2022-12-20 10:56:17
ᠲᠦᠷᠦᠭᠦᠬᠡᠨ᠂ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠲᠣᠭ᠍ᠲᠠᠴᠠ᠎ᠶ᠋ᠢᠨ ᠶᠡᠷᠦᠩᠬᠡᠢᠯᠡᠭ᠌ᠰᠡᠨ ᠳᠤᠭᠤᠢᠯᠠᠩ 《ᠱᠢᠨ᠎ᠡ ᠠᠷᠪᠠᠨ ᠵᠤᠷᠪᠤᠰ》 ᠢ᠋ ᠨᠡᠢᠲᠡᠯᠡᠨ ᠬᠡᠷᠡᠭ᠌ᠵᠢᠭᠦᠯᠵᠦ᠍᠂ ᠪᠥᠭᠡᠮ ᠬᠦᠴᠢᠯ᠎ᠦᠨ ᠪᠠᠢᠴᠠᠭᠠᠯᠲᠠ᠎ᠶ᠋ᠢ ᠴᠢᠨᠠᠭᠰᠢᠳᠠ ᠱᠢᠯᠢᠳᠡᠭ᠌ᠵᠢᠭᠦᠯᠬᠦ᠌ ᠬᠡᠷᠡᠭ᠌ᠲᠡᠶ ᠭᠡᠵᠦ᠍ ᠱᠠᠭᠠᠷᠳᠠᠪᠠ᠃ ᠮᠠᠨ᠎ᠤ ᠣᠷᠣᠨ ᠪᠥᠭᠡᠮ ᠬᠦᠴᠢᠯ᠎ᠦᠨ ᠪᠠᠢᠴᠠᠭᠠᠯᠲᠠ᠎ᠶ᠋ᠢ ᠬᠡᠷᠬᠢᠨ ᠴᠢᠨᠠᠭᠰᠢᠳᠠ ᠱᠢᠯᠢᠳᠡᠭ᠌ᠵᠢᠭᠦᠯᠬᠦ᠌ ᠲᠤᠬᠠᠢ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ ᠡᠮᠴᠢᠯᠡᠭᠡᠨ᠎ᠤ ᠶᠠᠪᠤᠳᠠᠯ ᠡᠮᠴᠢᠯᠡᠭᠡᠨ᠎ᠤ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠳᠡᠳ᠋ ᠳᠠᠷᠤᠭ᠎ᠠ ᠵᠠᠩ ᠶᠢᠩ ᠬᠠᠷᠢᠭᠤᠯᠪᠡ᠃
ᠵᠠᠩ ᠶᠢᠩ᠂ ᠪᠥᠭᠡᠮ ᠬᠦᠴᠢᠯ᠎ᠦᠨ ᠪᠠᠢᠴᠠᠭᠠᠯᠲᠠ᠎ᠶ᠋ᠢ ᠴᠢᠨᠠᠭᠰᠢᠳᠠ ᠱᠢᠯᠢᠳᠡᠭ᠌ᠵᠢᠭᠦᠯᠵᠦ᠍᠂ ᠬᠠᠯᠳᠠᠪᠤᠷᠢᠯᠠᠬᠤ ᠲᠦᠭ᠌ᠰᠢᠭᠦᠷᠢ ᠪᠡᠷ ᠨᠡᠯᠢᠶᠡᠳ ᠶᠡᠬᠡ ᠣᠷᠣᠨ ᠪᠦᠰᠡ ᠪᠠ ᠬᠥᠮᠦᠰ᠎ᠲᠦ ᠠᠩᠬᠠᠷᠤᠯ᠎ᠢᠶᠠᠨ ᠲᠥᠪᠯᠡᠷᠡᠭᠦᠯᠬᠦ᠌᠎ᠶ᠋ᠢ ᠴᠢᠬᠤᠯᠠᠴᠢᠯᠠᠨ᠎ᠠ᠃ ᠬᠠᠯᠳᠠᠪᠤᠷᠢᠯᠠᠬᠤ ᠲᠦᠭ᠌ᠰᠢᠭᠦᠷᠢ ᠪᠡᠷ ᠨᠡᠯᠢᠶᠡᠳ ᠶᠡᠬᠡ ᠣᠷᠣᠨ ᠪᠦᠰᠡ᠎ᠳᠦ ᠴᠢᠭ᠌ᠯᠡᠭᠦᠯᠦᠨ᠂ ᠭᠤᠤᠯᠳᠠᠭᠤ 4 ᠲᠠᠯ᠎ᠠ᠎ᠠᠴᠠ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠬᠡᠪᠴᠢᠶ᠎ᠡ᠎ᠶ᠋ᠢ ᠪᠠᠭᠠᠰᠭᠠᠵᠤ᠂ ᠪᠠᠢᠴᠠᠭᠠᠯᠲᠠ ᠬᠢᠬᠦ ᠤᠳᠠᠭ᠎ᠠ᠎ᠶ᠋ᠢ ᠪᠠᠭᠠᠰᠭᠠᠨ᠎ᠠ᠃ ᠨᠢᠭᠡ᠎ᠳᠦ᠂ ᠵᠠᠰᠠᠭ ᠵᠠᠬᠢᠷᠭᠠᠨ᠎ᠤ ᠣᠷᠣᠨ ᠪᠦᠰᠡ ᠪᠡᠷ ᠪᠥᠬᠥ᠌ ᠠᠵᠢᠯᠲᠠᠨ᠎ᠤ ᠪᠥᠭᠡᠮ ᠬᠦᠴᠢᠯ᠎ᠦᠨ ᠪᠠᠢᠴᠠᠭᠠᠯᠲᠠ᠎ᠶ᠋ᠢ ᠥᠷᠨᠢᠭᠦᠯᠬᠦ᠌ ᠥᠬᠡᠶ; ᠬᠣᠶᠠᠷ᠎ᠲᠤ᠂ ᠨᠠᠰᠤᠲᠠᠨ᠎ᠢ ᠠᠰᠠᠷᠠᠬᠤ ᠬᠦᠷᠢᠶᠡᠯᠡᠩ᠂ ᠠᠰᠠᠷᠠᠮᠵᠢ᠎ᠶ᠋ᠢᠨ ᠬᠦᠷᠢᠶᠡᠯᠡᠩ᠂ ᠡᠮᠴᠢᠯᠡᠭᠡᠨ᠎ᠦ ᠪᠠᠢᠭᠤᠯᠤᠮᠵᠢ᠂ ᠬᠡᠦᠬᠡᠳ ᠰᠠᠭᠠᠲᠠᠭᠤᠯᠬᠤ ᠪᠠᠢᠭᠤᠯᠤᠮᠵᠢ᠂ ᠰᠤᠷᠭᠠᠭᠤᠯᠢ ᠵᠡᠷᠭᠡ ᠣᠨᠴᠠᠭᠠᠶ ᠲᠠᠯᠠᠪᠤᠷ ᠭᠠᠵᠠᠷ᠎ᠠᠴᠠ ᠭᠠᠳᠠᠨ᠎ᠠ᠂ ᠪᠥᠭᠡᠮ ᠬᠦᠴᠢᠯ᠎ᠦᠨ ᠪᠠᠢᠴᠠᠭᠠᠯᠲᠠ ᠵᠢᠨ ᠪᠢᠯᠢᠭ ᠴᠢᠨᠠᠷ᠎ᠤᠨ ᠭᠡᠷᠡᠴᠢ ᠬᠠᠩᠭᠠᠬᠤ᠎ᠶ᠋ᠢ ᠱᠠᠭᠠᠷᠳᠠᠬᠤ ᠥᠬᠡᠶ; ᠭᠤᠷᠪᠠ᠎ᠳᠤ᠂ ᠡᠯ᠎ᠡ ᠭᠠᠵᠠᠷ᠎ᠤᠨ᠎ᠬᠢᠨ ᠭᠠᠵᠠᠷ ᠣᠷᠣᠨ ᠰᠤᠨᠳᠠᠯᠠᠵᠤ ᠨᠠᠭᠠᠰᠢ ᠴᠠᠭᠠᠰᠢ ᠶᠠᠪᠤᠵᠦ ᠰᠠᠭᠤᠬᠤ ᠬᠥᠮᠦᠰ᠎ᠤᠨ ᠪᠥᠭᠡᠮ ᠬᠦᠴᠢᠯ᠎ᠦᠨ ᠪᠠᠢᠴᠠᠭᠠᠯᠲᠠᠵᠢᠨᠪᠢᠯᠢᠭ ᠴᠢᠨᠠᠷ᠎ᠤᠨ ᠭᠡᠷᠡᠴᠢ ᠪᠤᠶᠤ ᠡᠷᠡᠭᠦᠯ ᠮᠡᠨᠳᠦ᠍᠎ᠶ᠋ᠢᠨ ᠺᠣᠳ᠋᠎ᠢ ᠪᠠᠢᠴᠠᠭᠠᠬᠤ᠎ᠪᠠᠨ ᠪᠤᠯᠢᠵᠤ᠂ ᠬᠦᠷᠦᠭᠰᠡᠨ ᠭᠠᠵᠠᠷ ᠲᠤᠨᠢ ᠪᠦᠭᠡᠮ ᠬᠦᠴᠢᠯ᠎ᠤᠨ ᠪᠠᠢᠴᠠᠭᠠᠯᠲᠠ᠎ᠬᠢᠬᠦ ᠠᠵᠢᠯᠯᠠᠭ᠎ᠠ ᠵᠢ ᠳᠠᠬᠢᠵᠦ ᠦᠷᠨᠢᠭᠦᠯᠬᠦ ᠥᠬᠡᠶ; ᠳᠥᠷᠪᠡ᠎ᠳᠦ᠂ ᠬᠢᠵᠢᠭ᠎ᠢ ᠰᠡᠷᠭᠡᠢᠯᠡᠬᠦ᠌ ᠠᠵᠢᠯ᠎ᠤᠨ ᠬᠡᠷᠡᠭ᠌ᠴᠡᠭᠡ᠎ᠪᠡᠨ ᠦᠨᠳᠦᠰᠦᠯᠡᠨ᠂ ᠠᠨᠲ᠋ᠢᠪᠤᠳ᠋ᠢᠵᠢᠨ ᠤᠷᠪᠠᠯ᠎ᠤᠨ ᠪᠠᠢᠴᠠᠭᠠᠨ ᠬᠡᠮᠵᠢᠯᠲᠡ᠎ᠵᠢᠨ ᠠᠵᠢᠯ᠎ᠢ ᠥᠷᠨᠢᠭᠦᠯᠵᠦ᠍ ᠪᠣᠯᠤᠨ᠎ᠠ ᠭᠡᠵᠦ ᠢᠯᠡᠳᠭᠡᠪᠡ᠃
ᠵᠠᠩ ᠶᠢᠩ᠂ ᠬᠣᠯᠪᠣᠭ᠍ᠳᠠᠯ ᠪᠥᠬᠥᠶ ᠲᠣᠭ᠍ᠲᠠᠭᠠᠯ ᠶᠣᠰᠣᠭᠠᠷ ᠲᠣᠭ᠍ᠲᠠᠮᠠᠯ ᠬᠤᠭᠤᠴᠠᠭ᠎ᠠ᠎ᠲᠠᠶ᠎ᠪᠠᠷ ᠪᠥᠭᠡᠮ ᠬᠦᠴᠢᠯ᠎ᠦᠨ ᠪᠠᠢᠴᠠᠭᠠᠯᠲᠠ ᠬᠢᠬᠦ᠌ ᠴᠢᠬᠤᠯᠠᠲᠠᠶ ᠲᠦᠭ᠌ᠰᠢᠭᠦᠷᠢ ᠶᠡᠬᠡᠳᠡᠢ ᠠᠵᠢᠯ ᠤᠨ ᠪᠠᠢᠷᠢ ᠳ᠋ᠡᠬᠢ ᠬᠥᠮᠦᠰ᠎ᠨᠢ ᠭᠤᠤᠯᠳᠠᠭᠤ ᠬᠣᠶᠠᠷ ᠲᠥᠷᠥᠯ ᠳ᠋ᠤ ᠪᠠᠭ᠍ᠲᠠᠨ᠎ᠠ᠃ ᠨᠢᠭᠡᠳᠦᠭᠡᠷ ᠲᠥᠷᠥᠯ᠎ᠨᠢ ᠬᠠᠯᠳᠠᠪᠤᠷᠢᠯᠠᠬᠤ ᠲᠦᠭ᠌ᠰᠢᠭᠦᠷᠢ ᠪᠡᠷ ᠨᠡᠯᠢᠶᠡᠳ ᠶᠡᠬᠡ᠂ ᠵᠢᠱ᠌ᠢᠶᠡᠯᠡᠪᠡᠯ ᠬᠢᠯᠢ ᠪᠡᠷ ᠣᠷᠣᠵᠤ ᠢᠷᠡᠭ᠌ᠰᠡᠨ ᠬᠥᠮᠦᠰ᠂ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ᠎ᠤᠨ ᠠᠵᠢᠯᠲᠠᠨ᠂ ᠬᠠᠯᠠᠭᠤᠷᠠᠯ᠎ᠤᠨ ᠡᠭᠦᠳᠡᠨ ᠡᠮᠨᠡᠯᠭᠡ᠎ᠶ᠋ᠢᠨ ᠡᠮᠴᠢᠯᠡᠭᠡᠨ᠎ᠤ ᠠᠵᠢᠯᠲᠠᠨ ᠵᠡᠷᠭᠡ ᠪᠣᠯᠤᠨ᠎ᠠ; ᠬᠣᠶᠠᠳᠤᠭᠠᠷ ᠲᠥᠷᠥᠯ᠎ᠨᠢ ᠠᠵᠢᠯ ᠡᠷᠭᠢᠯᠡᠵᠦ ᠪᠠᠢᠭ᠎ᠠ ᠣᠷᠴᠢᠨ ᠲᠣᠭᠣᠷᠢᠨ ᠳ᠋ᠤᠨᠢ ᠬᠥᠮᠦᠰ ᠨᠡᠯᠢᠶᠡᠳ ᠨᠢᠭ᠍ᠲᠠ᠂ ᠬᠠᠷᠢᠯᠴᠠᠬᠤ ᠬᠥᠮᠦᠰ ᠨᠡᠯᠢᠶᠡᠳ ᠣᠯᠠᠨ᠂ ᠱᠢᠯᠵᠢᠬᠦ᠌ ᠴᠢᠨᠠᠷ᠎ᠢᠶᠠᠷ ᠨᠡᠯᠢᠶᠡᠳ ᠴᠢᠩᠭ᠎ᠠ᠂ ᠵᠢᠱ᠌ᠢᠶᠡᠯᠡᠪᠡᠯ ᠬᠠᠮ ᠳᠡᠯᠭᠡᠭᠦᠷ᠎ᠦᠨ ᠠᠵᠢᠯᠲᠠᠨ᠂ ᠲᠦᠷᠭᠡᠨ ᠬᠦᠷᠭᠡᠭ᠌ᠴᠢ᠂ ᠵᠠᠬᠢᠶᠠᠯᠠᠭ᠎ᠠ᠎ᠶ᠋ᠢᠨ ᠬᠣᠭᠣᠯᠠ ᠬᠦᠷᠭᠡᠭ᠌ᠴᠢ ᠵᠡᠷᠭᠡ ᠪᠣᠯᠤᠨ᠎ᠠ ᠭᠡᠵᠦ ᠲᠠᠢᠯᠪᠤᠷᠢᠯᠡᠪᠡ᠃
ᠵᠠᠷᠢᠮ ᠭᠠᠵᠠᠷ ᠣᠷᠣᠨ᠎ᠤ ᠬᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠱᠢᠯᠢᠳᠡᠭ᠌ᠵᠢᠭᠦᠯᠦᠨ ᠲᠣᠬᠢᠷᠠᠭᠤᠯᠬᠤ ᠶᠠᠪᠤᠴᠠ ᠳᠤᠮᠳᠠ᠂ ᠪᠥᠭᠡᠮ ᠬᠦᠴᠢᠯ᠎ᠦᠨ ᠥᠯᠢᠭᠡᠷ ᠠᠪᠬᠤ ᠴᠡᠭ᠎ᠢ ᠴᠦᠬᠡᠳᠭᠡᠭᠰᠡᠨ ᠡᠴᠡ ᠪᠤᠯᠵᠤ ᠣᠯᠠᠨ ᠲᠦᠮᠡᠨ᠎ᠦ ᠥᠯᠢᠭᠡᠷ ᠠᠪᠬᠤ ᠴᠡᠭ ᠡᠷᠢᠵᠦ ᠤᠯᠬᠤ᠎ᠳᠤ ᠬᠦᠴᠢᠷ᠂ ᠮᠥᠷᠯᠡᠨ ᠬᠦᠯᠢᠶᠡᠬᠦ᠌ ᠴᠠᠭ ᠬᠡᠲᠦ ᠣᠷᠳᠣ ᠪᠣᠯᠤᠭ᠍ᠰᠠᠨ ᠠᠰᠠᠭᠤᠳᠠᠯ᠎ᠳᠤ ᠴᠢᠭ᠌ᠯᠡᠭᠦᠯᠦᠨ᠂ ᠵᠠᠩ ᠶᠢᠩ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠡᠴᠡ ᠲᠤᠰᠭᠠᠶ ᠪᠢᠴᠢᠭ ᠮᠠᠲ᠋ᠧᠷᠢᠶᠠᠯ ᠪᠠᠭᠤᠯᠭᠠᠵᠤ᠂ ᠡᠯ᠎ᠡ ᠭᠠᠵᠠᠷ᠎ᠤᠨ᠎ᠬᠢᠨ ᠨᠢᠭᠡᠨᠲᠡ ᠭᠠᠷᠭᠠᠬᠰᠠᠠ ᠪᠥᠭᠡᠮ ᠬᠦᠴᠢᠯ᠎ᠦᠨ ᠥᠯᠢᠭᠡᠷ ᠠᠪᠬᠤ ᠴᠡᠭ᠎ᠦᠨ ᠪᠠᠢᠷᠢᠱᠢᠭᠤᠯᠤᠯᠲᠠ ᠪᠠ ᠬᠡᠪᠴᠢᠶ᠎ᠡ᠎ᠶ᠋ᠢ ᠬᠤᠪᠢᠷᠠᠭᠤᠯᠬᠤ ᠥᠬᠡᠶ ᠪᠠᠢᠬᠤ᠎ᠶ᠋ᠢ ᠪᠠᠲᠤᠯᠠᠵᠤ᠂ ᠪᠥᠭᠡᠮ ᠬᠦᠴᠢᠯ᠎ᠦᠨ ᠥᠯᠢᠭᠡᠷ ᠠᠪᠬᠤ ᠴᠡᠭ᠎ᠦᠨ ᠬᠠᠮᠢᠶ᠎ᠠ ᠪᠥᠬᠥᠶ ᠮᠡᠳᠡᠭᠡ ᠵᠠᠩᠭᠢ᠎ᠶ᠋ᠢ ᠴᠠᠭ ᠲᠤᠬᠠᠶ᠎ᠳᠤᠨᠢ ᠨᠡᠢᠭᠡᠮ ᠨᠡᠢᠳᠡ᠎ᠳᠦ ᠨᠡᠢᠲᠡᠯᠡᠬᠦ᠌᠎ᠶ᠋ᠢᠨ ᠬᠠᠮᠲᠤ ᠥᠯᠢᠭᠡᠷ ᠠᠪᠬᠤ ᠴᠠᠭ ᠪᠠ ᠡᠭᠡᠯᠵᠢ ᠤᠳᠠᠭ᠎ᠠ᠎ᠶ᠋ᠢ ᠴᠢᠨᠠᠭᠰᠢᠳᠠ ᠱᠢᠯᠢᠳᠡᠭ᠌ᠵᠢᠭᠦᠯᠵᠦ᠍᠂ ᠣᠯᠠᠨ ᠲᠦᠮᠡᠨ᠎ᠦ ᠮᠥᠷᠯᠡᠨ ᠬᠦᠯᠢᠶᠡᠬᠦ᠌ ᠴᠠᠭ᠎ᠢ ᠪᠦᠲᠦᠮᠵᠢᠲᠡᠶ ᠪᠣᠭᠣᠨᠢᠰᠭᠠᠵᠤ᠂ ᠬᠡᠷᠡᠭ᠌ᠴᠡᠭᠡ᠎ᠲᠡᠶ ᠣᠯᠠᠨ ᠲᠦᠮᠡᠨ᠎ᠦ ᠣᠢᠷ᠎ᠠ ᠬᠠᠪᠢ᠎ᠳ᠋ᠠᠭᠠᠨ ᠥᠯᠢᠭᠡᠷ ᠠᠪᠬᠤ᠎ᠳᠤ ᠲᠥᠬᠥᠮ ᠦᠵᠡᠭᠦᠯᠬᠦ᠌ ᠬᠡᠷᠡᠭ᠌ᠲᠡᠶ ᠭᠡᠵᠦ᠍ ᠱᠠᠭᠠᠷᠳᠠᠬᠰᠠᠨ ᠪᠠᠢᠨ᠎ᠠ ᠭᠡᠵᠤ ᠢᠯᠡᠳᠬᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃