2023-01-04 21:44:27
ᠮᠠᠨ᠎ᠤ ᠤᠯᠤᠰ ᠱᠢᠨ᠎ᠡ ᠬᠡᠯᠪᠡᠷᠢ᠎ᠶ᠋ᠢᠨ ᠲᠢᠲᠢᠮᠯᠢᠭ ᠸᠢᠷᠦ᠋ᠰ᠎ᠦᠨ ᠬᠠᠯᠳᠠᠪᠤᠷᠢᠯᠠᠯ᠎ᠢ《 ᠬᠥᠬᠡᠭ᠌ᠴᠢᠨ ᠲᠥᠷᠥᠯ᠎ᠦᠨ ᠬᠥᠬᠡᠭ᠌ᠴᠢᠨ ᠬᠠᠮᠢᠶᠠᠷᠤᠯᠲᠠ 》ᠪᠣᠯᠭᠠᠨ ᠲᠣᠬᠢᠷᠠᠭᠤᠯᠤᠭ᠍ᠰᠠᠨ᠎ᠨᠢ ᠪᠤᠰᠤᠳᠴᠢ ᠵᠢᠮ᠎ᠡ ᠶᠣᠰᠣᠨ᠎ᠳᠤ ᠨᠡᠢᠴᠡᠵᠦ᠍᠂ ᠭᠦᠶ᠋ᠴᠡᠳ ᠨᠥᠬᠥᠴᠡᠯ᠎ᠢ ᠪᠦᠷᠢᠯᠳᠦᠭᠦᠯᠵᠦ᠍᠂ ᠬᠡᠪ᠎ᠦᠨ ᠦᠶ᠋ᠯᠡᠳᠪᠦᠷᠢᠯᠡᠯ ᠠᠮᠢᠳᠤᠷᠠᠯ ᠪᠠ ᠡᠮ ᠡᠮᠨᠡᠯᠭᠡ ᠡᠷᠡᠭᠦᠯ ᠬᠠᠮᠠᠭᠠᠯᠠᠯ᠎ᠤᠨ ᠬᠡᠷᠡᠭ᠌ᠴᠡᠭᠡ᠎ᠶ᠋ᠢ ᠨᠠᠩ ᠰᠠᠢᠲᠤᠷ ᠪᠠᠲᠤᠯᠠᠬᠤ᠎ᠳᠤ ᠠᠱᠢᠭ᠍ᠲᠠᠶ᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠦᠵᠡᠭᠦᠯᠬᠦ᠌ ᠬᠢᠵᠢᠭ᠎ᠦᠨ ᠨᠥᠯᠥᠭᠡ᠎ᠶ᠋ᠢ ᠪᠠᠭᠠᠰᠭᠠᠬᠤ᠎ᠳᠤ ᠠᠱᠢᠭ᠍ᠲᠠᠶ ᠶᠤᠮ᠃ 《 ᠬᠥᠬᠡᠭ᠌ᠴᠢᠨ ᠲᠥᠷᠥᠯ᠎ᠦᠨ ᠬᠥᠬᠡᠭ᠌ᠴᠢᠨ ᠬᠠᠮᠢᠶᠠᠷᠤᠯᠲᠠ》᠎ᠶ᠋ᠢ ᠬᠡᠷᠡᠭ᠌ᠵᠢᠭᠦᠯᠬᠦ᠌᠎ᠳᠦ ᠪᠣᠳᠠᠲᠠᠢ᠎ᠪᠠᠷ ᠬᠡᠷᠬᠢᠨ ᠬᠠᠮᠢᠶᠠᠷᠬᠤ ᠪᠤᠢ?
ᠸᠠᠺᠼᠢᠨ᠎ᠤ ᠲᠠᠷᠢᠯᠭ᠎ᠠ ᠬᠢᠬᠦ᠌ ᠨᠣᠷᠮ᠎ᠠ᠎ᠶ᠋ᠢ ᠲᠦᠷᠭᠡᠳᠭᠡᠨ ᠳᠡᠭᠡᠭ᠌ᠰᠢᠯᠡᠭᠦᠯᠦᠨ᠎ᠡ
ᠨᠢᠭᠡᠳᠦᠭᠡᠷ ᠤᠳᠠᠭᠠᠨ᠎ᠤ ᠴᠢᠨᠭᠭᠠᠳᠬᠠᠭᠰᠠᠨ ᠡᠭᠡᠯᠢᠯᠡᠭᠡ᠎ᠵᠢᠨ ᠲᠠᠷᠢᠯᠭ᠎ᠠ᠎ᠶ᠋ᠢ ᠲᠠᠷᠢᠭᠰᠠᠨ ᠰᠠᠭᠤᠷᠢᠨ ᠳᠡᠭᠡᠷ᠎ᠡ᠂ ᠬᠠᠯᠳᠠᠪᠤᠷᠢᠯᠠᠬᠤ ᠲᠦᠭ᠌ᠰᠢᠭᠦᠷᠢ ᠶᠡᠬᠡᠲᠡᠶ ᠬᠥᠮᠦᠰ᠂ 60 ᠨᠠᠰᠤᠨ᠎ᠠᠴᠠ ᠳᠡᠭᠡᠭ᠌ᠰᠢᠬᠢ ᠨᠠᠰᠤᠲᠠᠢᠴᠤᠳ᠂ ᠨᠡᠯᠢᠶᠡᠳ ᠬᠦᠨᠳᠦ ᠰᠠᠭᠤᠷᠢ ᠡᠪᠡᠳᠴᠢᠨ᠎ᠲᠡᠶ ᠬᠥᠮᠦᠰ ᠪᠠ ᠡᠭᠡᠯᠢᠯᠡᠭᠡ᠎ᠶ᠋ᠢᠨ ᠴᠢᠳᠠᠪᠤᠷᠢ᠎ᠪᠠᠷ ᠠᠨᠠᠶ ᠬᠥᠮᠦᠰ᠎ᠦᠨ ᠳᠤᠮᠳᠠ ᠬᠣᠶᠠᠳᠠᠬᠢ ᠤᠳᠠᠭᠠᠨ᠎ᠤ ᠴᠢᠨᠭᠭᠠᠳᠬᠠᠭᠰᠠᠨ ᠡᠭᠡᠯᠢᠯᠡᠭᠡ᠎ᠶ᠋ᠢᠨ ᠲᠠᠷᠢᠯᠭ᠎ᠠ ᠬᠢᠬᠦ᠌᠎ᠶ᠋ᠢ ᠠᠬᠢᠭᠤᠯᠤᠨ᠎ᠠ᠃
ᠭᠤᠤᠯᠳᠠᠯᠭ᠎ᠠ᠎ᠲᠠᠶ ᠬᠥᠮᠦᠰ᠎ᠲᠦ ᠦᠶ᠋ᠯᠡᠴᠢᠯᠡᠨ᠎ᠡ
ᠬᠠᠷᠢᠶ᠎ᠠ ᠣᠷᠣᠨ᠎ᠤ ᠳᠣᠲᠣᠷᠠᠬᠢ 65 ᠨᠠᠰᠤᠨ᠎ᠠᠴᠠ ᠳᠡᠭᠡᠭ᠌ᠰᠢᠬᠢ ᠨᠠᠰᠤᠲᠠᠢᠴᠤᠳ᠎ᠤᠨ ᠨᠡᠢᠳᠡᠮ᠎ᠤᠨ ᠰᠠᠭᠤᠷᠢ ᠡᠪᠡᠳᠴᠢᠨ ᠡᠮᠭᠡᠭ᠎ᠤᠨ ᠪᠠᠢᠳᠠᠯ᠎ᠢ ᠲᠣᠳᠣᠷᠬᠠᠶ ᠣᠢᠯᠠᠭᠠᠵᠤ᠂ ᠲᠡᠳᠡᠨ᠎ᠳᠦ ᠭᠤᠤᠯᠳᠠᠯᠭ᠎ᠠ᠎ᠲᠠᠶ ᠦᠶ᠋ᠯᠡᠴᠢᠯᠡᠨ᠎ᠡ᠃ ᠰᠠᠭᠤᠷᠢ ᠡᠪᠡᠳᠴᠢᠨ ᠨᠢ᠄ ᠵᠢᠷᠦᠬᠡᠨ ᠲᠢᠲᠢᠮ ᠡᠪᠡᠳᠴᠢᠨ᠂ ᠲᠠᠷᠢᠬᠢᠨ ᠰᠠ ᠳᠠᠭᠠᠷᠢᠬᠤ᠂ ᠴᠢᠰᠤᠨ ᠳᠠᠷᠤᠯᠲᠠ ᠥᠨᠳᠥᠷ ᠡᠪᠡᠳᠴᠢᠨ᠂ ᠤᠳᠠᠭᠠᠨ ᠴᠢᠨᠠᠷᠲᠠᠶ ᠲᠦᠭ᠌ᠵᠢᠷᠡᠬᠦ᠌ ᠴᠢᠨᠠᠷᠲᠠᠶ ᠠᠭᠤᠰᠭᠢᠨ ᠡᠪᠡᠳᠴᠢᠨ᠂ ᠱᠢᠬᠢᠷ ᠱᠢᠵᠢᠩ ᠡᠪᠡᠳᠴᠢᠨ᠂ ᠤᠳᠠᠭᠠᠨ ᠴᠢᠨᠠᠷᠲᠠᠶ ᠪᠥᠭᠡᠷᠡᠨ ᠡᠪᠡᠳᠴᠢᠨ᠂ ᠬᠠᠪᠤᠳᠠᠷ᠂ ᠡᠭᠡᠯᠢᠯᠡᠭᠡ᠎ᠶ᠋ᠢᠨ ᠴᠢᠳᠠᠪᠬᠢ ᠲᠤᠷᠭᠤᠨ ᠵᠡᠷᠭᠡ ᠪᠠᠭ᠍ᠲᠠᠨ᠎ᠠ᠃
ᠬᠥᠳᠡᠭᠡ ᠲᠣᠰᠭᠣᠨ᠎ᠤ ᠰᠠᠭᠤᠭᠠᠯᠢ ᠠᠷᠠᠳ᠎ᠤᠨ ᠡᠷᠡᠭᠦᠯ ᠮᠡᠨᠳᠦ᠍᠎ᠶ᠋ᠢᠨ ᠦᠶ᠋ᠯᠡᠴᠢᠯᠡᠭᠡ᠎ᠶ᠋ᠢ ᠰᠠᠢᠲᠤᠷ ᠬᠢᠨ᠎ᠠ
ᠡᠮᠴᠢᠯᠡᠭᠡᠨ᠎ᠦ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠴᠢᠩᠭᠠᠳᠭᠠᠨ᠂ ᠠᠮᠢᠰᠭᠤᠯ᠎ᠤᠨ ᠵᠠᠮ᠎ᠤᠨ ᠡᠪᠡᠳᠴᠢᠨ ᠡᠮᠭᠡᠭ᠎ᠢ ᠡᠮᠨᠡᠨ ᠵᠠᠰᠠᠬᠤ ᠡᠮ ᠪᠣᠯᠤᠨ ᠬᠦᠴᠢᠯᠲᠥ᠋ᠷᠥᠭ᠌ᠴᠢ ᠦᠶ᠋ᠯᠡᠳᠬᠦ᠌ ᠮᠠᠱᠢᠨ ᠵᠡᠷᠭᠡ ᠡᠮᠨᠡᠨ ᠵᠠᠰᠠᠬᠤ ᠬᠠᠪᠰᠤᠷᠤᠮᠵᠢ ᠲᠥᠬᠥᠭᠡᠷᠦᠮᠵᠢ᠎ᠶ᠋ᠢ ᠭᠦᠶ᠋ᠴᠡᠳ ᠲᠣᠬᠢᠷᠠᠭᠤᠯᠤᠨ᠎ᠠ; ᠱᠢᠶᠠᠨ᠂ ᠱᠢᠶᠠᠩ᠂ ᠲᠣᠰᠭᠣᠨ ᠭᠤᠷᠪᠠᠨ ᠱᠠᠲᠤ ᠬᠠᠮᠲᠤᠷᠠᠨ ᠬᠥᠳᠡᠯᠦᠯᠴᠡᠵᠦ᠍᠂ ᠲᠣᠰᠭᠣᠨ — ᠱᠢᠶᠠᠩ — ᠱᠢᠶᠠᠨ᠎ᠤ ᠬᠦᠨᠳᠦ ᠡᠪᠡᠳᠴᠢᠲᠡᠨ᠎ᠦ ᠡᠮᠨᠡᠭᠦᠯᠬᠦ᠌ ᠪᠠ ᠲᠠᠨᠢᠯᠴᠠᠭᠤᠯᠤᠨ ᠰᠢᠯᠵᠢᠭᠦᠯᠬᠦ᠎ᠳᠤ ᠳᠥᠭᠥᠮ ᠳᠥᠲᠡ ᠠᠷᠭ᠎ᠠ ᠵᠠᠮ᠎ᠢ ᠪᠠᠢᠭᠤᠯᠤᠨ᠎ᠠ; ᠬᠣᠲᠠ ᠬᠥᠳᠡᠭᠡ᠎ᠶ᠋ᠢᠨ ᠡᠮᠴᠢᠯᠡᠭᠡᠨ᠎ᠦ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠭᠦᠯᠵᠦ᠍᠂ ᠲᠣᠭᠣᠷᠢᠭ ᠬᠤᠪᠢᠶᠠᠨ ᠬᠡᠰᠡᠭ᠎ᠢ ᠳᠠᠭᠠᠭᠠᠴᠢᠯᠠᠬᠤ ᠵᠠᠷᠴᠢᠮ ᠶᠣᠰᠣᠭᠠᠷ᠂ ᠬᠣᠲᠠ᠎ᠶ᠋ᠢᠨ ᠬᠣᠶᠠᠳᠤᠭᠠᠷ ᠳᠡᠰ ᠵᠢᠴᠢ ᠲᠡᠭᠦᠨ᠎ᠡᠴᠡ ᠳᠡᠭᠡᠭ᠌ᠰᠢᠬᠢ ᠶᠡᠷᠦᠩᠬᠡᠢᠯᠡᠭ᠌ᠰᠡᠨ ᠡᠮᠨᠡᠯᠭᠡ᠎ᠶ᠋ᠢᠨ ᠬᠣᠷᠢᠶ᠎ᠠ᠎ᠨᠤᠭᠤᠳ ᠱᠢᠶᠠᠨ᠎ᠤ ᠱᠠᠲᠤᠨ᠎ᠤ ᠡᠮᠨᠡᠯᠭᠡ᠎ᠶ᠋ᠢᠨ ᠬᠣᠷᠢᠶ᠎ᠠ᠎ᠶ᠋ᠢ ᠠᠵᠢᠯ ᠲᠦᠷᠦᠯ᠎ᠢᠶᠡᠷ ᠬᠠᠪᠰᠤᠷᠤᠨ ᠲᠡᠳᠬᠦᠨ᠎ᠡ᠃
ᠣᠷᠣᠨ ᠪᠦᠰᠡ᠎ᠶ᠋ᠢᠨ ᠬᠢᠵᠢᠭ᠎ᠦᠨ ᠪᠠᠢᠳᠠᠯ ᠪᠣᠯᠤᠨ ᠰᠠᠭᠤᠭᠠᠯᠢ ᠠᠷᠠᠳ᠎ᠤᠨ ᠬᠦᠰᠡᠯ ᠰᠠᠨᠠᠭ᠎ᠠ᠎ᠶ᠋ᠢ ᠦᠨᠳᠦᠰᠦᠯᠡᠨ᠂ ᠬᠥᠳᠡᠭᠡ ᠲᠣᠰᠭᠣᠨ᠎ᠤ ᠴᠤᠭ᠍ᠯᠠᠭ᠎ᠠ ᠮᠠᠢᠮᠠᠶ᠂ ᠰᠦᠮ᠎ᠡ᠎ᠶ᠋ᠢᠨ ᠴᠤᠭ᠍ᠯᠠᠭᠠᠨ᠂ ᠤᠷᠠᠨ ᠰᠠᠢᠬᠠᠨ᠎ᠤ ᠲᠣᠭ᠍ᠯᠠᠯᠲᠠ ᠵᠡᠷᠭᠡ ᠴᠤᠭ᠍ᠯᠠᠷᠠᠯ᠎ᠤᠨ ᠴᠢᠨᠠᠷᠲᠠᠶ ᠠᠵᠢᠯᠯᠠᠭ᠎ᠠ᠎ᠶ᠋ᠢᠨ ᠬᠡᠪᠴᠢᠶ᠎ᠡ ᠪᠣᠯᠤᠨ ᠤᠳᠠᠭ᠎ᠠ᠎ᠶ᠋ᠢ ᠵᠣᠬᠢᠰᠲᠠᠶ ᠬᠢᠵᠠᠭᠠᠷᠯᠠᠨ᠎ᠡ᠃
ᠬᠥᠮᠦᠨ ᠪᠣᠯᠭᠠᠨ ᠥᠪᠡᠷ᠎ᠦᠨ ᠡᠷᠡᠭᠦᠯ ᠮᠡᠨᠳᠦ᠍᠎ᠶ᠋ᠢᠨ ᠨᠢᠭᠡᠳᠦᠭᠡᠷ ᠬᠠᠷᠢᠭᠤᠴᠠᠯᠭᠠᠲᠠᠨ ᠪᠤᠯᠬᠤ ᠬᠠᠷᠢᠭᠤᠴᠠᠯᠭ᠎ᠠ ᠪᠠᠨ ᠰᠠᠢᠲᠤᠷ ᠬᠦᠢᠴᠡᠳᠭᠡᠬᠦ ᠬᠡᠷᠡᠭᠲᠡᠢ᠃
ᠠᠮᠠᠪᠴᠢ ᠵᠡᠭᠦᠬᠦ᠌᠂ ᠭᠠᠷ᠎ᠢᠶᠠᠨ ᠦᠷᠭᠦᠯᠵᠢ ᠤᠬᠢᠶᠠᠬᠤ ᠵᠡᠷᠭᠡ ᠰᠠᠢᠨ ᠰᠠᠢᠬᠠᠨ ᠡᠷᠡᠭᠦᠯ ᠬᠠᠮᠠᠭᠠᠯᠠᠯ᠎ᠤᠨ ᠳᠠᠳᠭᠠᠯ᠎ᠢ ᠪᠠᠷᠢᠮᠲᠠᠯᠠᠵᠤ᠂ ᠣᠯᠠᠨ ᠨᠡᠢᠲᠡ᠎ᠶ᠋ᠢᠨ ᠲᠠᠯᠠᠪᠤᠷ᠎ᠲᠤ ᠬᠥᠮᠦᠰ᠎ᠦᠨ ᠬᠣᠭᠣᠷᠣᠨᠳᠣᠬᠢ ᠵᠠᠶ᠎ᠶ᠋ᠢ ᠪᠠᠲᠤᠯᠠᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃