ᠋ᠨ ᠡᠮᠬᠢ ᠵᠢᠷᠤᠮᠢ᠋ ᠬᠦᠨᠳᠦ ᠨᠣᠴᠢᠲᠠᠢ ᠰᠠᠮᠠᠭᠤᠷᠠᠭᠤᠯᠤᠭ᠍ᠰᠠᠨ; ᠱᠢᠨ᠎ᠡ ᠲᠢᠳᠢᠮᠯᠢᠭ ᠠᠭᠤᠰᠭᠢᠨ ᠦᠷᠪᠢᠰᠦᠯ᠎ᠦ᠋ᠨ ᠬᠢᠵᠢᠭ᠎ᠦ᠋ᠨ ᠪᠠᠢᠳᠠᠯ᠎ᠢ᠋ ᠠᠱᠢᠭ᠍ᠯᠠᠨ ᠬᠤᠳᠠᠯ ᠬᠠᠭᠤᠷᠮᠠᠭ ᠮᠡᠳᠡᠭᠡ ᠵᠠᠩᠭᠢ ᠵᠣᠬᠢᠶᠠᠬᠤ ᠪᠤᠶᠤ ᠬᠤᠳᠠᠯ ᠬᠠᠭᠤᠷᠮᠠᠭ ᠮᠡᠳᠡᠭᠡ ᠵᠠᠩᠭᠢ ᠭᠡᠳᠡᠭᠢ᠋ ᠮᠡᠳᠡᠵᠦ᠍ ᠪᠠᠢᠭᠠᠳ ᠮᠥᠨ ᠮᠡᠳᠡᠭᠡ ᠵᠠᠩᠭᠢ᠎ᠶᠢᠨ ᠰᠦᠯᠵᠢᠶᠡᠨ ᠳᠡᠭᠡᠷ᠎ᠡ ᠲᠠᠷᠬᠠᠭᠠᠬᠤ ᠪᠤᠶᠤ ᠪᠤᠰᠤᠳᠢ᠋ ᠵᠣᠬᠢᠶᠠᠨ ᠪᠠᠢᠭᠤᠯᠵᠤ᠂ ᠵᠢᠭᠠᠨ ᠳᠣᠬᠢᠵᠤ ᠪᠠᠢᠭᠠᠳ ᠮᠡᠳᠡᠭᠡ ᠵᠠᠩᠭᠢ᠎ᠶᠢᠨ ᠰᠦᠯᠵᠢᠶ᠎ᠡ ᠳᠡᠭᠡᠷ᠎ᠡ ᠲᠠᠷᠬᠠᠭᠠᠵᠤ᠂ ᠦᠢᠮᠡᠭᠡᠨ ᠳᠡᠭ᠌ᠳᠡᠭᠡᠵᠦ᠍᠂ ᠣᠯᠠᠨ ᠨᠡᠢᠲᠡ᠎ᠶᠢᠨ ᠡᠮᠬᠢ ᠵᠢᠷᠤᠮᠢ᠋ ᠬᠦᠨᠳᠦ ᠨᠣᠴᠢᠲᠠᠢ ᠰᠠᠮᠠᠭᠤᠷᠠᠭᠤᠯᠤᠭ᠍ᠰᠠᠨ ᠪᠠᠢᠪᠠᠯ᠂ ᠡᠷᠡᠭᠦᠦ᠎ᠶᠢᠨ ᠬᠠᠤᠯᠢ᠎ᠶᠢᠨ ᠬᠣᠶᠠᠷ ᠵᠠᠭᠤ ᠶᠡᠷᠡᠨ ᠨᠢᠭᠡᠳᠦᠭᠡᠷ ᠵᠦᠢᠯ᠎ᠦ᠋ᠨ ᠬᠣᠶᠠᠳᠤᠭᠠᠷ ᠪᠠᠳᠠᠭ᠂ ᠬᠣᠶᠠᠷ ᠵᠠᠭᠤ ᠶᠡᠷᠡᠨ ᠭᠤᠷᠪᠠᠳᠤᠭᠠᠷ ᠵᠦᠢᠯ᠎ᠦ᠋ᠨ ᠨᠢᠭᠡᠳᠦᠭᠡᠷ ᠪᠠᠳᠠᠭ᠎ᠤ᠋ᠨ ᠳᠥᠷᠪᠡᠳᠦᠭᠡᠷ ᠵᠤᠷᠪᠤᠰ᠎ᠤ᠋ᠨ ᠲᠣᠭ᠍ᠲᠠᠭᠠᠯ᠎ᠢ᠋ ᠦᠨᠳᠦᠰᠦᠯᠡᠨ ᠬᠤᠳᠠᠯ ᠬᠠᠭᠤᠷᠮᠠᠭ ᠮᠡᠳᠡᠭᠡ ᠵᠠᠩᠭᠢ᠎ᠶᠢ ᠨᠠᠢᠷᠠᠭᠤᠯᠤᠨ ᠵᠣᠬᠢᠶᠠᠭ᠍ᠰᠠᠨ᠂ ᠵᠣᠷᠢᠭᠤᠳᠠ ᠲᠠᠷᠬᠠᠭᠠᠨ ᠳᠡᠯᠭᠡᠷᠡᠭᠦᠯᠦᠭ᠌ᠰᠡᠨ ᠶᠠᠯ᠎ᠠ᠂ ᠥ ᠡᠷᠢᠵᠦ᠍ ᠬᠡᠷᠡᠭ ᠲᠠᠳᠠᠬ᠍ᠰᠠᠨ ᠶᠠᠯ᠎ᠠ ᠪᠠᠷ ᠬᠡᠷᠡᠭ ᠪᠤᠯᠭᠠᠨ ᠳᠠᠩᠰᠠᠯᠠᠵᠤ ᠱᠢᠢᠳᠪᠦᠷᠢᠯᠡᠨ᠎ᠡ ᠃
ᠳᠡᠭᠡᠷᠡᠬᠢ ᠦᠢᠯᠡ ᠠᠵᠢᠯᠯᠠᠭ᠎ᠠ ᠨᠢ ᠬᠠᠷᠠᠬᠠᠨ ᠶᠠᠯ᠎ᠠ᠎ᠳ᠋ᠤ ᠬᠦᠷᠦᠭᠡᠳᠦᠢ ᠪᠣᠯ ᠳᠣᠲᠣᠭᠠᠳᠤ᠎ᠶᠢ ᠬᠠᠮᠠᠭᠠᠯᠠᠬᠤ᠂ ᠵᠠᠬ᠎ᠠ ᠳᠡᠯᠭᠡᠭᠦᠷ᠎ᠦ᠋ᠨ ᠬᠢᠨᠠᠯᠲᠠ ᠬᠠᠮᠢᠶᠠᠷᠤᠯᠲᠠ ᠪᠣᠯᠤᠨ ᠡᠮ᠎ᠦ᠋ᠨ ᠵᠦᠢᠯᠡᠰ ᠦᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭ᠍ᠲᠠᠭᠠᠯ᠎ᠢ᠋ ᠦᠨᠳᠦᠰᠦᠯᠡᠨ ᠡᠯ᠎ᠡ ᠱᠠᠲᠤᠨ᠎ᠤ᠋ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠎ᠪᠠᠨ ᠦᠨᠳᠦᠰᠦᠯᠡᠨ ᠬᠠᠤᠯᠢ ᠡᠴᠡ ᠵᠥᠷᠢᠴᠡᠭ᠌ᠰᠡᠨ ᠣᠯᠵᠠᠪᠤᠷᠢ᠎ᠶᠢ ᠨᠢ ᠬᠣᠷᠢᠶᠠᠨ ᠠᠪᠴᠤ᠌᠂ ᠬᠠᠤᠯᠢ ᠪᠤᠰᠤ ᠡᠳ᠋ ᠪᠠᠷᠠᠭ᠎ᠠ᠎ᠶᠢ ᠨᠢ ᠬᠣᠷᠢᠶᠠᠨ ᠠᠪᠴᠤ᠌ ᠂ ᠵᠥᠪᠱᠢᠶᠡᠷᠡᠯᠦ᠋ᠨ ᠦᠨᠡᠮᠯᠡᠯ᠎ᠢ᠋ ᠨᠢ ᠲᠦᠷ ᠦᠯᠡᠳᠡᠭᠡᠨ ᠠᠪᠬᠤ ᠪᠠ ᠬᠣᠷᠢᠶᠠᠨ ᠠᠪᠴᠤ᠌ ᠬᠦᠴᠦᠨ ᠦᠭᠡᠢ ᠪᠣᠯᠭᠠᠨ᠂ ᠦᠢᠯᠡᠳᠪᠦᠷᠢᠯᠡᠯ ᠡᠵᠡᠩᠨᠡᠯᠲᠡ᠎ᠶᠢᠨ ᠠᠵᠢᠯᠯᠠᠭ᠎ᠠ ᠥᠷᠨᠢᠭᠦᠯᠬᠦ᠎ᠶᠢ ᠨᠢ ᠬᠢᠵᠠᠭᠠᠷᠯᠠᠵᠤ ᠂ ᠦᠢᠯᠡᠳᠪᠦᠷᠢᠯᠡᠬᠦ᠎ᠶᠢ ᠨᠢ ᠠᠯᠪᠠᠳᠠᠨ ᠵᠣᠭ᠍ᠰᠣᠭᠠᠵᠤ᠂ ᠠᠵᠢᠯ᠎ᠢ᠋ ᠨᠢ ᠵᠣᠭ᠍ᠰᠣᠭᠠᠵᠤ᠂ ᠠᠵᠢᠯ ᠡᠷᠬᠢᠯᠡᠬᠦ᠎ᠶᠢ ᠨᠢ ᠬᠢᠵᠠᠭᠠᠷᠯᠠᠨ᠂ ᠵᠠᠰᠠᠭ ᠵᠠᠬᠢᠷᠭᠠᠨ ᠢᠶᠠᠷ ᠲᠦᠷ ᠬᠣᠷᠢᠬᠤ ᠵᠡᠷᠭᠡ ᠵᠠᠰᠠᠭ ᠵᠠᠬᠢᠷᠭᠠᠨ᠎ᠤ ᠱᠢᠳᠭᠡᠯ ᠲᠤᠷᠭᠠᠭᠤᠯᠢ ᠦᠭᠬᠦᠨ᠎ᠠ᠃
(ᠢᠷᠡᠯᠳᠡ᠄ ᠲᠠᠯ᠎ᠠ ᠨᠣᠳᠣᠭ ᠪᠦᠷᠢᠨ ᠵᠠᠭᠤᠴᠢᠯᠠᠭᠤᠷ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠠᠨᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃