ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-12-24 14:42:38

ᠵᠣᠬᠢᠶᠠᠭ᠍ᠴᠢ᠄ ᠸᠠᠩ ᠲᠠᠨ᠎ᠠ ᠣᠩᠱᠢᠭ᠍ᠰᠠᠨ ᠣᠳᠠᠭ᠎ᠠ᠄ 3

《ᠮᠠᠨ᠎ᠤ ᠳᠡᠯᠭᠡᠭᠦᠷ᠎ᠲᠦ ᠭᠡᠳᠤ ᠤᠯᠠᠭᠠᠨ᠎ᠤ ᠳᠤᠯᠠᠭᠠᠨ᠎ᠤ ᠬᠡᠮᠵᠢᠭᠦᠷ᠂ ᠭᠠᠷ ᠠᠷᠢᠭᠤᠳᠭᠠᠬᠤ ᠱᠢᠩᠭᠡᠨ᠂ 84 ᠠᠷᠢᠭᠤᠳᠭᠠᠬᠤ ᠱᠢᠩᠭᠡᠨ᠎ᠢ ᠬᠤᠳᠠᠯᠳᠤᠨ ᠠᠪᠴᠤ᠌ ᠥᠭ᠌ᠴᠡᠢ᠂ ᠡᠳᠡᠭᠡᠷ ᠺᠠᠳ᠋ᠷᠴᠤᠳ᠎ᠲᠤ ᠦᠨᠡᠬᠡᠷ ᠲᠠᠯᠠᠷᠬᠠᠵᠤ ᠪᠠᠢᠨ᠎ᠠ》ᠭᠡᠵᠦ᠍ ᠬᠤᠩᠱᠠᠨ ᠲᠣᠭᠣᠷᠢᠭ᠎ᠤᠨ ᠸᠠᠨ ᠳ᠋ᠠ ᠲᠠᠯᠠᠪᠠᠢ᠎ᠶ᠋ᠢᠨ ᠣᠢᠷᠠᠯᠴᠠᠭ᠎ᠠ ᠪᠠᠢᠭ᠎ᠠ ᠰᠢ ᠵᠢᠩ ᠦᠰᠦ ᠵᠠᠰᠠᠬᠤ ᠭᠠᠵᠠᠷ᠎ᠤᠨ ᠡᠵᠡᠨ ᠲᠠᠯᠠᠷᠬᠠᠨ᠎ᠠ᠃

ᠡᠯ᠎ᠡ ᠲᠦᠷᠦᠯ᠎ᠦᠨ ᠵᠠᠬ᠎ᠠ ᠳᠡᠯᠭᠡᠭᠦᠷ᠎ᠦᠨ ᠭᠣᠣᠯ ᠴᠣᠭ᠍ᠴᠠ᠎ᠶ᠋ᠢ ᠬᠠᠪᠰᠤᠷᠤᠨ ᠬᠦᠴᠢᠷ᠎ᠢ ᠲᠤᠭᠤᠯᠵᠤ᠂ ᠬᠥᠭ᠌ᠵᠢᠯᠲᠡ᠎ᠶ᠋ᠢᠨ ᠢᠲᠡᠭᠡᠯ᠎ᠢ ᠨᠢ ᠰᠡᠷᠭᠦᠭᠡᠬᠦ᠌᠎ᠶ᠋ᠢᠨ ᠲᠥᠯᠥᠭᠡ᠂ ᠤᠯᠠᠭᠠᠨᠬᠠᠳᠠ ᠬᠤᠳᠠ᠎ᠶ᠋ᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠠᠢᠩᠭᠤ᠎ᠶ᠋ᠢᠨ ᠴᠢᠨᠠᠷᠲᠠᠢ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠤᠭᠤᠴᠠᠭᠠᠨ᠎ᠳᠤ ᠬᠤᠳᠠ᠎ᠶ᠋ᠢᠨ ᠱᠢᠭᠤᠳ ᠬᠠᠷᠢᠶ᠎ᠠ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠵᠣᠬᠢᠶᠠᠨ ᠪᠠᠢᠭᠤᠯᠵᠤ᠂ ᠳᠠᠭᠠᠭᠠᠴᠢᠯᠠᠭᠰᠠᠨ ᠣᠷᠣᠨ᠎ᠳᠤ ᠭᠦᠨᠵᠡᠭᠡᠢᠷᠡᠨ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠬᠦᠴᠢᠷᠳᠡᠯ᠎ᠢ ᠱᠢᠢᠳᠪᠦᠷᠢᠯᠡᠵᠦ᠍ ᠬᠠᠪᠰᠤᠷᠤᠨ ᠲᠡᠳᠬᠦᠬᠦ᠌ ᠠᠵᠢᠯ᠎ᠢ ᠥᠷᠨᠢᠭᠦᠯᠪᠡ᠃ 10 ᠰᠠᠷ᠎ᠠ᠎ᠠᠴᠠ ᠨᠠᠭᠠᠰᠢ᠂ ᠬᠤᠳᠠ᠎ᠶ᠋ᠢᠨ ᠱᠢᠭᠤᠳ ᠬᠠᠷᠢᠶ᠎ᠠ 72 ᠨᠠᠮ᠎ᠤᠨ ᠵᠣᠬᠢᠶᠠᠨ ᠪᠠᠢᠭᠤᠯᠤᠯᠲᠠ ᠨᠠᠮ᠎ᠤᠨ ᠭᠡᠱᠢᠭᠦᠨ ᠺᠠᠳ᠋ᠷ᠎ᠢ 20800 ᠭᠠᠷᠤᠢ ᠬᠥᠮᠦᠨ ᠤᠳᠠᠭ᠎ᠠ ᠲᠤᠬᠢᠷᠠᠭᠤᠯᠵᠤ᠂ ᠡᠯ᠎ᠡ ᠲᠦᠷᠦᠯ᠎ᠦᠨ ᠵᠠᠬ᠎ᠠ ᠳᠡᠯᠭᠡᠭᠦᠷ᠎ᠦᠨ ᠭᠣᠣᠯ ᠴᠣᠭ᠍ᠴᠠ᠎ᠶ᠋ᠢ 44490 ᠡᠷᠦᠬᠡ ᠤᠳᠠᠭ᠎ᠠ ᠬᠠᠪᠰᠤᠷᠤᠨ᠂ ᠬᠠᠪᠰᠤᠷᠤᠨ ᠲᠡᠳᠬᠦᠬᠦ᠌ ᠪᠡᠯᠡ ᠮᠥᠩᠭᠥ᠎ᠶ᠋ᠢ 42.33 ᠲᠦᠮᠡᠨ ᠲᠥᠭᠥᠷᠢᠭ ᠣᠷᠣᠭᠤᠯᠵᠤ᠂ ᠵᠠᠬ᠎ᠠ ᠳᠡᠯᠭᠡᠭᠦᠷ᠎ᠦᠨ ᠭᠣᠣᠯ ᠴᠣᠭ᠍ᠴᠠ᠎ᠶ᠋ᠢᠨ ᠡᠵᠡᠩᠨᠡᠯᠲᠡ᠎ᠶ᠋ᠢᠨ ᠳᠠᠷᠤᠭᠠᠰᠤ᠎ᠶ᠋ᠢ ᠬᠥᠩᠭᠡᠷᠡᠭᠦᠯᠵᠦ᠍᠂ ᠪᠦᠬᠦ᠌ ᠬᠤᠳᠠ᠎ᠶ᠋ᠢᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠵᠡᠢ᠃

ᠤᠢᠷ᠎ᠠ ᠵᠢᠨ ᠬᠡᠳᠦᠨ ᠡᠳᠦᠷ᠂ ᠤᠯᠠᠭᠠᠨᠬᠠᠳᠠ ᠬᠤᠳᠠ᠎ᠶ᠋ᠢᠨ ᠨᠢᠩᠴᠧᠩ ᠰᠢᠶᠠᠨ᠎ᠤ ᠱᠢᠩ ᠮᠧᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠵᠠᠩ ᠸᠸᠨ ᠬᠠᠨ ᠲᠠᠷᠢᠶᠠᠨ ᠭᠠᠵᠠᠷ᠎ᠢ ᠡᠵᠡᠯᠡᠨ ᠬᠡᠷᠡᠭ᠌ᠯᠡᠬᠦ᠌ ᠭᠠᠢᠯᠢ᠎ᠶ᠋ᠢ ᠬᠠᠭᠠᠰ᠎ᠢᠶᠠᠷ ᠬᠠᠰᠤᠬᠤ ᠲᠦᠷᠦ᠍᠎ᠶ᠋ᠢᠨ ᠪᠤᠳᠤᠯᠭ᠎ᠠ᠎ᠶ᠋ᠢ ᠬᠡᠷᠡᠭ᠌ᠵᠢᠭᠦᠯᠦᠭ᠌ᠰᠡᠨ᠎ᠳᠦ ᠲᠤᠢᠯ᠎ᠢᠶᠠᠷ ᠪᠠᠶᠠᠷᠯᠠᠨ᠎ᠠ᠃ 《ᠡᠳᠡᠭᠡᠷ ᠲᠥᠷᠥ ᠎ᠶ᠋ᠢᠨ ᠪᠣᠳᠣᠯᠭ᠎ᠠ ᠥᠩᠭᠡᠷᠡᠭ᠌ᠰᠡᠨ᠎ᠳᠦ ᠪᠠᠰᠠ ᠪᠠᠢᠵᠠᠢ᠂ ᠭᠡᠪᠡᠴᠦ᠍ ᠠᠭᠤᠯᠭ᠎ᠠ ᠨᠢ ᠳᠡᠩᠳᠡᠭᠦᠦ ᠠᠷᠪᠢᠨ᠂ ᠨᠢᠭᠡᠳ ᠨᠢᠭᠡ ᠪᠡᠷ ᠨᠠᠷᠢᠯᠢᠭ ᠦᠵᠡᠬᠦ ᠴᠠᠭ ᠦᠭᠡᠢ᠃ ᠡᠨᠡ ᠺᠠᠷᠲ ᠳᠡᠭᠡᠷ᠎ᠡ ᠭᠤᠤᠯ ᠪᠤᠯᠬᠤ ᠲᠥᠷᠥ᠎ᠶ᠋ᠢᠨ ᠪᠣᠳᠣᠯᠭ᠎ᠠ ᠵᠢ ᠲᠣᠪ ᠲᠣᠳᠣᠷᠬᠠᠶ ᠲᠡᠮᠲᠡᠭᠯᠡᠵᠦ ᠦᠭᠴᠡᠢ᠂ ᠡᠨᠡ ᠬᠦ᠌ ᠺᠠᠷᠲ᠎ᠤᠨ ᠰᠠᠢᠨ ᠵᠢᠡᠷ ᠠᠵᠤ ᠠᠬᠤᠢᠯᠠᠯ᠎ᠢ ᠬᠠᠪᠰᠤᠷᠤᠨ ᠬᠦᠴᠢᠷᠳᠡᠯ᠎ᠢ ᠰᠢᠢᠳᠪᠦᠷᠢᠯᠡᠬᠦ ᠲᠥᠷᠥ᠎ᠶ᠋ᠢᠨ ᠪᠣᠳᠣᠯᠭ᠎ᠠ᠎ᠶ᠋ᠢ ᠲᠣᠳᠣᠷᠬᠠᠶ ᠣᠢᠯᠠᠭᠠᠬᠰᠠᠨ ᠰᠢᠦ》ᠭᠡᠵᠦ᠍ ᠵᠠᠩ ᠸᠸᠨ ᠬᠠᠨ ᠳᠣᠭ᠍ᠳᠣᠯᠤᠨ ᠶᠠᠷᠢᠨ᠎ᠠ᠃ ᠤᠯᠠᠨ ᠲᠦᠮᠡᠨ ᠳ᠋ᠤ ᠬᠦᠴᠢᠷᠳᠡᠯ᠎ᠢ ᠱᠢᠶ᠋ᠳᠪᠦᠷᠢᠯᠡᠵᠦ᠍ ᠬᠠᠪᠰᠤᠷᠤᠨ ᠲᠡᠳᠬᠦᠬᠦ᠌ ᠲᠥᠷᠥ᠎ᠶ᠋ᠢᠨ ᠪᠣᠳᠣᠯᠭ᠎ᠠ ᠵᠢ ᠨᠡᠩ ᠰᠠᠢᠲᠤᠷ ᠤᠢᠯᠠᠭᠠᠭᠤᠯᠬᠤ ᠵᠢᠨ ᠲᠥᠯᠥᠭᠡ᠂ ᠤᠯᠠᠭᠠᠨᠬᠠᠳᠠ ᠬᠣᠲᠠ᠎ᠶ᠋ᠢᠨ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠠᠵᠢᠯ᠎ᠤᠨ ᠬᠣᠷᠢᠶ᠎ᠠ ᠬᠥᠲᠥᠯᠥᠨ ᠳᠠᠭᠠᠭᠤᠯᠬᠤ ᠦᠢᠯᠡᠳᠦᠯ᠎ᠵᠢᠡᠨ ᠳᠣᠪᠣᠢᠯᠭᠠᠵᠤ᠂ ᠭᠠᠢᠯᠢ ᠲᠠᠲᠠᠪᠤᠷᠢ᠂ ᠮᠥᠩᠭᠥᠨ ᠭᠦᠢᠯᠭᠡᠭᠡ᠂ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠂ ᠡᠮ ᠡᠮᠨᠡᠯᠭᠡ᠎ᠶ᠋ᠢᠨ ᠳᠠᠭᠠᠳᠭᠠᠯ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ᠎ᠪᠡᠷ ᠠᠩᠬᠠᠷᠤᠯ᠎ᠢᠶᠠᠨ ᠲᠥᠪᠯᠡᠷᠡᠭᠦᠯᠵᠦ᠍᠂ ᠡᠯ᠎ᠡ ᠠᠵᠢᠯ ᠲᠥᠷᠥᠯ᠎ᠦᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠲᠡᠶ ᠬᠠᠷᠢᠯᠴᠠᠵᠤ᠂ ᠬᠢᠵᠢᠭ᠎ᠦᠨ ᠪᠠᠢᠳᠠᠯ᠎ᠠᠴᠠ ᠨᠠᠭᠠᠱᠢᠬᠢ ᠠᠵᠤ ᠠᠬᠤᠢᠯᠠᠯ᠎ᠢ ᠳᠡᠮᠵᠢᠨ ᠬᠦᠴᠢᠷᠳᠡᠯ᠎ᠢ ᠱᠢᠶ᠋ᠳᠪᠦᠷᠢᠯᠡᠬᠦ᠌ ᠲᠥᠷᠥ ᠎ᠶ᠋ᠢᠨ ᠪᠣᠳᠣᠯᠭ᠎ᠠ᠎ᠠᠴᠠ ᠵᠠᠬ᠎ᠠ ᠳᠡᠯᠭᠡᠭᠦᠷ᠎ᠦᠨ ᠪᠡᠶᠡᠴᠢ ᠴᠣᠭ᠍ᠴᠠ᠎ᠶ᠋ᠢᠨ ᠬᠠᠮᠤᠭ᠎ᠠᠴᠠ ᠢᠯᠡᠭᠦᠸ᠋ ᠠᠩᠬᠠᠷᠴᠤ᠌ ᠪᠠᠢᠭ᠎ᠠ᠂ ᠬᠠᠮᠤᠭ᠎ᠠᠴᠠ ᠢᠯᠡᠭᠦᠸ᠋ ᠬᠦᠰᠡᠵᠦ᠍ ᠪᠠᠢᠭ᠎ᠠ᠂ ᠲᠦᠭᠡᠮᠡᠯ ᠬᠠᠷᠠᠭᠠᠯᠵᠠᠯ᠎ᠤᠨ ᠴᠢᠨᠠᠷ᠎ᠢᠶᠠᠷ ᠬᠠᠮᠤᠭ᠎ᠤᠨ ᠴᠢᠩᠭ᠎ᠠ᠂ ᠬᠠᠮᠤᠷᠬᠤ ᠬᠡᠪᠴᠢᠶ᠎ᠡ᠎ᠪᠡᠷ ᠬᠠᠮᠤᠭ᠎ᠤᠨ ᠥᠷᠭᠡᠨ ᠲᠥᠷᠥ᠎ᠶ᠋ᠢᠨ ᠪᠣᠳᠣᠯᠭ᠎ᠠ᠎ᠶ᠋ᠢ ᠡᠮᠬᠢᠯᠡᠨ ᠭᠠᠷᠭᠠᠵᠤ᠂ ᠬᠦᠴᠢᠷᠳᠡᠯ᠎ᠢ ᠱᠢᠶ᠋ᠳᠪᠦᠷᠢᠯᠡᠨ ᠬᠠᠪᠰᠤᠷᠤᠨ ᠲᠡᠳᠬᠦᠬᠦ᠌ ᠲᠥᠷᠥ᠎ᠶ᠋ᠢᠨ ᠪᠣᠳᠣᠯᠭ᠎ᠠ᠎ᠶ᠋ᠢᠨ 7 ᠲᠣᠳᠣᠷᠬᠠᠶ ᠺᠠᠷᠲ᠎ᠢ ᠵᠣᠬᠢᠶᠠᠵᠤ ᠭᠠᠷᠭᠠᠭᠠᠳ ᠲᠥᠷᠥ᠎ᠶ᠋ᠢᠨ ᠪᠣᠳᠣᠯᠭ᠎ᠠ᠎ᠶ᠋ᠢᠨ ᠬᠠᠷᠠᠭᠠᠯᠵᠠᠯ᠎ᠢ ᠳᠠᠮᠵᠢᠭᠤᠯᠤᠭ᠍ᠰᠠᠨ ᠪᠠᠢᠨ᠎ᠠ᠃

ᠱᠢᠨ᠎ᠡ ᠪᠠᠢᠳᠠᠯ᠂ ᠱᠢᠨ᠎ᠡ ᠥᠷᠢᠰᠥᠯᠳᠦᠭᠡᠨ᠎ᠦ ᠡᠮᠦᠨ᠎ᠡ᠂ ᠤᠯᠠᠭᠠᠨᠬᠠᠳᠠ ᠬᠤᠳᠠ᠎ᠶ᠋ᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢᠨ ᠬᠠᠮᠲᠤ ᠠᠷᠭ᠎ᠠ ᠪᠦᠬᠦᠨ᠎ᠢ ᠰᠦᠪᠡᠭ᠌ᠴᠢᠯᠡᠨ᠂ ᠡᠯ᠎ᠡ ᠲᠦᠷᠦᠯ᠎ᠦᠨ ᠵᠠᠬ᠎ᠠ ᠳᠡᠯᠭᠡᠭᠦᠷ᠎ᠦᠨ ᠭᠣᠣᠯ ᠴᠣᠭ᠍ᠴᠠ᠎ᠶ᠋ᠢᠨ ᠬᠦᠴᠢᠷᠳᠡᠯ᠎ᠢ ᠱᠢᠢᠳᠪᠦᠷᠢᠯᠡᠨ᠂ ᠪᠦᠬᠦ᠌ ᠬᠤᠳᠠ᠎ᠶ᠋ᠢᠨ ᠠᠵᠤ ᠠᠬᠤᠢ ᠨᠡᠢᠭᠡᠮ᠎ᠢ ᠦᠷᠭᠦᠯᠵᠢᠯᠡᠨ ᠴᠢᠨᠠᠷ ᠰᠠᠢᠲᠠᠢ ᠬᠥᠭ᠌ᠵᠢᠭᠦᠯᠬᠦ ᠪᠡᠷ ᠴᠢᠷᠮᠠᠢᠵᠤ ᠪᠤᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面