ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-12-23 11:39:24

ᠵᠣᠬᠢᠶᠠᠭ᠍ᠴᠢ᠄ ᠳ᠋ᠠᠶ ᠱᠢᠶᠤᠤ ᠾᠧ ᠣᠩᠱᠢᠭ᠍ᠰᠠᠨ ᠣᠳᠠᠭ᠎ᠠ᠄ 3

ᠤᠯᠤᠰ᠎ᠤᠨ ᠡᠮ᠎ᠦᠨ ᠵᠦᠶ᠋ᠯᠡᠰ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠳᠡᠳ᠋ ᠳᠠᠷᠤᠭ᠎ᠠ ᠬᠤᠸᠠᠩ ᠭᠦᠸᠧ 20 ᠎ᠤ ᠡᠳᠦᠷ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠎ᠶ᠋ᠢᠨ ᠬᠤᠷᠠᠯᠳᠤᠭᠤᠯᠤᠭ᠍ᠰᠠᠨ ᠬᠢᠵᠢᠭ᠎ᠲᠦ ᠬᠣᠯᠪᠣᠭ᠍ᠳᠠᠭ᠍ᠰᠠᠨ ᠡᠮ᠎ᠦᠨ ᠵᠦᠶ᠋ᠯᠡᠰ ᠪᠠ ᠡᠮᠴᠢᠯᠡᠭᠡᠨ᠎ᠦ ᠬᠡᠷᠡᠭ᠌ᠰᠡᠯ᠎ᠦᠨ ᠦᠨ᠎ᠡ ᠬᠠᠩᠰᠢ᠎ᠶ᠋ᠢ ᠲᠤᠭᠳᠠᠭᠤᠨ ᠪᠠᠢᠯᠭᠠᠬᠤ ᠶᠠᠰᠤ ᠴᠢᠨᠠᠷ᠎ᠢ ᠪᠠᠲᠤᠯᠠᠬᠤ ᠲᠤᠰᠭᠠᠶ ᠰᠡᠳᠦᠪᠲᠦ ᠰᠣᠨᠢᠨ ᠮᠡᠳᠡᠭᠡ ᠨᠡᠢᠲᠡᠯᠡᠬᠦ᠌ ᠬᠤᠷᠠᠯ ᠳᠡᠭᠡᠷ᠎ᠡ ᠂ ᠬᠢᠵᠢᠭ᠎ᠢ ᠰᠡᠷᠭᠡᠢᠯᠡᠨ ᠡᠵᠡᠮᠳᠡᠬᠦ᠎ᠳᠤ ᠨᠠᠩ ᠣᠯᠠᠨ ᠨᠠᠩ ᠰᠠᠢᠨ 《ᠵᠡᠪᠰᠡᠭ》 ᠬᠠᠩᠭᠠᠬᠤ᠎ᠶ᠋ᠢᠨ ᠲᠥᠯᠥᠭᠡ᠂ ᠤᠯᠤᠰ᠎ᠤᠨ ᠡᠮ᠎ᠦᠨ ᠵᠦᠶ᠋ᠯᠡᠰ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠬᠠᠤᠯᠢ ᠲᠣᠭ᠍ᠲᠠᠭᠠᠯ ᠶᠣᠰᠣᠭᠠᠷ ᠪᠠᠴᠢᠮ ᠪᠠᠢᠳᠠᠯ᠎ᠢ ᠠᠷᠭᠠᠴᠠᠭᠠᠬᠤ ᠬᠢᠨᠠᠨ ᠵᠥᠪᠱᠢᠶᠡᠷᠡᠯ᠎ᠦᠨ ᠳᠡᠰ ᠳᠠᠷᠠᠭᠠᠯᠠᠯ ᠢ᠋ ᠡᠬᠢᠯᠡᠭᠦᠯᠵᠦ᠍᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠡᠮᠴᠢᠯᠡᠭᠡᠨ᠎ᠦ ᠣᠨᠣᠱᠢᠯᠠᠨ ᠡᠮᠨᠡᠬᠦ᠌᠎ᠳᠦ ᠪᠠᠴᠢᠮ ᠬᠡᠷᠡᠭ᠌ᠰᠡᠬᠦ᠌ ᠡᠮ᠎ᠦᠨ ᠵᠦᠶ᠋ᠯᠡᠰ᠎ᠢ ᠬᠢᠨᠠᠨ ᠦᠨᠡᠯᠡᠵᠦ᠍ ᠬᠢᠨᠠᠨ ᠵᠥᠪᠱᠢᠶᠡᠷᠡᠬᠦ᠌ ᠠᠬᠢᠴᠠ᠎ᠶ᠋ᠢ ᠲᠦᠷᠭᠡᠳᠭᠡᠨ᠎ᠡ ᠭᠡᠵᠦ ᠢᠯᠡᠳᠭᠡᠪᠡ᠃

ᠣᠳᠣᠬᠠᠨ ᠪᠣᠯᠲᠠᠯ᠎ᠠ᠂ ᠤᠯᠤᠰ᠎ᠤᠨ ᠡᠮ᠎ᠤᠨ ᠵᠦᠢᠯᠡᠰ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠱᠢᠨ᠎ᠡ ᠲᠢᠲᠢᠮᠯᠢᠭ ᠸᠢᠷᠦ᠋ᠰ᠎ᠦᠨ 5 ᠸᠠᠺᠼᠢᠨ᠎ᠢ ᠨᠥᠬᠥᠴᠡᠯ᠎ᠲᠡᠶ᠎ᠪᠡᠷ ᠵᠥᠪᠱᠢᠶᠡᠷᠡᠵᠦ᠍᠂ ᠪᠠᠰᠠ 8 ᠱᠢᠨ᠎ᠡ ᠲᠢᠲᠢᠮᠯᠢᠭ ᠸᠢᠷᠦ᠋ᠰ᠎ᠦᠨ ᠸᠠᠺᠼᠢᠨ᠎ᠢ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠢᠶᠡᠷ ᠨᠤᠲᠠᠯᠠᠭᠤᠯᠤᠨ ᠵᠥᠪᠱᠢᠶᠡᠷᠡᠭᠦᠯᠦᠭ᠌ᠰᠡᠨ᠎ᠦ ᠳᠠᠷᠠᠭ᠎ᠠ ᠪᠠᠴᠢᠮ ᠬᠡᠷᠡᠭ᠌ᠯᠡᠯᠲᠡ᠎ᠳᠦ ᠣᠷᠣᠭᠤᠯᠪᠠ; ᠡᠮᠴᠢᠯᠡᠭᠡᠨ ᠳ᠋ᠤ ᠬᠡᠷᠡᠭᠯᠡᠬᠦ ᠡᠮ 11᠂ ᠡᠯ᠎ᠡ ᠲᠥᠷᠥᠯ᠎ᠦᠨ ᠱᠢᠯᠭᠠᠨ ᠪᠠᠢᠴᠠᠭᠠᠯᠲᠠ᠎ᠶ᠋ᠢᠨ ᠤᠷᠪᠠᠯᠵᠢ 128᠎ᠶ᠋ᠢ ᠵᠥᠪᠱᠢᠶᠡᠷᠡᠪᠡ᠃ ᠨᠢᠭᠡᠨᠲᠡ ᠵᠠᠬ᠎ᠠ ᠳᠡᠯᠭᠡᠭᠦᠷ᠎ᠲᠦ ᠭᠠᠷᠤᠭ᠍ᠰᠠᠨ ᠪᠣᠯᠪᠠᠴᠤ᠌ ᠬᠠᠩᠭᠠᠯᠭ᠎ᠠ᠎ᠶ᠋ᠢ ᠥᠷᠭᠡᠳᠭᠡᠬᠦ᠌ ᠴᠢᠬᠤᠯᠠᠲᠠᠶ ᠪᠠᠢᠳᠠᠯ ᠳ᠋ᠤᠨᠢ᠂ ᠡᠯ᠎ᠡ ᠱᠠᠲᠤᠨ᠎ᠤ ᠡᠮ᠎ᠦᠨ ᠵᠦᠶ᠋ᠯᠡᠰ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠡᠴᠡ ᠡᠮᠦᠨ᠎ᠡ ᠹᠷᠤᠨᠲ ᠲᠤ᠌ ᠦᠶ᠋ᠯᠡᠴᠢᠯᠡᠵᠦ᠂ ᠡᠮ᠎ᠦᠨ ᠵᠦᠶ᠋ᠯᠡᠰ᠎ᠢ ᠵᠠᠬ᠎ᠠ ᠳᠡᠯᠭᠡᠭᠦᠷ᠎ᠲᠦ ᠭᠠᠷᠭᠠᠭ᠍ᠰᠠᠨ᠎ᠤ ᠳᠠᠷᠠᠭ᠎ᠠ ᠬᠢᠨᠠᠨ ᠵᠥᠪᠱᠢᠶᠡᠷᠡᠬᠦ᠌ ᠲᠠᠰ ᠳᠠᠷᠠᠭᠠᠯᠠᠯ᠎ᠢ ᠬᠤᠪᠢᠷᠠᠭᠤᠯᠬᠤ᠎ᠶ᠋ᠢ ᠲᠦᠷᠭᠡᠳᠭᠡᠵᠦ᠂ ᠠᠵᠤ ᠠᠬᠤᠢᠯᠠᠯ᠎ᠤᠨ ᠨᠠᠢᠳᠠᠨ ᠦᠶ᠋ᠯᠡᠳᠪᠦᠷᠢᠯᠡᠬᠦ᠌ ᠵᠡᠷᠭᠡ ᠣᠯᠠᠨ ᠵᠦᠶ᠋ᠯ᠎ᠦᠨ ᠠᠷᠭ᠎ᠠ ᠬᠡᠮᠵᠢᠶ᠎ᠡ ᠠᠪᠴᠤ᠌ ᠦᠶ᠋ᠯᠡᠳᠪᠦᠷᠢᠯᠡᠯ᠎ᠢᠶᠡᠨ ᠲᠦᠷᠭᠡᠨ ᠨᠡᠮᠡᠭ᠌ᠳᠡᠭᠦᠯᠵᠦ᠍ ᠴᠢᠳᠠᠪᠤᠷᠢ᠎ᠪᠠᠨ ᠥᠷᠭᠡᠳᠭᠡᠬᠦ᠌᠎ᠶ᠋ᠢ ᠨᠢ ᠵᠥᠪᠱᠢᠶᠡᠷᠡᠪᠡ᠃

ᠤᠯᠤᠰ᠎ᠤᠨ ᠡᠮ᠎ᠦᠨ ᠵᠦᠶ᠋ᠯᠡᠰ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠪᠠᠰᠠ ᠡᠷᠡᠭᠦᠯ ᠬᠠᠮᠠᠭᠠᠯᠠᠯ ᠡᠷᠡᠭᠦᠯ ᠮᠡᠨᠳᠦ᠂ ᠬᠢᠲᠠᠳ ᠡᠮ ᠡᠮᠨᠡᠯᠭᠡ᠎ᠶ᠋ᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠲᠡᠶ ᠬᠠᠮᠲᠤᠷᠠᠨ ᠮᠡᠳᠡᠭ᠌ᠳᠡᠯ ᠳᠠᠷᠤᠮᠠᠯᠯᠠᠨ ᠲᠠᠷᠬᠠᠭᠠᠵᠤ᠂ ᠡᠯ᠎ᠡ ᠮᠤᠵᠢ᠎ᠶ᠋ᠢᠨ ᠱᠠᠲᠤᠨ᠎ᠤ ᠡᠮ᠎ᠦᠨ ᠵᠦᠶ᠋ᠯᠡᠰ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠦᠳ ᠬᠡᠦᠬᠡᠳ᠎ᠲᠦ ᠬᠡᠷᠡᠭ᠌ᠯᠡᠬᠦ᠌ ᠡᠮᠴᠢᠯᠡᠭᠡᠨ᠎ᠦ ᠪᠠᠢᠭᠤᠯᠤᠮᠵᠢ᠎ᠶ᠋ᠢᠨ ᠨᠠᠢᠷᠠᠭᠤᠯᠤᠭ᠍ᠰᠠᠨ ᠡᠮ᠎ᠢ ᠳᠣᠭᠢᠷᠠᠭᠤᠯᠤᠨ ᠬᠡᠷᠡᠭ᠌ᠯᠡᠬᠦ᠌ ᠭᠤᠶᠤᠴᠢᠯᠠᠯ᠎ᠢ ᠲᠦᠷᠭᠡᠨ ᠬᠢᠨᠠᠨ ᠵᠥᠪᠱᠢᠶᠡᠷᠡᠬᠦ᠌ ᠬᠡᠷᠡᠭ᠌ᠲᠡᠶ᠂ ᠵᠠᠷᠴᠢᠮ ᠳᠡᠭᠡᠷ᠎ᠡ᠎ᠪᠡᠨ 3 ᠠᠵᠢᠯᠯᠠᠬᠤ ᠡᠳᠦᠷ᠎ᠦᠨ ᠳᠣᠲᠣᠷ᠎ᠠ ᠬᠢᠨᠠᠨ ᠵᠥᠪᠱᠢᠶᠡᠷᠡᠬᠦ᠌ ᠬᠡᠷᠡᠭ᠌ᠲᠡᠶ᠃ ᠵᠠᠷᠢᠮ ᠡᠮᠨᠡᠯᠭᠡ᠎ᠶ᠋ᠢᠨ ᠬᠣᠷᠢᠶᠠᠨ᠎ᠤ ᠲᠤᠰᠠᠳᠠᠢ ᠡᠮ ᠢ᠋ ᠨᠡᠩ ᠲᠦᠷᠭᠡᠨ ᠨᠡᠩ ᠶᠡᠬᠡ ᠬᠡᠪᠴᠢᠶᠡᠨ᠎ᠳᠦ ᠡᠪᠡᠳᠴᠢᠲᠡᠨ᠎ᠳᠦ ᠦᠢᠯᠡᠴᠢᠯᠡᠬᠦ ᠪᠤᠯᠭᠠᠨ᠎ᠠ ᠭᠡᠵᠦ᠍ ᠱᠠᠭᠠᠷᠳᠠᠪᠠ ᠃

ᠪᠦᠷᠢᠳᠭᠡᠯ᠎ᠢ ᠦᠨᠳᠦᠰᠦᠯᠡᠪᠡᠯ ᠂ ᠣᠳᠣᠬᠠᠨ᠎ᠳᠤ ᠮᠠᠨ᠎ᠤ ᠤᠯᠤᠰ᠎ᠤᠨ ᠵᠠᠬ᠎ᠠ ᠳᠡᠯᠭᠡᠭᠦᠷ᠎ᠲᠦ ᠭᠠᠷᠤᠭ᠍ᠰᠠᠨ ᠬᠠᠯᠠᠭᠤᠨ᠎ᠢ ᠪᠠᠭᠤᠷᠠᠭᠤᠯᠬᠤ᠂ ᠬᠠᠨᠢᠶᠠᠳᠤ᠎ᠶ᠋ᠢ ᠵᠣᠭ᠍ᠰᠣᠭᠠᠬᠤ᠂ ᠪᠠᠺᠲ᠋ᠧᠷᠢ᠎ᠶ᠋ᠢ ᠡᠰᠡᠷᠭᠦᠴᠡᠬᠦ᠌᠂ ᠸᠢᠷᠦ᠋ᠰ᠎ᠢ ᠡᠰᠡᠷᠭᠦᠴᠡᠬᠦ᠌ ᠵᠡᠷᠭᠡ ᠳᠥᠷᠪᠡᠨ ᠲᠥᠷᠥᠯ᠎ᠦᠨ ᠡᠮ ᠨᠡᠢᠲᠡ 194 ᠵᠦᠶ᠋ᠯ ᠪᠠᠢᠵᠤ᠂ 9000 ᠭᠠᠷᠤᠶ ᠨᠢ ᠵᠥᠪᠱᠢᠶᠡᠷᠡᠯ᠎ᠦᠨ ᠪᠢᠴᠢᠭ᠎ᠦᠨ ᠳ᠋ᠤᠭᠠᠷ᠎ᠲᠠᠶ ᠬᠣᠯᠪᠣᠭ᠍ᠳᠠᠵᠠᠶ᠃ ᠠᠷᠠᠳ ᠲᠦᠮᠡᠨ᠎ᠦ ᠮᠠᠰᠢ ᠠᠩᠬᠠᠷᠴᠤ᠌ ᠪᠠᠢᠭ᠎ᠠ ᠬᠠᠯᠠᠭᠤᠨ᠎ᠢ ᠲᠠᠷᠤᠵᠤ ᠡᠪᠡᠳᠬᠦ᠌᠎ᠶ᠋ᠢ ᠨᠠᠮᠳᠠᠭᠠᠬᠤ ᠲᠥᠷᠥᠯ᠎ᠦᠨ ᠦᠷᠭᠦᠯᠵᠢ ᠬᠡᠷᠡᠭ᠌ᠯᠡᠳᠡᠭ ᠡᠮ ᠪᠷᠤᠹᠸᠨ᠂ ᠬᠠᠷᠠᠯᠴᠠᠭ᠎ᠠ ᠡᠲ᠋ᠡ ᠠᠰᠢᠯ ᠠᠮᠢᠯᠳᠤ ᠹᠸᠨᠤᠯ᠎ᠤᠨ ᠦᠶ᠋ᠯᠡᠳᠪᠦᠷᠢᠯᠡᠯ᠎ᠦᠨ ᠪᠠᠢᠳᠠᠯ᠎ᠤᠨ ᠲᠤᠬᠠᠶ 2021 ᠣᠨ᠎ᠤ ᠠᠵᠤ ᠠᠬᠤᠢᠯᠠᠯ᠎ᠤᠨ ᠣᠨ᠎ᠤ ᠮᠡᠳᠡᠭᠦᠯᠦᠯᠲᠡ᠎ᠶ᠋ᠢᠨ ᠲᠣᠭ᠎ᠠ ᠪᠠᠷᠢᠮᠲᠠ᠎ᠶ᠋ᠢ ᠦᠨᠳᠦᠰᠦᠯᠡᠪᠡᠯ᠂ ᠪᠷᠤᠹᠸᠨ᠎ᠤ ᠬᠦᠴᠦᠨ ᠪᠥᠬᠥᠶ ᠪᠢᠴᠢᠭ᠎ᠦᠨ ᠳ᠋ᠤᠭᠠᠷ᠎ᠨᠢ ᠨᠡᠢᠲᠡ 446 ᠪᠠᠢᠵᠤ᠂ ᠡᠭᠦᠨ᠎ᠳᠦ 2021 ᠣᠨ᠎ᠳᠤ 104 ᠵᠢ ᠨᠢ ᠦᠢᠯᠡᠳᠪᠦᠷᠢᠯᠡᠪᠡ; ᠬᠠᠷᠠᠯᠴᠠᠭ᠎ᠠ ᠡᠲ᠋ᠡ ᠠᠰᠢᠯ ᠠᠮᠢᠯᠳᠤ ᠹᠸᠨᠤᠯ᠎ᠤᠨ ᠬᠦᠴᠦᠨ ᠪᠥᠬᠥᠶ ᠳ᠋ᠤᠭᠠᠷ᠎ᠨᠢ ᠨᠡᠢᠲᠡ 986 ᠪᠠᠢᠵᠤ ᠂ ᠡᠭᠦᠨ᠎ᠳᠦ 2021 ᠣᠨ᠎ᠳᠤ 111ᠵᠢ ᠨᠢ ᠦᠶ᠋ᠯᠡᠳᠪᠦᠷᠢᠯᠡᠵᠡᠢ᠃ ᠣᠳᠣᠬᠠᠨ᠎ᠳᠤ᠂ ᠡᠨᠡ ᠬᠣᠶᠠᠷ ᠲᠥᠷᠥᠯ᠎ᠦᠨ ᠦᠶ᠋ᠯᠡᠳᠴᠦ᠍ ᠪᠠᠢᠭ᠎ᠠ ᠠᠵᠤ ᠠᠬᠤᠢᠯᠠᠯ᠎ᠨᠢ ᠴᠥᠮ ᠠᠯᠬᠤᠮ ᠠᠯᠬᠤᠮ᠎ᠢᠶᠠᠷ ᠦᠶ᠋ᠯᠡᠳᠪᠦᠷᠢᠯᠡᠬᠦ᠌ ᠴᠢᠳᠠᠪᠤᠷᠢ᠎ᠪᠠᠨ ᠪᠠᠳᠠᠷᠠᠭᠤᠯᠵᠤ ᠪᠠᠢᠨ᠎ᠠ᠃

ᠡᠭᠦᠨ᠎ᠡᠴᠡ ᠭᠠᠳᠠᠨ᠎ᠠ ᠂ ᠮᠠᠨ᠎ᠤ ᠤᠯᠤᠰ᠎ᠤᠨ ᠪᠷᠤᠹᠸᠨ ᠪᠣᠯᠤᠨ ᠬᠠᠷᠠᠯᠴᠠᠭ᠎ᠠ ᠡᠲ᠋ᠡ ᠠᠰᠢᠯ ᠠᠮᠢᠯᠳᠤ ᠹᠸᠨᠤᠯ᠎ᠤᠨ ᠲᠦᠭᠦᠬᠡᠶ ᠮᠠᠲ᠋ᠧᠷᠢᠶᠠᠯ᠎ᠤᠨ ᠦᠶ᠋ᠯᠡᠳᠪᠦᠷᠢᠯᠡᠬᠦ᠌ ᠴᠢᠳᠠᠪᠤᠷᠢ ᠨᠡᠯᠢᠶᠡᠳ ᠭᠦᠶ᠋ᠴᠡᠳ ᠪᠠᠢᠵᠤ᠂ ᠤᠯᠤᠰ᠎ᠤᠨ ᠳᠣᠲᠣᠭᠠᠳᠤ᠎ᠶ᠋ᠢᠨ ᠡᠮ ᠨᠠᠢᠷᠠᠬᠤ ᠦᠶ᠋ᠯᠡᠳᠪᠦᠷᠢᠯᠡᠯ᠎ᠦᠨ ᠬᠡᠷᠡᠭ᠌ᠴᠡᠭᠡ᠎ᠶ᠋ᠢ ᠪᠦᠷᠢᠨ ᠬᠠᠩᠭᠠᠵᠤ ᠴᠢᠳᠠᠨ᠎ᠠ᠃

(ᠱᠢᠨᠬᠤᠸᠠ ᠬᠣᠷᠢᠶᠠᠨ᠎ᠤ ᠪᠡᠭᠡᠵᠢᠩ᠎ᠦᠨ 12 ᠰᠠᠷ᠎ᠠ᠎ᠶ᠋ᠢᠨ 20 ᠎ᠤ᠋ ᠴᠠᠬᠢᠯᠭᠠᠨ ᠮᠡᠳᠡᠭᠡ )

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面