ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-12-22 11:14:58

ᠵᠣᠬᠢᠶᠠᠭ᠍ᠴᠢ᠄ ​ᠴᠧᠨ ᠴᠦᠨ ᠶᠠᠨ ᠣᠩᠱᠢᠭ᠍ᠰᠠᠨ ᠣᠳᠠᠭ᠎ᠠ᠄ 3

ᠤᠢ᠍ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠢ᠎ᠠ᠂ ᠡᠮ᠎ᠦᠨ ᠵᠦᠶ᠋ᠯ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠢ᠎ᠠ ᠬᠠᠮᠲᠤᠷᠠᠨ《ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠱᠢᠨ᠎ᠡ ᠪᠠᠢᠳᠠᠯ ᠳᠣᠣᠷ᠎ᠠ ᠬᠢᠵᠢᠭ᠎ᠲᠦ ᠬᠣᠯᠪᠣᠭ᠍ᠳᠠᠭ᠍ᠰᠠᠨ ᠬᠠᠤᠯᠢ᠎ᠡᠴᠡ ᠵᠥᠷᠢᠴᠡᠭ᠌ᠰᠡᠨ ᠶᠠᠯᠠᠲᠤ ᠠᠵᠢᠯᠯᠠᠭ᠎ᠠ ᠳ᠋ᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭ᠌ᠬᠦ ᠲᠤᠬᠠᠢ ᠵᠠᠷᠯᠠᠯ》᠎ᠢ᠋ ᠨᠡᠢᠲᠡᠯᠡᠪᠡ᠃ ᠵᠠᠷᠯᠠᠯ᠎ᠳᠦ᠂ ᠬᠢᠵᠢᠭ᠎ᠦᠨ ᠪᠠᠢᠳᠠᠯ᠎ᠢ ᠪᠠᠢᠩᠭᠤᠵᠢᠭᠤᠯᠤᠨ ᠰᠡᠷᠭᠡᠢᠯᠡᠨ ᠡᠵᠡᠮᠳᠡᠬᠦ᠌ ᠬᠤᠭᠤᠴᠠᠭᠠᠨ᠎ᠳᠤ᠂ ᠬᠠᠭᠤᠷᠮᠠᠭ ᠮᠠᠭᠤ ᠡᠮ᠎ᠦᠨ ᠵᠦᠶ᠋ᠯ᠂ ᠰᠡᠷᠭᠡᠢᠯᠡᠨ ᠬᠠᠮᠠᠭᠠᠯᠠᠬᠤ ᠡᠳ᠋ ᠪᠣᠳᠠᠰ᠎ᠢ ᠦᠶ᠋ᠯᠡᠳᠴᠦ᠍ ᠪᠣᠷᠣᠯᠠᠭᠤᠯᠬᠤ ᠵᠡᠷᠭᠡ ᠬᠢᠵᠢᠭ᠎ᠲᠦ ᠬᠣᠯᠪᠣᠭ᠍ᠳᠠᠭ᠍ᠰᠠᠨ ᠬᠠᠤᠯᠢ᠎ᠡᠴᠡ ᠵᠥᠷᠢᠴᠡᠭᠰᠡᠨ ᠶᠠᠯᠠᠳᠤ ᠠᠵᠢᠯᠯᠠᠭ᠎ᠠ᠎ᠶᠢ ᠬᠠᠤᠯᠢ ᠶᠣᠰᠣᠭᠠᠷ ᠴᠠᠭ ᠲᠤᠬᠠᠶ᠎ᠳᠤᠨᠢ ᠴᠢᠩᠭ᠎ᠠ ᠵᠠᠯᠬᠠᠭᠠᠨ ᠱᠢᠢᠳᠭᠡᠵᠦ᠍᠂ ᠬᠢᠵᠢᠭ᠎ᠲᠡᠶ ᠲᠡᠮᠡᠴᠡᠬᠦ᠌᠂ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌᠂ ᠲᠣᠭ᠍ᠲᠠᠭᠤᠨ᠎ᠢ ᠬᠠᠮᠠᠭᠠᠯᠠᠬᠤ ᠠᠵᠢᠯ᠎ᠤᠨ ᠶᠡᠬᠡ ᠲᠠᠯ᠎ᠠ᠎ᠳᠤ ᠪᠥᠬᠥ᠌ ᠬᠦᠴᠦᠨ᠎ᠢᠶᠡᠷ᠎ᠢᠶᠡᠨ ᠦᠶ᠋ᠯᠡᠴᠢᠯᠡᠵᠦ᠍᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ᠎ᠢ ᠦᠨᠡᠨ ᠬᠦ᠌ ᠬᠠᠮᠠᠭᠠᠯᠠᠨ᠎ᠠ ᠬᠡᠵᠤ ᠵᠢᠭᠠᠵᠤ ᠭᠠᠷᠭᠠᠪᠠ᠃

ᠬᠠᠭᠤᠷᠮᠠᠭ ᠡᠮ᠂ ᠴᠢᠨᠠᠷ ᠮᠠᠭᠤ ᠡᠮ ᠦᠢᠯᠡᠳᠪᠦᠷᠢᠯᠡᠵᠦ ᠪᠣᠷᠣᠯᠠᠭᠤᠯᠤᠭ᠍ᠰᠠᠨ ᠬᠠᠤᠯᠢ᠎ᠡᠴᠡ ᠵᠦᠷᠢᠴᠡᠭᠰᠡᠨ ᠶᠠᠯᠠᠳᠤ ᠠᠵᠢᠯᠯᠠᠭ᠎ᠠ ᠎ᠶ᠋ᠢ ᠬᠠᠤᠯᠢ ᠶᠣᠰᠣᠭᠠᠷ ᠴᠢᠩᠭ᠎ᠠ ᠱᠢᠢᠳᠭᠡᠬᠦ ᠭᠡᠷᠡᠭᠳᠠᠢ᠃ ᠬᠠᠭᠤᠷᠮᠠᠭ ᠡᠮ᠎ᠦᠨ ᠵᠦᠶ᠋ᠯ᠂ ᠢᠯᠠᠩᠭᠤᠶ᠎ᠠ ᠬᠠᠯᠠᠭᠤᠨ᠎ᠢ ᠪᠠᠭᠤᠷᠠᠭᠤᠯᠬᠤ᠂ ᠬᠠᠨᠢᠶᠠᠳᠤ᠎ᠶ᠋ᠢ ᠵᠣᠭ᠍ᠰᠣᠭᠠᠬᠤ᠂ ᠸᠢᠷᠦ᠋ᠰ᠎ᠢ ᠡᠰᠡᠷᠭᠦᠴᠡᠬᠦ᠌᠂ ᠲᠠᠭ᠍ᠰᠢᠭᠤᠷ᠎ᠢ ᠵᠠᠰᠠᠬᠤ ᠵᠡᠷᠭᠡ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢ ᠰᠡᠷᠭᠡᠢᠯᠡᠨ ᠵᠠᠰᠠᠬᠤ᠎ᠳᠤ ᠬᠡᠷᠡᠭ᠌ᠯᠡᠬᠦ᠌ ᠬᠠᠭᠤᠷᠮᠠᠭ ᠡᠮ᠎ᠦᠨ ᠵᠦᠶ᠋ᠯ᠂ ᠸᠠᠺᠼᠢᠨ᠎ᠢ ᠦᠶ᠋ᠯᠡᠳᠪᠦᠷᠢᠯᠡᠵᠦ᠍ ᠪᠣᠷᠣᠯᠠᠭᠤᠯᠪᠠᠯ᠂ ᠡᠷᠡᠭᠦᠦ᠍᠎ᠶ᠋ᠢᠨ ᠬᠠᠤᠯᠢ᠎ᠶ᠋ᠢ ᠦᠨᠳᠦᠰᠦᠯᠡᠨ ᠬᠤᠳᠠᠯ ᠬᠠᠭᠤᠷᠮᠠᠭ ᠦᠶ᠋ᠯᠡᠳᠬᠦᠨ ᠦᠶ᠋ᠯᠡᠳᠪᠦᠷᠢᠯᠡᠭ᠌ᠰᠡᠨ᠂ ᠪᠣᠷᠣᠯᠠᠭᠤᠯᠤᠭ᠍ᠰᠠᠨ᠂ ᠬᠤᠳᠠᠯ ᠬᠠᠭᠤᠷᠮᠠᠭ ᠡᠮ ᠬᠠᠩᠭᠠᠭ᠍ᠰᠠᠨ ᠶᠠᠯ᠎ᠠ᠂ ᠡᠮ᠎ᠦᠨ ᠵᠦᠶ᠋ᠯ᠎ᠦᠨ ᠬᠠᠮᠢᠶᠠᠷᠤᠯᠲᠠ᠎ᠶ᠋ᠢ ᠬᠠᠷᠱᠢᠯᠠᠭ᠍ᠰᠠᠨ ᠶᠠᠯ᠎ᠠ ᠪᠤᠶᠤ ᠬᠠᠭᠤᠷᠮᠠᠬ ᠡᠮ ᠦᠶ᠋ᠯᠡᠳᠪᠦᠷᠢᠯᠡᠭ᠌ᠰᠡᠨ᠂ ᠪᠣᠷᠣᠯᠠᠭᠤᠯᠤᠭ᠍ᠰᠠᠨ᠂ ᠬᠠᠩᠭᠠᠭ᠍ᠰᠠᠨ ᠶᠠᠯ᠎ᠠ᠎ᠪᠠᠷ ᠬᠡᠷᠡᠭ ᠪᠣᠯᠭᠠᠨ ᠳᠡᠩᠰᠡᠯᠡᠵᠦ᠍ ᠲᠠᠩᠨᠠᠨ ᠪᠠᠢᠴᠠᠭᠠᠨ᠎ᠠ᠃

ᠬᠤᠳᠠᠯ ᠬᠠᠭᠤᠷᠮᠠᠭ ᠬᠠᠮᠠᠭᠠᠯᠠᠯᠲᠠ᠎ᠶ᠋ᠢᠨ ᠡᠳ᠋ ᠪᠣᠳᠠᠰ᠂ ᠸᠢᠷᠦ᠋ᠰ᠎ᠢ ᠪᠠᠢᠴᠠᠭᠠᠨ ᠱᠢᠯᠭᠠᠬᠤ ᠦᠢᠯᠡᠳᠬᠦᠨ᠎ᠢ ᠦᠢᠯᠡᠳᠴᠦ᠍ ᠪᠣᠷᠣᠯᠠᠭᠤᠯᠤᠬᠰᠠᠨ ᠬᠠᠤᠯᠢ᠎ᠡᠴᠡ ᠵᠦᠷᠢᠴᠡᠭᠰᠡᠨ ᠶᠠᠯᠠᠲᠤ ᠠᠵᠢᠯᠯᠠᠭ᠎ᠠ᠎ᠶᠢ ᠬᠠᠤᠯᠢ ᠶᠣᠰᠣᠭᠠᠷ ᠴᠢᠩᠭ᠎ᠠ ᠵᠠᠯᠬᠠᠭᠠᠨ ᠱᠢᠢᠳᠭᠡᠬᠦ ᠭᠡᠷᠡᠭᠳᠠᠢ᠃ ᠰᠡᠷᠭᠡᠢᠯᠡᠨ ᠵᠠᠰᠠᠬᠤ ᠰᠡᠷᠭᠡᠢᠯᠡᠨ ᠬᠠᠮᠠᠭᠠᠯᠠᠬᠤ ᠬᠠᠭᠤᠷᠮᠠᠭ ᠦᠶ᠋ᠯᠡᠳᠬᠦᠨ᠂ ᠡᠳ᠋ ᠪᠣᠳᠠᠰ ᠂ ᠢᠯᠠᠩᠭᠤᠶ᠎ᠠ ᠤᠯᠤᠰ᠎ᠤᠨ ᠪᠠᠷᠢᠮᠵᠢᠶ᠎ᠠ᠂ ᠠᠵᠢᠯ ᠲᠥᠷᠥᠯ᠎ᠦᠨ ᠪᠠᠷᠢᠮᠵᠢᠶ᠎ᠠ᠎ᠳᠤ ᠨᠡᠢᠴᠡᠬᠦ᠌ ᠥᠬᠡᠶ ᠡᠮᠴᠢᠯᠡᠭᠡᠨ᠎ᠦ ᠠᠮᠠᠪᠴᠢ᠂ ᠨᠢᠳᠦ ᠬᠠᠮᠠᠭᠠᠯᠠᠬᠤ ᠱᠢᠯ᠂ ᠬᠠᠮᠠᠭᠠᠯᠠᠯᠲᠠ᠎ᠶ᠋ᠢᠨ ᠬᠤᠪᠴᠠᠰᠤ᠂ ᠸᠢᠷᠦ᠋ᠰ᠎ᠢ ᠪᠠᠢᠴᠠᠭᠠᠨ ᠱᠢᠯᠭᠠᠬᠤ ᠦᠶ᠋ᠯᠡᠳᠬᠦᠨ ᠵᠡᠷᠭᠡ ᠡᠮᠴᠢᠯᠡᠭᠡᠨ᠎ᠦ ᠪᠠᠭᠠᠵᠢ ᠬᠡᠷᠡᠭ᠌ᠰᠡᠯ ᠦᠶ᠋ᠯᠡᠳᠪᠦᠷᠢᠯᠡᠭ᠌ᠰᠡᠳ᠂ ᠪᠣᠷᠣᠯᠠᠭᠤᠯᠤᠭ᠍ᠰᠠᠳ ᠢ᠋ ᠡᠷᠡᠭᠦᠦ᠍᠎ᠶ᠋ᠢᠨ ᠬᠠᠤᠯᠢ᠎ᠶ᠋ᠢᠨ ᠬᠠᠭᠤᠷᠮᠠᠭ ᠦᠶ᠋ᠯᠡᠳᠬᠦᠨ ᠦᠶ᠋ᠯᠡᠳᠪᠦᠷᠢᠯᠡᠭ᠌ᠰᠡᠨ᠂ ᠪᠣᠷᠣᠯᠠᠭᠤᠯᠤᠭ᠍ᠰᠠᠨ ᠶᠠᠯ᠎ᠠ᠂ ᠪᠠᠷᠢᠮᠵᠢᠶ᠎ᠠ᠎ᠳᠤ ᠨᠡᠢᠴᠡᠬᠦ᠌ ᠥᠬᠡᠶ ᠡᠮᠴᠢᠯᠡᠭᠡᠨ᠎ᠦ ᠪᠠᠭᠠᠵᠢ ᠬᠡᠷᠡᠭ᠌ᠰᠡᠯ ᠦᠶ᠋ᠯᠡᠳᠪᠦᠷᠢᠯᠡᠭ᠌ᠰᠡᠨ᠂ ᠪᠣᠷᠣᠯᠠᠭᠤᠯᠤᠭ᠍ᠰᠠᠨ ᠶᠠᠯ᠎ᠠ᠎ᠪᠠᠷ ᠬᠡᠷᠡᠭ ᠪᠣᠯᠭᠠᠨ ᠳᠡᠩᠰᠡᠯᠡᠵᠦ᠍ ᠳᠡᠩᠨᠡᠨ ᠪᠠᠢᠴᠠᠭᠠᠨ᠎ᠠ᠃

ᠦᠨ᠎ᠡ ᠬᠠᠩᠰᠢ᠎ᠶ᠋ᠢ ᠥᠰᠭᠡᠭᠰᠡᠨ ᠬᠠᠤᠯᠢ᠎ᠡᠴᠡ ᠵᠦᠷᠢᠴᠡᠭᠰᠡᠨ ᠶᠠᠯᠠᠳᠤ ᠠᠵᠢᠯᠯᠠᠭ᠎ᠠ ᠎ᠶ᠋ᠢ ᠬᠠᠤᠯᠢ ᠶᠣᠰᠣᠭᠠᠷ ᠴᠢᠩᠭ᠎ᠠ ᠱᠢᠢᠳᠭᠡᠬᠦ ᠭᠡᠷᠡᠭᠳᠠᠢ᠃ ᠤᠯᠤᠰ᠎ᠤᠨ ᠦᠨ᠎ᠡ ᠬᠠᠩᠰᠢ᠎ᠶ᠋ᠢᠨ ᠬᠠᠤᠯᠢ ᠴᠠᠭᠠᠵᠠ ᠬᠠᠤᠯᠢ ᠲᠣᠭ᠍ᠲᠠᠭᠠᠯ᠎ᠡᠴᠡ ᠵᠥᠷᠢᠴᠡᠵᠦ᠍᠂ ᠬᠢᠵᠢᠭ᠎ᠢ ᠰᠡᠷᠭᠡᠢᠯᠡᠨ ᠡᠵᠡᠮᠳᠡᠬᠦ ᠪᠠᠴᠢᠮ ᠬᠡᠷᠡᠭ᠌ᠴᠡᠭᠡ᠎ᠲᠡᠶ ᠠᠮᠠᠪᠴᠢ᠂ ᠨᠢᠳᠦ ᠬᠠᠮᠠᠭᠠᠯᠠᠬᠤ ᠱᠢᠯ᠂ ᠬᠠᠮᠠᠭᠠᠯᠠᠯᠲᠠ᠎ᠶ᠋ᠢᠨ ᠬᠤᠪᠴᠠᠰᠤ᠂ ᠠᠷᠢᠭᠤᠳᠭᠠᠬᠤ ᠱᠢᠩᠭᠡᠨ ᠵᠡᠷᠭᠡ ᠬᠠᠮᠠᠭᠠᠯᠠᠯᠲᠠ᠎ᠶ᠋ᠢᠨ ᠬᠡᠷᠡᠭ᠌ᠰᠡᠯ᠂ ᠬᠢᠵᠢᠭ᠎ᠢ ᠰᠡᠷᠭᠡᠢᠯᠡᠬᠦ᠌ ᠡᠮ᠎ᠦᠨ ᠵᠦᠶ᠋ᠯ ᠪᠤᠶᠤ ᠠᠷᠠᠳ᠎ᠤᠨ ᠠᠮᠢᠳᠤᠷᠠᠯ᠎ᠳᠤ ᠬᠣᠯᠪᠣᠭ᠍ᠳᠠᠬᠤ ᠪᠤᠰᠤᠳ ᠲᠠᠸᠠᠷ᠎ᠤᠨ ᠦᠨ᠎ᠡ ᠬᠠᠩᠰᠢ᠎ᠶ᠋ᠢ ᠬᠤᠷᠠᠮᠳᠤᠭᠤᠯᠤᠨ ᠳᠠᠷᠤᠵᠤ ᠬᠣᠨᠵᠢᠨ ᠵᠠᠪᠱᠢᠵᠤ᠂ ᠦᠷᠢᠰᠤᠯᠳᠤᠨ ᠥᠰᠭᠡᠵᠦ᠍᠂ ᠬᠡᠲᠦ ᠠᠱᠢᠭ ᠬᠣᠨᠵᠢᠵᠤ᠂ ᠬᠠᠤᠯᠢ᠎ᠡᠴᠡ ᠵᠥᠷᠢᠴᠡᠵᠦ᠍ ᠣᠯᠤᠭ᠍ᠰᠠᠨ ᠠᠱᠢᠭ ᠣᠯᠵᠠᠪᠤᠷᠢ᠎ᠨᠢ ᠨᠡᠯᠢᠶᠡᠳ ᠶᠡᠬᠡ ᠪᠤᠶᠤ ᠪᠤᠰᠤᠳ ᠦᠶ᠋ᠯᠡ ᠪᠠᠢᠳᠠᠯ ᠨᠢ ᠬᠦᠨᠳᠤ ᠨᠤᠴᠢᠳᠠᠢ ᠂ ᠵᠠᠬ᠎ᠠ ᠳᠡᠯᠭᠡᠭᠦᠷ᠎ᠦᠨ ᠡᠮᠬᠢ ᠵᠢᠷᠤᠮ᠎ᠢ ᠬᠦᠨᠳᠦ ᠨᠣᠴᠢᠲᠠᠶ ᠰᠠᠮᠠᠭᠤᠷᠠᠭᠤᠯᠤᠭ᠍ᠰᠠᠨ ᠪᠠᠢᠪᠠᠯ ᠡᠷᠡᠭᠦᠦ᠍᠎ᠶ᠋ᠢᠨ ᠬᠠᠤᠯᠢ᠎ᠶ᠋ᠢ ᠦᠨᠳᠦᠰᠦᠯᠡᠨ ᠬᠠᠤᠯᠢ ᠪᠤᠰᠤ᠎ᠪᠠᠷ ᠡᠵᠡᠩᠨᠡᠭ᠌ᠰᠡᠨ ᠶᠠᠯ᠎ᠠ᠎ᠪᠠᠷ ᠬᠡᠷᠡᠭ ᠪᠣᠯᠭᠠᠨ ᠳᠡᠩᠰᠡᠯᠡᠵᠦ᠍ ᠳᠡᠩᠨᠡᠨ ᠰᠢᠢᠳᠪᠦᠷᠢᠯᠡᠨ᠎ᠠ᠃

ᠴᠤᠤᠷᠬᠠᠯ ᠲᠠᠯᠪᠢᠵᠤ ᠴᠤᠤᠷᠬᠠᠯ ᠲᠠᠷᠬᠠᠭᠠᠭ᠍ᠰᠠᠨ ᠬᠠᠤᠯᠢ᠎ᠡᠴᠡ ᠵᠦᠷᠢᠴᠡᠭᠰᠡᠨ ᠶᠠᠯᠠᠳᠤ ᠠᠵᠢᠯᠯᠠᠭ᠎ᠠ᠎ᠶ᠋ᠢ ᠬᠠᠤᠯᠢ ᠶᠣᠰᠣᠭᠠᠷ ᠴᠢᠩᠭ᠎ᠠ ᠱᠢᠢᠳᠭᠡᠬᠦ ᠭᠡᠷᠡᠭᠳᠠᠢ᠃ ᠬᠢᠵᠢᠭ᠎ᠦᠨ ᠪᠠᠢᠳᠠᠯ᠎ᠳᠤ ᠬᠣᠯᠪᠣᠭ᠍ᠳᠠᠭ᠍ᠰᠠᠨ ᠬᠤᠳᠠᠯ ᠬᠠᠭᠤᠷᠮᠠᠭ ᠮᠡᠳᠡᠭᠡ ᠵᠠᠩᠭᠢ ᠵᠣᠬᠢᠶᠠᠵᠤ᠂ ᠮᠡᠳᠡᠭᠡ ᠵᠠᠩᠭᠢ᠎ᠶ᠋ᠢᠨ ᠰᠦᠯᠵᠢᠢ᠎ᠡ ᠪᠤᠶᠤ ᠪᠤᠰᠤᠳ ᠵᠠᠭᠤᠴᠢᠯᠠᠭᠤᠷ ᠳᠡᠭᠡᠷ᠎ᠡ ᠲᠠᠷᠬᠠᠭᠠᠭ᠍ᠰᠠᠨ᠂ ᠡᠰᠡᠬᠦᠯ᠎ᠡ ᠬᠢᠵᠢᠭ᠎ᠦᠨ ᠪᠠᠢᠳᠠᠯ᠎ᠳᠤ ᠬᠣᠯᠪᠣᠭ᠍ᠳᠠᠭ᠍ᠰᠠᠨ ᠬᠤᠳᠠᠯ ᠬᠠᠭᠤᠷᠮᠠᠭ ᠮᠡᠳᠡᠭᠡ ᠵᠠᠩᠭᠢ ᠪᠣᠯᠬᠤ᠎ᠶ᠋ᠢ ᠲᠣᠳᠣᠷᠬᠠᠢ ᠮᠡᠳᠡᠵᠦ᠍ ᠪᠠᠢᠭᠠᠳ ᠮᠡᠳᠡᠭᠡ ᠵᠠᠩᠭᠢ᠎ᠶ᠋ᠢᠨ ᠰᠦᠯᠵᠢᠢ᠎ᠡ ᠪᠤᠶᠤ ᠪᠤᠰᠤᠳ ᠵᠠᠭᠤᠴᠢᠯᠠᠭᠤᠷ ᠳᠡᠭᠡᠷ᠎ᠡ ᠵᠣᠷᠢᠭᠤᠳᠠ ᠲᠠᠮᠵᠢᠭᠤᠯᠤᠨ ᠲᠠᠷᠬᠠᠭᠠᠵᠤ᠂ ᠨᠡᠢᠭᠡᠮ᠎ᠦᠨ ᠡᠮᠬᠢ ᠵᠢᠷᠤᠮ᠎ᠢ ᠬᠦᠨᠳᠦ ᠨᠣᠴᠢᠲᠠᠢ ᠰᠠᠮᠠᠭᠤᠷᠠᠭᠤᠯᠤᠭ᠍ᠰᠠᠨ ᠪᠠᠢᠪᠠᠯ᠂ ᠡᠷᠡᠭᠦᠦ᠍᠎ᠶ᠋ᠢᠨ ᠬᠠᠤᠯᠢ᠎ᠶ᠋ᠢ ᠦᠨᠳᠦᠰᠦᠯᠡᠨ᠂ ᠬᠤᠳᠠᠯ ᠬᠠᠭᠤᠷᠮᠠᠭ ᠮᠡᠳᠡᠭᠡ ᠵᠠᠩᠭᠢ ᠵᠣᠬᠢᠶᠠᠭ᠍ᠰᠠᠨ᠂ ᠵᠣᠷᠢᠭᠤᠳᠠ ᠲᠠᠮᠵᠢᠭᠤᠯᠤᠨ ᠲᠠᠷᠬᠠᠭᠠᠭ᠍ᠰᠠᠨ ᠶᠠᠯ᠎ᠠ᠂ ᠬᠡᠷᠡᠭ ᠦᠳᠤᠬᠡᠵᠤ ᠤᠢᠮᠡᠬᠦᠯᠦᠭᠰᠡᠨ ᠶᠠᠯ᠎ᠠ᠎ᠪᠠᠷ ᠬᠡᠷᠡᠭ ᠪᠣᠯᠭᠠᠨ ᠲᠠᠩᠰᠠᠯᠠᠵᠤ ᠲᠠᠩᠨᠠᠨ ᠪᠠᠢᠴᠠᠭᠠᠨ᠎ᠠ᠃

ᠳᠡᠭᠡᠷᠡᠬᠢ ᠦᠢᠯᠡ ᠠᠵᠢᠯᠯᠠᠭ᠎ᠠ᠎ᠨᠢ ᠬᠠᠷᠠᠬᠠᠨ ᠶᠠᠯ᠎ᠠ᠎ᠪᠤᠯᠬᠤ ᠎ᠳᠤ ᠬᠥᠷᠥᠭᠰᠡᠨ ᠥᠬᠡᠢ ᠪᠤᠯ ᠂ ᠳᠣᠲᠣᠭᠠᠳᠤ᠎ᠶ᠋ᠢ ᠬᠠᠮᠠᠭᠠᠯᠠᠬᠤ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠪᠠ ᠡᠮ᠎ᠦᠨ ᠵᠦᠶ᠋ᠯ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠡᠴᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭ᠍ᠲᠠᠭᠠᠯ ᠢ᠋ ᠦᠨᠳᠦᠰᠦᠯᠡᠨ ᠬᠠᠤᠯᠢ᠎ᠡᠴᠡ ᠵᠥᠷᠢᠴᠡᠵᠦ᠍ ᠣᠯᠤᠭ᠍ᠰᠠᠨ ᠠᠱᠢᠭ ᠣᠯᠵᠠᠪᠤᠷᠢ᠂ ᠬᠠᠤᠯᠢ ᠪᠤᠰᠤ ᠡᠳ᠋ ᠪᠣᠳᠠᠰ᠎ᠢ᠎ᠨᠢ ᠬᠣᠷᠢᠶᠠᠮᠵᠢᠯᠠᠵᠤ᠂ ᠵᠥᠪᠱᠢᠶᠡᠷᠡᠯ᠎ᠦᠨ ᠦᠨᠡᠮᠯᠡᠯ᠎ᠢ᠎ᠨᠢ ᠲᠦᠷ ᠦᠯᠡᠳᠡᠭᠡᠵᠦ᠍ ᠠᠪᠬᠤ ᠪᠠ ᠬᠣᠷᠢᠶᠠᠮᠵᠢᠯᠠᠵᠤ ᠬᠦᠴᠦᠨ ᠥᠬᠡᠶ ᠪᠣᠯᠭᠠᠵᠤ᠂ ᠦᠶ᠋ᠯᠡᠳᠪᠦᠷᠢᠯᠡᠯ ᠡᠵᠡᠩᠨᠡᠯᠲᠡ᠎ᠶ᠋ᠢᠨ ᠠᠵᠢᠯᠯᠠᠭ᠎ᠠ ᠥᠷᠨᠢᠭᠦᠯᠬᠦ᠌᠎ᠶ᠋ᠢ᠎ᠨᠢ ᠬᠢᠵᠠᠭᠠᠷᠯᠠᠵᠤ᠂ ᠦᠶ᠋ᠯᠡᠳᠪᠦᠷᠢᠯᠡᠯ᠎ᠢ᠎ᠨᠢ ᠵᠣᠭ᠍ᠰᠣᠭᠠᠬᠤ᠂ ᠠᠵᠢᠯ᠎ᠢ᠎ᠨᠢ ᠵᠣᠭ᠍ᠰᠣᠭᠠᠬᠤ᠂ ᠡᠭᠦᠳᠡ᠎ᠶ᠋ᠢ᠎ᠨᠢ ᠬᠠᠭᠠᠯᠭᠠᠬᠤ᠂ ᠠᠵᠢᠯ ᠡᠷᠬᠢᠯᠡᠬᠦ᠌᠎ᠶ᠋ᠢ᠎ᠨᠢ ᠬᠢᠵᠠᠭᠠᠷᠯᠠᠬᠤ᠂ ᠵᠠᠰᠠᠭ ᠵᠠᠬᠢᠷᠭᠠᠨ᠎ᠤ ᠲᠦᠷ ᠬᠤᠷᠢᠬᠤ ᠵᠡᠷᠭᠡ ᠵᠠᠰᠠᠭ ᠵᠠᠬᠢᠷᠭᠠᠨ᠎ᠤ ᠱᠢᠢᠳᠭᠡᠯ ᠲᠣᠷᠭᠠᠭᠤᠯᠢ ᠥᠭ᠌ᠬᠦᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面