ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-12-23 17:03:00

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠣᠢᠷ᠎ᠠ᠎ᠳᠤ ᠮᠠᠰᠢ ᠣᠯᠠᠨ ᠬᠥᠮᠦᠨ ᠵᠢᠴᠢ ᠴᠥᠭᠡᠨ ᠪᠤᠰᠤ ᠱᠢᠨ᠎ᠡ ᠲᠢᠲᠢᠮᠯᠢᠭ ᠸᠢᠷᠦ᠋ᠰ᠎ᠤᠨ ᠬᠠᠯᠳᠠᠪᠤᠷᠢᠯᠠᠭ᠍ᠳᠠᠭᠴᠢ ᠡᠷᠡᠭᠦᠯᠵᠢᠭ᠌ᠰᠡᠨ᠎ᠦ ᠳᠠᠷᠠᠭ᠎ᠠ ᠵᠠᠯᠭᠠᠭ᠎ᠠ᠎ᠪᠠᠷ ᠠᠵᠢᠯ᠎ᠤᠨ ᠪᠠᠢᠷᠢ᠎ᠳᠠᠭᠠᠨ ᠪᠤᠴᠠᠵᠤ ᠡᠬᠢᠯᠡᠵᠡᠢ᠂ ᠳᠡᠭᠡᠪᠡᠯ ᠬᠡᠷᠬᠢᠨ ᠠᠮᠤᠷ ᠲᠦᠪᠱᠢᠨ᠎ᠢᠶᠡᠷ ᠠᠵᠢᠯ᠎ᠤᠨ ᠪᠠᠢᠷᠢ᠎ᠳᠠᠭᠠᠨ ᠪᠤᠴᠠᠬᠤ ᠪᠣᠶ?

ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠰᠠᠯᠠᠭ᠎ᠠ ᠮᠥᠴᠢᠷ ᠵᠢᠷᠭᠤᠭᠠᠨ ᠲᠠᠯ᠎ᠠ ᠎ᠠᠴᠠ ᠣᠯᠠᠨ ᠎ᠳᠤ ᠠᠮᠤᠷ ᠲᠦᠪᠱᠢᠨ᠎ᠢᠶᠡᠷ ᠠᠵᠢᠯᠯᠠᠬᠤ ᠲᠤᠬᠠᠶ ᠳᠣᠲᠣᠨᠣᠰᠣᠭ ᠰᠠᠨᠠᠭᠤᠯᠤᠮᠵᠢ ᠦᠭᠬᠦᠯ᠎ᠠ ᠄

ᠠᠮᠠᠪᠴᠢ ᠵᠡᠭᠦᠬᠦ᠌᠎ᠶ᠋ᠢ ᠪᠠᠷᠢᠮᠲᠠᠯᠠᠨ᠎ᠠ᠃

ᠠᠵᠢᠯᠯᠠᠬᠤ ᠵᠠᠮ᠎ᠳᠠᠭᠠᠨ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠪᠠᠭᠠᠵᠢ ᠪᠤᠶᠤ ᠰᠡᠤᠭᠡᠳᠦ ᠴᠠᠬᠢᠯᠭᠠᠨ ᠱᠠᠲᠤᠨ᠎ᠳᠤ ᠰᠠᠭᠤᠬᠤ᠎ᠳᠠᠭᠠᠨ ᠠᠮᠠᠪᠴᠢ ᠵᠡᠭᠦᠬᠦ᠌᠎ᠶ᠋ᠢ ᠵᠢᠷᠤᠮᠵᠢᠭᠤᠯᠬᠤ ᠬᠡᠷᠡᠭ᠌ᠲᠡᠶ᠃ ᠠᠵᠢᠯᠯᠠᠬᠤ ᠲᠠᠯᠠᠪᠤᠷ ᠎ᠲᠤ᠂ ᠱᠢᠨᠵᠢᠯᠡᠬᠦ᠌ ᠤᠬᠠᠭᠠᠨᠴᠢ᠎ᠪᠠᠷ ᠠᠮᠠᠪᠴᠢ ᠵᠡᠭᠦᠬᠦ᠌᠎ᠶ᠋ᠢ ᠪᠠᠷᠢᠮᠲᠠᠯᠠᠵᠤ᠂ ᠪᠡᠶ᠎ᠡ᠎ᠳᠡᠭᠡᠨ ᠠᠮᠠᠪᠴᠢ ᠠᠪᠴᠤ᠌ ᠶᠠᠪᠤᠵᠤ ᠂ ᠠᠳᠠᠯᠢ ᠪᠤᠰᠤ ᠬᠥᠮᠦᠰ᠎ᠦᠨ ᠪᠠᠢᠳᠠᠯ᠎ᠢ ᠦᠵᠡᠵᠦ᠍ ᠲᠣᠬᠢᠷᠠᠮᠵᠢᠲᠠᠢ ᠠᠮᠠᠪᠴᠢ ᠵᠡᠭᠦᠬᠦ᠌᠎ᠶ᠋ᠢ ᠰᠠᠨᠠᠭᠤᠯᠤᠶ᠎ᠠ᠃

ᠠᠵᠢᠯᠯᠠᠬᠤ ᠲᠠᠯᠠᠪᠤᠷ᠎ᠲᠦ᠎ᠰᠠᠯᠬᠢ ᠨᠡᠪᠲᠡᠷᠡᠭᠦᠯᠬᠦ᠌ ᠵᠢ ᠪᠠᠲᠤᠯᠠᠨ᠎ᠠ᠃

ᠰᠠᠯᠬᠢ ᠨᠡᠪᠲᠡᠷᠡᠭᠦᠯᠬᠦ᠌᠎ᠳᠡᠭᠡᠨ ᠤᠷᠢᠳᠠᠪᠠᠷ ᠴᠣᠩᠬᠣ᠎ᠪᠠᠨ ᠨᠡᠭᠡᠭᠡᠵᠦ᠍᠂ ᠠᠶᠠᠨᠳᠠᠭᠠᠨ ᠰᠠᠯᠬᠢ ᠨᠡᠪᠲᠡᠷᠡᠭᠦᠯᠬᠦ᠌ ᠠᠷᠭ᠎ᠠ᠎ᠶ᠋ᠢ ᠬᠡᠷᠡᠭ᠌ᠯᠡᠨ᠎ᠡ᠃ ᠨᠥᠬᠥᠴᠡᠯ᠎ᠲᠡᠶ ᠪᠣᠯ ᠰᠠᠯᠬᠢᠨ ᠰᠡᠩᠰᠡ ᠵᠡᠷᠭᠡ ᠬᠡᠢ ᠰᠣᠷᠣᠬᠤ ᠲᠥᠬᠥᠭᠡᠷᠦᠮᠵᠢ᠎ᠶ᠋ᠢ ᠨᠡᠭᠡᠭᠡᠵᠦ᠍ ᠭᠡᠷ ᠳᠣᠲᠣᠷᠠᠬᠢ ᠠᠭᠠᠷ᠎ᠤᠨ ᠰᠤᠯᠢᠭᠳᠠᠯ ᠢ᠋ ᠠᠬᠢᠭᠤᠯᠵᠦ ᠪᠣᠯᠤᠨ᠎ᠠ᠃ ᠠᠭᠠᠷ ᠲᠣᠬᠢᠷᠠᠭᠤᠯᠤᠭ᠍ᠴᠢ᠎ᠶ᠋ᠢ ᠬᠡᠷᠡᠭ᠌ᠯᠡᠬᠦ᠌᠎ᠡᠴᠡ ᠡᠮᠦᠨ᠎ᠡ ᠤᠬᠢᠶᠠᠨ ᠴᠡᠪᠡᠷᠯᠡᠬᠦ᠌ ᠪᠠ ᠠᠷᠢᠭᠤᠳᠭᠠᠬᠤ᠎ᠪᠠᠨ ᠴᠢᠩᠭᠠᠳᠭᠠᠵᠤ᠂ ᠠᠭᠠᠷ ᠲᠣᠬᠢᠷᠠᠭᠤᠯᠤᠭ᠍ᠴᠢ ᠎ᠶ᠋ᠢᠨ ᠰᠠᠯᠬᠢ ᠨᠡᠪᠲᠡᠷᠡᠭᠦᠯᠬᠦ᠌ ᠱᠢᠰᠲ᠋ᠧᠮ᠎ᠢ ᠲᠥᠪᠯᠡᠷᠡᠭᠦᠯᠦᠨ ᠬᠡᠷᠡᠭ᠌ᠯᠡᠬᠦ᠌ ᠦᠶ᠎ᠡ᠎ᠳᠦ ᠬᠡᠷ ᠳᠣᠲᠣᠷᠠᠬᠢ ᠴᠡᠪᠡᠷ ᠠᠭᠠᠷ ᠤ᠋ᠨ ᠬᠡᠮᠵᠢᠶ᠎ᠡ ᠎ᠶ᠋ᠢ ᠡᠷᠡᠭᠦᠯ ᠬᠠᠮᠠᠭᠠᠯᠠᠯ ᠎ᠤᠨ ᠪᠠᠷᠢᠮᠵᠢᠶ᠎ᠠ ᠎ᠶ᠋ᠢᠨ ᠱᠠᠭᠠᠷᠳᠠᠯᠭ᠎ᠠ᠎ᠳᠤ ᠬᠦᠷᠭᠡᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠂ ᠭᠡᠪᠡᠴᠦ᠍ ᠲᠣᠭ᠍ᠲᠠᠭ᠍ᠰᠠᠨ ᠴᠠᠭ᠎ᠲᠤ ᠭᠠᠳᠠᠷ ᠴᠣᠩᠬᠣ᠎ᠶ᠋ᠢ ᠨᠡᠭᠡᠭᠡᠵᠦ᠍ ᠰᠠᠯᠬᠢ ᠨᠡᠪᠲᠡᠷᠡᠭᠦᠯᠬᠦ᠌᠎ᠪᠡᠨ ᠴᠢᠩᠭᠠᠳᠭᠠᠬᠤ ᠬᠡᠷᠡᠭ᠌ᠲᠡᠶ᠃

ᠬᠤᠪᠢ ᠬᠥᠮᠦᠨ᠎ᠦ ᠡᠷᠡᠭᠦᠯ ᠬᠠᠮᠠᠭᠠᠯᠠᠯ᠎ᠢ ᠪᠠᠲᠤᠯᠠᠵᠤ᠂ ᠭᠠᠷ᠎ᠢᠶᠠᠨ ᠦᠷᠭᠦᠯᠵᠢ ᠤᠬᠢᠶᠠᠨ᠎ᠠ᠃

ᠠᠵᠢᠯᠯᠠᠬᠤ ᠲᠠᠯᠠᠪᠤᠷ᠎ᠲᠤ ᠬᠦᠷᠦᠭ᠌ᠰᠡᠨ᠎ᠦ ᠳᠠᠷᠠᠭ᠎ᠠ ᠤᠷᠢᠳ᠎ᠢᠶᠠᠷ ᠭᠠᠷ᠎ᠢᠶᠠᠨ ᠤᠬᠢᠶᠠᠵᠤ᠂ ᠠᠵᠢᠯᠯᠠᠬᠤ ᠬᠤᠭᠤᠴᠠᠭᠠᠨ᠎ᠳᠤ ᠲᠦᠷᠭᠡᠨ ᠳᠠᠮᠵᠢᠭᠤᠯᠭ᠎ᠠ᠂ ᠬᠣᠭ ᠨᠣᠪᠰᠢ ᠴᠡᠪᠡᠷᠯᠡᠬᠦ᠌᠂ ᠬᠣᠭᠣᠯᠠᠨ᠎ᠠᠴᠠ ᠡᠮᠦᠨ᠎ᠡ ᠭᠠᠳᠠᠭᠠᠯᠠᠭᠰᠠᠨ᠎ᠤ ᠳᠠᠷᠠᠭ᠎ᠠ ᠵᠡᠷᠭᠡ ᠪᠠᠢᠳᠠᠯ ᠳᠤᠤᠷ᠎ᠠ᠂ ᠴᠠᠭ ᠲᠤᠬᠠᠶ᠎ᠳᠤᠨᠢ ᠭᠠᠷ᠎ᠢᠶᠠᠨ ᠤᠬᠢᠶᠠᠬᠤ ᠪᠤᠶᠤ ᠭᠠᠷ᠎ᠢᠶᠠᠨ ᠠᠷᠢᠭᠤᠳᠭᠠᠬᠤ ᠬᠡᠷᠡᠭ᠌ᠲᠡᠶ᠃ ᠴᠡᠪᠡᠷᠯᠡᠭ᠌ᠰᠡᠨ ᠦᠭᠡᠢ ᠭᠠᠷ᠎ᠢᠶᠠᠷ᠎ᠢᠶᠠᠨ ᠠᠮᠠ᠂ ᠨᠢᠳᠦ᠂ ᠬᠠᠮᠠᠷ᠎ᠢᠶᠠᠨ ᠲᠡᠮᠲᠡᠷᠢᠬᠦ᠌ ᠦᠭᠡᠢ᠃ ᠭᠠᠳᠠᠭ᠍ᠰᠢ ᠭᠠᠷᠤᠭᠠᠳ ᠭᠡᠷ᠎ᠲᠦ᠍᠎ᠪᠡᠨ ᠬᠠᠷᠢᠪᠠᠯ᠂ ᠵᠠᠪᠠᠯ ᠤᠷᠢᠳ᠎ᠢᠶᠠᠷ ᠭᠠᠷ᠎ᠢᠶᠠᠨ ᠤᠬᠢᠶᠠᠬᠤ ᠬᠡᠷᠡᠭ᠌ᠲᠡᠶ᠃

ᠣᠷᠴᠢᠨ ᠲᠣᠭᠣᠷᠢᠨ ᠎ᠤ ᠠᠷᠢᠭᠤᠨ ᠴᠡᠪᠡᠷ᠎ᠢ ᠪᠠᠲᠤᠯᠠᠨ᠎ᠠ᠃

ᠣᠷᠴᠢᠨ ᠲᠣᠭᠣᠷᠢᠨ᠎ᠤ ᠠᠷᠢᠭᠤᠨ ᠴᠡᠪᠡᠷ᠎ᠢ ᠪᠠᠲᠤᠯᠠᠵᠤ᠂ ᠬᠣᠭ ᠨᠣᠪᠰᠢ᠎ᠶ᠋ᠢ ᠴᠠᠭ ᠲᠤᠬᠠᠶ᠎ᠳᠤᠨᠢ ᠴᠡᠪᠡᠷᠯᠡᠨ᠎ᠡ᠃ ᠴᠠᠬᠢᠯᠭᠠᠨ ᠱᠠᠲᠤ᠎ᠶ᠋ᠢᠨ ᠳᠠᠷᠤᠪᠴᠢ᠂ ᠨᠢᠭᠤᠷ ᠰᠢᠷᠪᠢᠬᠦ(ᠬᠤᠷᠤᠭᠤ ᠳᠠᠷᠤᠬᠤ) ᠮᠠᠱᠢᠨ ᠂ ᠠᠯᠪᠠᠨ ᠱᠢᠷᠡᠭᠡ ᠂ ᠬᠤᠷᠠᠯ᠎ᠤᠨ ᠱᠢᠷᠡᠭᠡ ᠂ ᠮᠢᠺᠷᠣᠹᠣᠨ ᠂ ᠡᠭᠦᠳᠡᠨ ᠪᠠᠷᠢᠭᠤᠯ ᠵᠡᠷᠭᠡ ᠨᠡᠢᠲᠡ᠎ᠶ᠋ᠢᠨ ᠬᠡᠷᠡᠭ᠌ᠯᠡᠭᠡᠨ᠎ᠦ ᠡᠳ᠋ ᠪᠣᠳᠠᠰ ᠪᠤᠶᠤ ᠣᠷᠣᠨ ᠪᠠᠢᠷᠢ᠎ᠶ᠋ᠢ ᠴᠡᠪᠡᠷᠯᠡᠨ ᠠᠷᠢᠭᠤᠳᠭᠠᠬᠤ ᠬᠡᠷᠡᠭ᠌ᠲᠡᠶ᠃ ᠰᠫᠢᠷᠲ ᠪᠤᠶᠤ ᠾᠯᠣᠷ ᠠᠭᠤᠯᠤᠭ᠍ᠰᠠᠨ ᠠᠷᠢᠭᠤᠳᠭᠠᠬᠤ ᠱᠢᠩᠭᠡᠨ᠎ᠢᠶᠡᠷ ᠵᠦᠯᠭᠦᠪᠡᠯ ᠪᠣᠯᠴᠢᠬᠠᠨ᠎ᠠ᠃

ᠠᠮᠤᠷ ᠲᠦᠪᠱᠢᠨ᠎ᠢᠶᠡᠷ ᠬᠣᠭᠣᠯᠠᠯᠠᠨ᠎ᠠ᠃

ᠠᠵᠢᠯᠲᠠᠨ᠎ᠤ ᠬᠣᠭᠣᠯᠠᠨ ᠭᠡᠷ ᠠᠯᠢ ᠴᠢᠳᠠᠬᠤ᠎ᠪᠠᠷ ᠬᠥᠮᠦᠨ ᠬᠠᠷ᠎ᠠ ᠬᠤᠷᠠᠵᠤ ᠴᠤᠭ᠍ᠯᠠᠷᠠᠬᠤ ᠎ᠠᠴᠠ ᠵᠠᠢᠯᠠᠰᠭᠢᠬᠦ᠌ ᠬᠡᠷᠡᠭ᠌ᠲᠡᠶ᠂ ᠢᠳᠡᠭᠡᠨ ᠤᠮᠳᠠᠭᠠᠨ᠎ᠤ ᠬᠡᠷᠡᠭ᠌ᠰᠡᠯ᠎ᠢ ᠨᠢᠭᠡ ᠬᠥᠮᠦᠨ ᠨᠢᠭᠡ ᠵᠢ ᠬᠡᠷᠡᠭ᠌ᠯᠡᠵᠤ ᠠᠷᠢᠭᠤᠳᠭᠠᠬᠤ ᠬᠡᠷᠡᠭᠳᠠᠢ᠃ ᠬᠣᠭᠣᠯᠠ ᠠᠪᠬᠤ ᠎ᠳᠠᠭᠠᠨ ᠭᠠᠷ ᠎ᠤᠨ ᠠᠷᠢᠭᠤᠨ ᠴᠡᠪᠡᠷ᠎ᠢ ᠠᠩᠬᠠᠷᠴᠤ᠌᠂ ᠨᠡᠢᠭᠡᠮ᠎ᠦᠨ ᠬᠠᠷᠢᠯᠴᠠᠭᠠᠨ᠎ᠤ ᠠᠮᠤᠷ ᠲᠦᠪᠱᠢᠨ ᠵᠠᠶ᠎ᠶ᠋ᠢ ᠪᠠᠲᠤᠯᠠᠬᠤ ᠬᠡᠷᠡᠭ᠌ᠲᠡᠶ᠃ ᠬᠣᠭᠣᠯᠠ ᠢᠳᠡᠬᠦ᠌ ᠦᠶᠡᠰ ᠲᠠᠷᠬᠠᠢ ᠰᠠᠭᠤᠵᠤ᠂ ᠪᠥᠭᠡᠮᠨᠡᠷᠡᠬᠦ᠌ ᠦᠭᠡᠢ᠂ ᠵᠣᠭᠣᠭ᠍ᠳᠠᠬᠤ ᠦᠭᠡᠢ᠂ ᠨᠢᠭᠤᠷᠳᠠᠨ ᠬᠣᠭᠣᠯᠠ ᠢᠳᠡᠬᠦ᠌᠎ᠡᠴᠡ ᠵᠠᠢᠯᠠᠰᠭᠢᠨ᠎ᠡ᠃

ᠠᠷᠭ᠎ᠠ ᠴᠢᠨᠠᠷ ᠡᠴᠡ ᠡᠷᠡᠬᠦᠯᠵᠢᠭᠰᠡᠨ ᠎ᠤ ᠳᠠᠷᠠᠭ᠎ᠠ ᠪᠠᠰᠠ ᠰᠠᠢᠲᠤᠷ ᠰᠡᠷᠭᠡᠢᠯᠡᠨ ᠬᠠᠮᠠᠭᠠᠯᠠᠨ᠎ᠠ᠃

ᠣᠳᠣᠬᠠᠨ᠎ᠳᠤ ᠶᠠᠭ ᠡᠪᠦᠯ᠎ᠦᠨ ᠤᠯᠠᠷᠢᠯ᠎ᠤᠨ ᠠᠮᠢᠰᠭᠤᠯ᠎ᠤᠨ ᠵᠠᠮ᠎ᠤᠨ ᠬᠠᠯᠳᠠᠪᠤᠷᠢᠲᠤ ᠡᠪᠡᠳᠴᠢᠨ ᠣᠯᠠᠨ ᠡᠭᠦᠰᠭᠦ ᠬᠤᠭᠤᠴᠠᠭᠠᠨ᠎ᠳᠤ ᠣᠷᠣᠱᠢᠵᠤ ᠪᠠᠢᠨ᠎ᠠ᠃ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠡᠴᠡ ᠭᠠᠳᠠᠨ᠎ᠠ ᠪᠠᠰᠠ ᠪᠤᠰᠤᠳ ᠬᠠᠯᠳᠠᠪᠤᠷᠢᠲᠤ ᠡᠪᠡᠳᠴᠢᠨ ᠪᠠᠢᠨ᠎ᠠ᠃ ᠱᠢᠨ᠎ᠡ ᠲᠢᠲᠢᠮᠯᠢᠭ ᠠᠭᠤᠰᠭᠢᠨ ᠦᠷᠪᠢᠰᠦᠯ ᠡᠷᠡᠭᠦᠯᠵᠢᠭ᠌ᠰᠡᠨ᠎ᠦ ᠳᠠᠷᠠᠭ᠎ᠠ ᠮᠥᠨ ᠬᠦ᠌ ᠠᠮᠢᠰᠭᠤᠯ᠎ᠤᠨ ᠵᠠᠮ᠎ᠤᠨ ᠬᠠᠮᠠᠭᠠᠯᠠᠯᠲᠠ᠎ᠶ᠋ᠢ ᠰᠠᠢᠲᠤᠷ ᠬᠢᠵᠦ᠍᠂ ᠰᠡᠷᠭᠡᠢᠯᠡᠨ ᠡᠵᠡᠮᠳᠡᠬᠦ᠌ ᠪᠠᠷᠢᠮᠵᠢᠶ᠎ᠠ ᠎ᠶ᠋ᠢ ᠪᠠᠭᠤᠷᠠᠭᠤᠯᠵᠤ ᠪᠣᠯᠬᠤ ᠥᠬᠡᠶ᠃ ᠠᠵᠢᠯ᠎ᠤᠨ ᠪᠠᠢᠷᠢ᠎ᠳᠠᠭᠠᠨ ᠪᠤᠴᠠᠭ᠍ᠰᠠᠨ᠎ᠤ ᠳᠠᠷᠠᠭ᠎ᠠ ᠬᠥᠮᠦᠨ ᠣᠯᠠᠨ ᠨᠢᠭ᠍ᠲᠠ ᠪᠢᠲᠡᠭᠦᠮᠵᠢᠯᠡᠭ᠌ᠰᠡᠨ ᠣᠯᠠᠨ ᠨᠡᠢᠲᠡ ᠎ᠶ᠋ᠢᠨ ᠲᠠᠯᠠᠪᠤᠷ᠎ᠲᠤ ᠠᠮᠠᠪᠴᠢ ᠵᠡᠭᠦᠬᠦ᠌ ᠎ᠶ᠋ᠢ ᠪᠠᠷᠢᠮᠲᠠᠯᠠᠵᠤ᠂ ᠭᠠᠷ᠎ᠤᠨ ᠡᠷᠡᠭᠦᠯ ᠬᠠᠮᠠᠭᠠᠯᠠᠯ᠂ ᠬᠠᠨᠢᠶᠠᠬᠤ ᠂ ᠨᠠᠢᠲᠠᠭᠠᠬᠤ ᠵᠡᠷᠭᠡ ᠶᠣᠰᠣ ᠵᠢᠷᠤᠮ᠎ᠢ ᠠᠩᠬᠠᠷᠬᠤ ᠬᠡᠷᠡᠭ᠌ᠲᠡᠶ᠃

( ᠢᠷᠡᠯᠳᠡ᠄ ᠰᠢᠨᠬᠤᠸᠠ ᠬᠤᠷᠢᠶ᠎ᠠ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面