ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-12-23 12:59:19

ᠵᠣᠬᠢᠶᠠᠭ᠍ᠴᠢ᠄ ᠸᠠᠩ ᠢᠦᠢ ᠵᠦᠸᠸ ᠬᠤᠤ ᠪᠢᠶᠤᠤ ᠬᠠᠢ ᠵᠢᠶᠦ᠋ᠨ ᠣᠩᠱᠢᠭ᠍ᠰᠠᠨ ᠣᠳᠠᠭ᠎ᠠ᠄ 3

ᠤᠢ᠍ᠢᠷ᠎ᠡ ᠎ᠶ᠋ᠢᠨ ᠡᠳᠦᠷ᠂ ᠥᠪᠥᠷ ᠮᠣᠩᠭᠣᠯ᠎ᠤᠨ ᠤᠯᠠᠨ ᠭᠠᠵᠠᠷ᠎ᠤᠨ ᠲᠤᠰᠭᠠᠢ ᠮᠡᠷᠭᠡᠵᠢᠯ᠎ᠦᠨ ᠡᠮᠴᠢᠯᠡᠭᠡᠨ᠎ᠦ ᠪᠠᠢᠭᠤᠯᠤᠮᠵᠢ ᠨᠤᠭᠤᠳ ᠬᠢᠲᠠᠳ ᠡᠮ ᠡᠮᠨᠡᠯᠭᠡ ᠎ᠶ᠋ᠢᠨ ᠦᠢᠯᠡᠴᠢᠯᠡᠭᠡ ᠥᠷᠨᠢᠭᠦᠯᠵᠦ᠍᠂ ᠨᠡᠢᠭᠡᠮ ᠨᠡᠢᠲᠡ᠎ᠳᠦ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢ ᠰᠡᠷᠭᠡᠢᠯᠡᠨ ᠵᠠᠰᠠᠬᠤ ᠬᠢᠲᠠᠳ ᠡᠮ ᠎ᠦᠨ ᠵᠣᠷ ᠎ᠢ ᠨᠡᠢᠲᠡᠯᠡᠵᠦ᠍᠂ ᠬᠤᠳᠠ ᠎ᠶ᠋ᠢᠨ ᠠᠷᠠᠳ᠎ᠢ ᠬᠢᠲᠠᠳ ᠡᠮᠨᠡᠯᠭᠡ ᠵᠢᠨ ᠡᠷᠡᠭᠦᠯ ᠮᠡᠨᠳᠦ᠍ ᠎ᠶ᠋ᠢᠨ ᠬᠠᠮᠢᠶᠠᠷᠤᠯᠲᠠ ᠵᠢᠴᠢ ᠡᠷᠡᠭᠦᠯ ᠰᠠᠷᠠᠭᠤᠯ ᠠᠮᠢᠳᠤᠷᠠᠯ ᠎ᠤᠨ ᠠᠷᠭ᠎ᠠ ᠬᠡᠯᠪᠡᠷᠢ ᠎ᠪᠡᠷ ᠲᠤᠰ ᠪᠡᠶ᠎ᠡ ᠵᠢᠨ ᠡᠭᠡᠯᠢᠯᠡᠭᠡ ᠵᠢᠨ ᠴᠢᠳᠠᠪᠤᠷᠢ ᠎ᠪᠠᠨ ᠳᠡᠭᠡᠭ᠌ᠰᠢᠯᠡᠭᠦᠯᠬᠦ᠌ ᠎ᠶ᠋ᠢ ᠬᠦᠳᠦᠯᠦᠨ ᠵᠢᠯᠣᠭᠣᠳᠪᠠ᠃

《ᠬᠢᠵᠢᠭ ᠎ᠦᠨ ᠪᠠᠢᠳᠠᠯ ᠲᠤᠤᠷ᠎ᠠ᠂ ᠬᠢᠲᠠᠳ ᠡᠮᠨᠡᠯᠭᠡ ᠮᠣᠩᠭᠣᠯ ᠡᠮᠨᠡᠯᠭᠡ᠎ᠪᠡᠷ ᠬᠡᠷᠬᠢᠨ ᠡᠷᠡᠭᠦᠯᠵᠢᠭᠦ ᠵᠢ ᠲᠠᠨ᠎ᠳᠤ ᠵᠢᠭᠠᠵᠤ ᠦᠭᠭᠦᠶ᠎ᠡ》ᠬᠡᠵᠦ ᠣᠢᠷ᠎ᠠ ᠳ᠋ᠤ ᠦᠬᠠᠶ ᠬᠣᠲᠠ ᠎ᠶ᠋ᠢᠨ ᠮᠣᠩᠭᠣᠯ ᠬᠢᠲᠠᠳ ᠡᠮᠨᠡᠯᠭᠡ ᠎ᠶ᠋ᠢᠨ ᠬᠣᠷᠢᠶ᠎ᠠ ᠡᠳᠦᠷ ᠪᠦᠷᠢ ᠵᠢᠷᠭᠢᠶ᠎ᠡ ᠵᠢᠨ ᠣᠯᠠᠨ ᠨᠡᠢᠲᠡ ᠎ᠶ᠋ᠢᠨ ᠲᠠᠪᠴᠠᠩ ᠳᠡᠭᠡᠷ᠎ᠡ ᠡᠷᠡᠭᠦᠯ ᠮᠡᠨᠳᠦ᠍ ᠎ᠶ᠋ᠢᠨ ᠬᠠᠮᠢᠶᠠᠷᠤᠯᠲᠠ ᠎ᠶ᠋ᠢᠨ ᠵᠢᠯᠣᠭᠣᠳᠤᠮᠵᠢ ᠎ᠶ᠋ᠢ ᠨᠡᠢᠲᠡᠯᠡᠵᠦ᠍᠂ ᠢᠳᠡᠭᠡᠨ ᠤᠮᠳᠠᠭᠠᠨ ᠵᠢᠡᠷ ᠤᠷᠢᠳᠴᠢᠯᠠᠨ ᠰᠡᠷᠭᠡᠢᠯᠡᠬᠦ᠌ ᠵᠣᠷ᠎ᠬᠠᠩᠭᠠᠵᠤ᠂ ᠬᠣᠲᠠ ᠎ᠶ᠋ᠢᠨ ᠠᠷᠠᠳ ᠎ᠤᠨ ᠡᠷᠡᠭᠦᠯ ᠰᠠᠷᠠᠭᠤᠯ ᠠᠮᠢᠳᠤᠷᠠᠯ ᠎ᠤᠨ ᠠᠷᠭ᠎ᠠ ᠬᠡᠯᠪᠡᠷᠢ ᠪᠡᠷ ᠲᠣᠰ ᠪᠡᠶ᠎ᠡ ᠎ᠶ᠋ᠢᠨ ᠡᠭᠡᠯᠢᠯᠡᠭᠡ ᠎ᠶ᠋ᠢᠨ ᠴᠢᠳᠠᠪᠤᠷᠢ ᠎ᠪᠠᠨ ᠳᠡᠭᠡᠭ᠌ᠰᠢᠯᠡᠭᠦᠯᠬᠦ᠌ ᠵᠢ ᠬᠦᠲᠦᠯᠦᠨ ᠵᠢᠯᠤᠭᠤᠳᠪᠠ᠃

《 ᠱᠢᠨ᠎ᠡ ᠲᠢᠲᠢᠮᠯᠢᠭ ᠠᠭᠤᠰᠭᠢᠨ ᠦᠷᠪᠢᠰᠦᠯ ᠎ᠢ ᠰᠡᠷᠭᠡᠢᠯᠡᠬᠦ᠌ ᠱᠥᠯᠥ᠍᠄ ᠲᠦᠭᠦᠬᠡᠶ ᠭᠠ 6 ᠬᠡᠰᠡᠭ᠂ ᠴᠢᠪᠠᠭ᠎ᠠ 6(ᠨᠢᠬᠳᠠ ᠬᠡᠷᠴᠢᠨ᠎ᠡ)᠂ ᠰᠠᠷᠢᠮᠰᠠᠭ 7 (ᠨᠢᠴᠠᠯᠤᠨ᠎ᠠ) ᠵᠢ 2500 ml ᠤᠰᠤᠨ ᠳ᠋ᠤ 20 ᠮᠢᠨᠦ᠋ᠲ ᠴᠢᠨᠠᠪᠠᠯ ᠪᠣᠯᠴᠢᠬᠠᠨ᠎ᠠ᠃ ᠲᠡᠭᠦᠨ ᠎ᠦ ᠭᠣᠣᠯ ᠦᠢᠯᠡᠳᠦᠯ ᠨᠢ ᠳᠡᠯᠢᠭᠦᠦ᠍ ᠎ᠶ᠋ᠢ ᠰᠠᠢᠵᠢᠷᠠᠭᠤᠯᠵᠤ ᠬᠣᠳᠣᠭᠣᠳᠣ ᠎ᠶ᠋ᠢ ᠱᠢᠮᠡᠵᠢᠭᠦᠯᠵᠦ᠍᠂ ᠬᠠᠯᠠᠭᠤᠨ ᠠᠷᠭ᠎ᠠ᠎ᠪᠠᠷ ᠬᠣᠣᠷ ᠎ᠢ ᠲᠠᠢᠯᠳᠠᠭ; ᠬᠡᠷᠡᠭ᠌ᠯᠡᠬᠦ᠌ ᠠᠷᠭ᠎ᠠ᠄ ᠨᠢᠭᠡ ᠤᠳᠠᠭ᠎ᠠ ᠨᠢᠭᠡ ᠠᠶᠠᠭ᠎ᠠ᠂ ᠡᠳᠦᠷ᠎ᠲᠦ ᠨᠢᠭᠡ ᠤᠳᠠᠭ᠎ᠠ᠂ ᠬᠣᠭᠣᠯᠠᠨ ᠎ᠤ ᠳᠠᠷᠠᠭ᠎ᠠ 30 ᠮᠢᠨᠦ᠋ᠲ ᠎ᠲᠦ ᠪᠦᠯᠢᠶᠡᠨ ᠵᠢᠡᠷ ᠤᠤᠭᠤᠨ᠎ᠠ 》 ᠬᠡᠵᠦ ᠤᠢᠷ᠎ᠠ ᠎ᠳᠤ ᠂ ᠲᠣᠰ ᠡᠮᠨᠡᠯᠭᠡ ᠎ᠶ᠋ᠢᠨ ᠬᠣᠷᠢᠶᠠᠨ ᠎ᠤ ᠭᠠᠷᠭᠠᠭ᠍ᠰᠠᠨ ᠡᠷᠡᠭᠦᠯ ᠮᠡᠨᠳᠦ᠍ ᠎ᠶ᠋ᠢᠨ ᠬᠠᠮᠢᠶᠠᠷᠤᠯᠲᠠ ᠎ᠶ᠋ᠢᠨ ᠵᠢᠯᠣᠭᠣᠳᠤᠮᠵᠢ ᠎ᠶ᠋ᠢᠨ ᠨᠢᠭᠡᠳᠦᠭᠡᠷ ᠡᠮᠬᠢᠳᠭᠡᠯ ᠎ᠳᠦ᠂ ᠢᠳᠡᠭᠡᠨ ᠤᠮᠳᠠᠭᠠᠨ ᠎ᠤ ᠡᠮᠴᠢᠯᠡᠭᠡ ᠡᠮᠲᠦ ᠢᠳᠡᠭᠡᠨ ᠤᠮᠳᠠᠭᠠᠨ᠂ ᠴᠠᠶ ᠂ ᠬᠢᠲᠠᠳ ᠡᠮ ᠡᠮᠨᠡᠯᠭᠡ ᠎ᠶ᠋ᠢᠨ ᠤᠷᠢᠳᠴᠢᠯᠠᠨ ᠰᠡᠷᠭᠡᠢᠯᠡᠬᠦ᠌ ᠡᠮᠴᠢᠯᠡᠭᠡ ᠵᠡᠷᠭᠡ ᠠᠭᠤᠯᠭ᠎ᠠ ᠨᠢ ᠨᠠᠷᠢᠯᠢᠬ ᠭᠦᠶ᠋ᠴᠡᠳ ᠪᠠᠢᠯ᠎ᠠ᠃ ᠲᠤᠰ ᠵᠢᠯᠤᠭᠤᠳᠤᠮᠵᠢ ᠨᠢ ᠨᠡᠢᠳᠡᠯᠡᠭᠳᠡᠮᠡᠭᠴᠡ ᠬᠤᠳᠠ ᠶ᠋ᠢᠨ ᠠᠷᠠᠳ ᠮᠠᠰᠢ ᠢᠳᠡᠪᠬᠢᠲᠡᠶ᠎ᠪᠡᠷ ᠲᠠᠮᠵᠢᠭᠤᠯᠤᠨ ᠲᠠᠷᠬᠠᠭᠠᠪᠠ᠃ ᠲᠣᠰ ᠡᠮᠨᠡᠯᠭᠡ ᠵᠢᠨ ᠬᠤᠷᠢᠶᠠᠨ᠎ᠤ ᠨᠡᠢᠲᠡᠯᠡᠭ᠌ᠰᠡᠨ ᠡᠷᠡᠭᠦᠯ ᠮᠡᠨᠳᠦ᠍ ᠎ᠶ᠋ᠢᠨ ᠬᠠᠮᠢᠶᠠᠷᠤᠯᠲᠠ ᠎ᠶ᠋ᠢᠨ ᠵᠢᠯᠣᠭᠣᠳᠤᠮᠵᠢ ᠎ᠶ᠋ᠢᠨ ᠭᠤᠷᠪᠠᠳᠤᠭᠠᠷ ᠡᠮᠬᠢᠳᠭᠡᠯ ᠎ᠳᠦ ᠪᠠᠰᠠ ᠸᠢᠳᠢᠣ᠋ + ᠵᠢᠷᠤᠭ ᠥᠰᠥᠭ ᠎ᠦᠨ ᠬᠡᠯᠪᠡᠷᠢ ᠎ᠪᠡᠷ ᠬᠣᠲᠠ ᠎ᠶ᠋ᠢᠨ ᠠᠷᠠᠳ ᠎ᠲᠤ ᠪᠡᠶ᠎ᠡ ᠴᠢᠬᠢᠷᠠᠭᠵᠢᠭᠤᠯᠬᠤ ᠲᠠᠮᠢᠷ ᠎ᠢ ᠲᠦᠭᠡᠮᠡᠯᠵᠢᠭᠦᠯᠪᠡ᠃

ᠲᠠᠨᠢᠯᠴᠠᠭᠤᠯᠤᠭ᠍ᠰᠠᠨ᠎ᠢᠶᠠᠷ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ ᠎ᠢ ᠰᠡᠷᠭᠡᠢᠯᠡᠨ ᠵᠠᠰᠠᠬᠤ ᠠᠵᠢᠯ ᠎ᠤᠨ ᠦᠶ᠋ᠯᠡᠳᠦᠯᠭᠡ ᠎ᠶ᠋ᠢ ᠦᠨᠳᠦᠰᠦᠯᠡᠨ᠂ ᠦᠬᠠᠶ ᠬᠣᠲᠠ ᠎ᠶ᠋ᠢᠨ ᠮᠣᠩᠭᠣᠯ ᠬᠢᠲᠠᠳ ᠡᠮᠨᠡᠯᠭᠡ ᠎ᠶ᠋ᠢᠨ ᠬᠣᠷᠢᠶ᠎ᠠ ᠬᠢᠲᠠᠳ ᠡᠮᠨᠡᠯᠭᠡ(ᠮᠣᠩᠭᠣᠯ ᠡᠮᠨᠡᠯᠭᠡ)᠎ᠶ᠋ᠢᠨ ᠡᠷᠡᠭᠦᠯ ᠮᠡᠨᠳᠦ᠍ ᠎ᠶ᠋ᠢᠨ ᠬᠠᠮᠢᠶᠠᠷᠤᠯᠲᠠ ᠎ᠶ᠋ᠢᠨ ᠠᠵᠢᠯ ᠎ᠤᠨ ᠵᠢᠯᠣᠭᠣᠳᠤᠮᠵᠢ ᠎ᠶ᠋ᠢᠨ ᠲᠥᠰᠦᠯ ᠎ᠢ ᠲᠣᠭ᠍ᠲᠠᠭᠠᠵᠤ᠂ ᠲᠣᠭ᠍ᠲᠠᠮᠠᠯ ᠬᠤᠭᠤᠴᠠᠭ᠎ᠠ ᠎ᠲᠠᠶ ᠎ᠪᠠᠷ ᠵᠢᠷᠭᠢᠶ᠎ᠡ ᠵᠢᠨ ᠲᠠᠪᠴᠠᠩ ᠲᠡᠭᠡᠷ᠎ᠡ ᠬᠢᠲᠠᠳ ᠡᠮ ᠎ᠢᠶᠡᠷ ᠤᠷᠢᠳᠴᠢᠯᠠᠨ ᠰᠡᠷᠭᠡᠢᠯᠡᠬᠦ᠌᠂ ᠢᠳᠡᠭᠡᠨ ᠤᠮᠳᠠᠭᠠᠨ᠎ᠤ ᠡᠮᠴᠢᠯᠡᠭᠡ ᠂ ᠡᠮᠲᠦ ᠢᠳᠡᠭᠡᠨ ᠤᠮᠳᠠᠭᠠᠨ᠂ ᠬᠢᠵᠢᠭ ᠎ᠢ ᠰᠡᠷᠭᠡᠢᠯᠡᠬᠦ᠌ ᠦᠨᠦᠷᠲᠦ ᠤᠭᠤᠲᠠ᠂ ᠲᠥᠭᠡᠨᠡᠯᠭᠡ᠂ ᠬᠢᠲᠠᠳ ᠡᠮᠨᠡᠯᠭᠡ ᠰᠤᠪᠢᠯᠠᠯᠲᠠ ᠎ᠶ᠋ᠢᠨ ᠪᠡᠶ᠎ᠡ ᠴᠢᠬᠢᠷᠠᠭᠵᠢᠭᠤᠯᠬᠤ ᠲᠠᠮᠢᠷ ᠵᠡᠷᠭᠡ ᠠᠭᠤᠯᠭ᠎ᠠ ᠎ᠲᠤᠬᠢᠷᠠᠭᠤᠯᠵᠦ᠂ ᠬᠣᠲᠠ ᠎ᠶ᠋ᠢᠨ ᠠᠷᠠᠳ ᠎ᠤᠨ ᠬᠢᠲᠠᠳ ᠡᠮᠨᠡᠯᠭᠡ ᠪᠡᠷ ᠡᠷᠡᠭᠦᠯ ᠮᠡᠨᠳᠦ᠍ ᠎ᠶ᠋ᠢᠨ ᠬᠠᠮᠢᠶᠠᠷᠤᠯᠲᠠ ᠬᠢᠵᠦ᠍᠂ ᠪᠡᠶ᠎ᠡ ᠮᠠᠬᠠᠪᠣᠳ ᠎ᠤᠨ ᠡᠷᠡᠭᠦᠯ ᠮᠡᠨᠳᠦ᠍ ᠎ᠶ᠋ᠢ ᠪᠠᠲᠤᠯᠠᠬᠤ ᠵᠢ ᠬᠦᠲᠦᠯᠦᠨ ᠵᠢᠯᠤᠭᠤᠳᠪᠠ᠃

ᠤᠯᠠᠭᠠᠨᠴᠠᠪ ᠬᠤᠳᠠ ᠎ᠶ᠋ᠢᠨ ᠬᠤᠸᠠᠳᠧ ᠱᠢᠶᠠᠨ ᠎ᠤ ᠠᠷᠠᠳ ᠎ᠤᠨ ᠡᠮᠨᠡᠯᠭᠡ ᠎ᠶ᠋ᠢᠨ ᠬᠣᠷᠢᠶ᠎ᠠ ᠵᠢᠨ ᠬᠢᠲᠠᠳ ᠡᠮᠨᠡᠯᠭᠡ ᠎ᠶ᠋ᠢᠨ ᠰᠠᠯᠠᠭ᠎ᠠ ᠨᠢ《ᠱᠢᠨ᠎ᠡ ᠲᠢᠲᠢᠮᠯᠢᠭ ᠠᠭᠤᠰᠭᠢᠨ ᠦᠷᠪᠢᠰᠦᠯ ᠎ᠢ ᠰᠡᠷᠭᠡᠢᠯᠡᠨ ᠵᠠᠰᠠᠬᠤ ᠬᠢᠲᠠᠳ ᠡᠮ ᠡᠮᠨᠡᠯᠭᠡ ᠎ᠶ᠋ᠢᠨ ᠦᠢᠯᠡᠴᠢᠯᠡᠭᠡ》 ᠥᠷᠨᠢᠭᠦᠯᠵᠦ᠂ ᠲᠣᠰ ᠡᠮᠨᠡᠯᠭᠡ ᠎ᠶ᠋ᠢᠨ ᠬᠣᠷᠢᠶᠠᠨ ᠎ᠤ ᠱᠢᠨ᠎ᠡ ᠲᠢᠲᠢᠮᠯᠢᠭ ᠠᠭᠤᠰᠭᠢᠨ ᠦᠷᠪᠢᠰᠦᠯ ᠎ᠢ ᠰᠡᠷᠭᠡᠢᠯᠡᠨ ᠵᠠᠰᠠᠬᠤ ᠬᠢᠲᠠᠳ ᠡᠮ ᠡᠮᠨᠡᠯᠭᠡ ᠎ᠶ᠋ᠢᠨ ᠲᠤᠰᠭᠠᠶ ᠮᠡᠷᠭᠡᠵᠢᠯᠲᠡᠨ ᠎ᠦ ᠳᠤᠭᠤᠢᠯᠠᠩ᠎ᠤᠨ ᠬᠢᠨ ᠬᠠᠮᠤᠭ ᠎ᠤᠨ ᠣᠯᠠᠨ ᠲᠣᠬᠢᠶᠠᠯᠳᠤᠳᠠᠭ ᠡᠪᠡᠳᠴᠢᠨ ᠎ᠦ ᠬᠡᠯᠪᠡᠷᠢ ᠎ᠳᠦ ᠴᠢᠭ᠌ᠯᠡᠭᠦᠯᠦᠨ ᠱᠢᠨ᠎ᠡ ᠲᠢᠲᠢᠮᠯᠢᠭ ᠠᠭᠤᠰᠭᠢᠨ ᠦᠷᠪᠢᠰᠦᠯ ᠎ᠢ ᠤᠷᠢᠳᠴᠢᠯᠠᠨ ᠰᠡᠷᠭᠡᠢᠯᠡᠬᠦ᠌ ᠪᠠ ᠡᠮᠨᠡᠨ ᠵᠠᠰᠠᠬᠤ ᠵᠣᠷ᠎ᠢ ᠲᠣᠰ ᠲᠣᠰ ᠲᠣᠭ᠍ᠲᠠᠭᠠᠵᠤ᠂ ᠵᠣᠬᠢᠬᠤ ᠬᠡᠮᠵᠢᠶᠡᠨ᠎ᠤ ᠬᠢᠲᠠᠳ ᠡᠮ ᠎ᠢ ᠤᠷᠢᠳᠴᠢᠯᠠᠨ ᠲᠤᠬᠢᠷᠠᠭᠤᠯᠵᠦ ᠨᠠᠢᠷᠠᠬᠰᠠᠨ ᠪᠥᠭᠡᠳ ᠡᠷᠡᠭᠦᠯᠵᠢᠭᠦᠯᠬᠦ᠌ ᠠᠰᠠᠷ ᠎ᠤᠨ ᠵᠢᠡᠨ ᠨᠢᠭᠡᠳᠦᠭᠡᠷ ᠳᠠᠪᠬᠤᠷᠯᠢᠭ ᠎ᠲᠠᠭᠠᠨ 《ᠨᠢᠭᠡ ᠥᠷᠲᠡᠭᠡᠴᠢᠯᠡᠭᠰᠡᠨ ᠮᠠᠶᠢᠭ》 ᠎ᠤ᠋ᠨ ᠦᠶ᠋ᠯᠡᠴᠢᠯᠡᠭᠡ ᠲᠣᠬᠢᠷᠠᠭᠤᠯᠵᠤ᠂ ᠡᠪᠡᠳᠴᠢᠲᠡᠨ ᠣᠨᠣᠱᠢᠯᠠᠭᠤᠯᠤᠭᠰᠠᠨ ᠎ᠤ ᠳᠠᠷᠠᠭ᠎ᠠ ᠱᠢᠭᠤᠳ ᠡᠮ ᠠᠪᠴᠤ᠌ ᠳᠡᠢᠯᠬᠦ ᠪᠤᠯᠭᠠᠵᠤ᠂ ᠬᠦᠯᠢᠶᠡᠬᠦ᠌ ᠴᠠᠭ ᠎ᠢ ᠶᠡᠬᠡ ᠎ᠪᠡᠷ ᠪᠣᠭᠣᠨᠢᠰᠭᠠᠪᠠ᠃

ᠣᠢᠯᠠᠭᠠᠭ᠍ᠰᠠᠨ ᠎ᠢᠶᠠᠷ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ ᠎ᠦᠨ ᠬᠢᠵᠢᠭ ᠎ᠦᠨ ᠪᠠᠢᠳᠠᠯ ᠭᠠᠷᠤᠭ᠍ᠰᠠᠨ ᠎ᠠᠴᠠ ᠨᠠᠭᠠᠰᠢ᠂ ᠣᠷᠳᠣᠰ ᠬᠣᠲᠠ ᠎ᠶ᠋ᠢᠨ ᠬᠢᠲᠠᠳ ᠡᠮᠨᠡᠯᠭᠡ ᠎ᠶ᠋ᠢᠨ ᠬᠣᠷᠢᠶ᠎ᠠ 《ᠱᠢᠨ᠎ᠡ ᠲᠢᠲᠢᠮᠯᠢᠭ ᠠᠭᠤᠰᠭᠢᠨ ᠦᠷᠪᠢᠰᠦᠯ ᠎ᠢ ᠣᠨᠣᠱᠢᠯᠠᠨ ᠡᠮᠨᠡᠬᠦ᠌ ᠲᠥᠰᠦᠯ 》 ᠪᠣᠯᠤᠨ 《 ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ ᠎ᠤ ᠱᠢᠨ᠎ᠡ ᠲᠢᠲᠢᠮᠯᠢᠭ ᠠᠭᠤᠰᠭᠢᠨ ᠦᠷᠪᠢᠰᠦᠯ ᠎ᠢ ᠬᠢᠲᠠᠳ ᠡᠮ ᠡᠮᠨᠡᠯᠭᠡ ᠪᠡᠷ ᠰᠡᠷᠭᠡᠢᠯᠡᠨ ᠵᠠᠰᠠᠬᠤ ᠲᠥᠰᠦᠯ 》 ᠎ᠤ᠋ᠨ ᠬᠠᠮᠢᠶ᠎ᠠ ᠪᠥᠬᠥᠶ ᠠᠭᠤᠯᠭ᠎ᠠ ᠎ᠶ᠋ᠢ ᠦᠨᠳᠦᠰᠦᠯᠡᠨ᠂ ᠣᠳᠣᠬᠠᠨ ᠎ᠤ ᠣᠷᠳᠣᠰ ᠬᠣᠲᠠ ᠎ᠶ᠋ᠢᠨ ᠠᠭᠤᠷ ᠠᠮᠢᠰᠭᠤᠯ ᠂ ᠴᠠᠭ ᠤᠯᠠᠷᠢᠯ᠂ ᠬᠥᠮᠦᠰ ᠎ᠦᠨ ᠣᠨᠴᠠᠯᠢᠭ ᠵᠢᠴᠢ ᠪᠦᠬᠦ᠌ ᠬᠣᠲᠠ ᠎ᠶ᠋ᠢᠨ ᠠᠷᠭ᠎ᠠ ᠴᠢᠨᠠᠷ ᠢᠯᠡᠷᠡᠭᠰᠡᠨ ᠡᠪᠡᠳᠴᠢᠲᠡᠨ᠂ ᠬᠢᠲᠠᠳ ᠡᠮᠨᠡᠯᠭᠡ ᠎ᠶ᠋ᠢᠨ ᠪᠦᠳᠦᠮᠵᠢᠳᠡᠢ ᠣᠨᠣᠱᠢᠯᠠᠨ ᠡᠮᠨᠡᠭᠰᠡᠨ ᠲᠤᠷᠱᠢᠯᠭ᠎ᠠ᠎ᠲᠠᠶ ᠤᠶᠠᠯᠳᠤᠭᠤᠯᠤᠨ᠂ ᠬᠢᠲᠠᠳ ᠡᠮ ᠡᠮᠨᠡᠯᠭᠡ ᠎ᠶ᠋ᠢᠨ ᠲᠤᠰᠬᠠᠢ ᠮᠡᠷᠭᠡᠵᠢᠯᠲᠡᠨ ᠎ᠦ ᠳᠤᠭᠤᠢᠯᠠᠩ᠎ᠤᠨ ᠬᠢᠨ ᠬᠢᠨᠠᠮᠠᠭᠠᠶ ᠰᠤᠳᠤᠯᠬᠤ ᠎ᠪᠠᠷ ᠳᠠᠮᠵᠢᠨ᠂《ᠱᠢᠨ᠎ᠡ ᠲᠢᠲᠢᠮᠯᠢᠭ ᠠᠭᠤᠰᠭᠢᠨ ᠦᠷᠪᠢᠰᠦᠯ ᠎ᠢ ᠬᠢᠲᠠᠳ ᠡᠮ ᠡᠮᠨᠡᠯᠭᠡ ᠎ᠪᠡᠷ ᠰᠡᠷᠭᠡᠢᠯᠡᠨ ᠵᠠᠰᠠᠬᠤ ᠲᠥᠰᠦᠯ》 ᠎ᠢ᠋ ᠲᠣᠭ᠍ᠲᠠᠭᠠᠬᠤ ᠵᠢᠨ ᠬᠠᠮᠲᠤ ᠤᠷᠢᠳᠴᠢᠯᠠᠨ ᠰᠡᠷᠭᠡᠢᠯᠡᠬᠦ᠌ ᠵᠣᠷ ᠪᠠ ᠡᠮᠴᠢᠯᠡᠨ ᠵᠠᠰᠠᠬᠤ 5 ᠵᠣᠷ ᠎ᠢ ᠨᠡᠢᠭᠡᠮ ᠨᠡᠢᠳᠡ ᠎ᠳᠦ ᠨᠡᠢᠲᠡᠯᠡᠵᠦ᠂ ᠣᠯᠠᠨ ᠲᠦᠮᠡᠨ ᠎ᠦ ᠴᠠᠭ ᠲᠤᠬᠠᠶ ᠎ᠳᠤᠨᠢ ᠬᠢᠲᠠᠳ ᠡᠮ ᠬᠤᠳᠠᠯᠳᠤᠨ ᠠᠪᠬᠤ ᠪᠠ ᠬᠡᠷᠡᠭ᠌ᠯᠡᠬᠦ᠌ ᠎ᠳᠦ ᠳᠥᠭᠥᠮ ᠦᠵᠡᠬᠦᠯᠵᠦ᠂ ᠡᠷᠡᠭᠦᠯ ᠡᠩᠬᠡ ᠣᠷᠳᠣᠰ᠎ᠤᠨ ᠪᠠᠢᠭᠤᠯᠤᠯᠲᠠ ᠎ᠳᠤ ᠬᠢᠲᠠᠳ ᠡᠮ ᠡᠮᠨᠡᠯᠭᠡ ᠎ᠶ᠋ᠢᠨ ᠬᠦᠴᠦᠨ ᠨᠡᠮᠡᠷᠢᠯᠡᠵᠦ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面