ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2023-01-11 21:37:57

ᠵᠣᠬᠢᠶᠠᠭ᠍ᠴᠢ᠄ ᠫᠸᠩ ᠶᠦᠨ ᠵᠢᠶᠠ ᠣᠩᠱᠢᠭ᠍ᠰᠠᠨ ᠣᠳᠠᠭ᠎ᠠ᠄ 3

4 ᠡᠳᠦᠷ ᠶᠠᠪᠤᠭ᠍ᠳᠠᠭ᠍ᠰᠠᠨ 2022 ᠣᠨ᠎ᠤ ᠤᠯᠤᠰ᠎ᠤᠨ ᠡᠮ ᠡᠮᠨᠡᠯᠭᠡ᠎ᠶ᠋ᠢᠨ ᠪᠠᠳᠤᠯᠠᠭ᠎ᠠ ᠵᠢᠨ ᠡᠮ᠎ᠦᠨ ᠵᠦᠢᠯᠡᠰ᠎ᠦᠨ ᠭᠠᠷᠴᠠᠭ᠎ᠤᠨ ᠬᠡᠯᠡᠯᠴᠡᠭᠡ 8 ᠤ᠋ ᠡᠳᠦᠷ ᠪᠡᠭᠡᠵᠢᠩ᠎ᠳᠦ ᠲᠡᠭᠦᠰᠪᠡ᠃ ᠤᠯᠤᠰ᠎ᠤᠨ ᠡᠮ ᠡᠮᠨᠡᠯᠭᠡ᠎ᠶ᠋ᠢᠨ ᠪᠠᠳᠤᠯᠠᠭ᠎ᠠ ᠵᠢᠨ ᠲᠣᠪᠴᠢᠶᠠᠨ ᠤ᠋ ᠡᠮ ᠡᠮᠨᠡᠯᠭᠡ᠎ᠶ᠋ᠢᠨ ᠬᠠᠮᠢᠶᠠᠷᠤᠯᠲᠠ᠎ᠶ᠋ᠢᠨ ᠵᠤᠷᠭᠠᠨ᠎ᠤ ᠬᠠᠷᠢᠭᠤᠴᠠᠯᠭᠠᠲᠠᠨ ᠱᠢᠨ᠎ᠡ ᠲᠢᠲᠢᠮᠯᠢᠭ ᠸᠢᠷᠦ᠋ᠰ ᠤ᠋ᠨ ᠬᠠᠯᠳᠠᠪᠤᠷᠢᠯᠠᠯ᠎ᠢ ᠡᠮᠨᠡᠨ ᠵᠠᠰᠠᠬᠤ ᠡᠮ᠎ᠦᠨ ᠲᠤᠬᠠᠢ ᠬᠡᠯᠡᠯᠴᠡᠭᠡ ᠬᠢᠭ᠌ᠰᠡᠨ ᠪᠠᠢᠳᠠᠯ᠎ᠢ ᠬᠠᠷᠢᠭᠤ ᠲᠤᠰᠭᠠᠪᠠ᠄ ᠲᠣᠰ ᠤᠳᠠᠭ᠎ᠠ᠎ᠶ᠋ᠢᠨ ᠬᠡᠯᠡᠯᠴᠡᠭᠡ᠎ᠳᠦ ᠤᠷᠤᠭ᠍ᠰᠠᠨ ᠱᠢᠨ᠎ᠡ ᠲᠢᠲᠢᠮᠯᠢᠭ ᠸᠢᠷᠦ᠋ᠰ ᠤ᠋ᠨ ᠬᠠᠯᠳᠠᠪᠤᠷᠢᠯᠠᠯ᠎ᠢ ᠡᠮᠨᠡᠨ ᠵᠠᠰᠠᠬᠤ ᠡᠮ ᠨᠡᠢᠲᠡ 3 ᠵᠦᠶ᠋ᠯ ᠪᠣᠶ᠂ ᠡᠭᠦᠨ᠎ᠳᠦ ᠠᠽᠹ ᠬᠠᠪᠲᠠᠭᠠᠶ ᠦᠷᠢᠯ ᠂ ᠠᠭᠤᠰᠭᠢ᠎ᠶ᠋ᠢ ᠴᠡᠪᠡᠷᠯᠡᠵᠦ᠍ ᠬᠤᠤᠷ᠎ᠢ ᠭᠠᠳᠠᠭ᠍ᠰᠢᠯᠠᠭᠤᠯᠬᠤ ᠮᠥᠬᠥᠯᠢᠭ᠎ᠦᠨ ᠲᠤᠬᠠᠢ ᠬᠡᠯᠡᠯᠴᠡᠭᠡ ᠠᠮᠵᠢᠯᠲᠠ ᠣᠯᠵᠤ ᠂ ᠾᠦᠢ ᠷᠦᠢ ᠵᠢᠨ ᠨᠠᠢ ᠮᠠ ᠲᠸ ᠸᠸᠢ ᠬᠠᠪᠲᠠᠭᠠᠶ \ ᠯᠢ ᠲᠦᠸᠸ ᠨᠠ ᠸᠸᠢ ᠬᠠᠪᠲᠠᠭᠠᠢ ᠡᠮ᠎ᠤᠨ ᠦᠨ᠎ᠡ᠎ᠬᠠᠩᠰᠢ ᠥᠨᠳᠥᠷ᠎ᠡᠴᠡ ᠪᠣᠯᠵᠣ ᠡᠮ ᠡᠮᠨᠡᠯᠬᠡ ᠵᠢᠨ ᠪᠠᠳᠤᠯᠠᠭ᠎ᠠ ᠵᠢᠨ ᠬᠡᠪᠴᠢᠶᠡᠨ ᠳ᠋ᠤ ᠤᠷᠤᠵᠤ ᠲᠡᠢᠯᠦᠭᠰᠡᠨ ᠦᠬᠡᠢ ᠬᠡᠵᠡᠢ᠃

ᠲᠣᠰ ᠬᠠᠷᠢᠭᠤᠴᠠᠯᠭᠠᠲᠠᠨ᠂ ᠤᠯᠤᠰ᠎ᠤᠨ ᠡᠮ ᠡᠮᠨᠡᠯᠭᠡ᠎ᠶ᠋ᠢᠨ ᠪᠠᠳᠤᠯᠠᠭ᠎ᠠ ᠵᠢᠨ ᠲᠣᠪᠴᠢᠶ᠎ᠠ ᠵᠡᠷᠭᠡ ᠳᠥᠷᠪᠡᠨ ᠰᠠᠯᠠᠭ᠎ᠠ ᠮᠥᠴᠢᠷ ᠲᠦᠷᠦᠭᠦᠬᠡᠨ 《〈 ᠬᠥᠬᠡᠭ᠌ᠴᠢᠨ ᠲᠥᠷᠥᠯ᠎ᠦᠨ ᠬᠥᠬᠡᠭ᠌ᠴᠢᠨ ᠬᠠᠮᠢᠶᠠᠷᠤᠯᠲᠠ 〉 ᠎ᠶ᠋ᠢ ᠬᠡᠷᠡᠭ᠌ᠵᠢᠭᠦᠯᠦᠭ᠌ᠰᠡᠨ᠎ᠦ ᠳᠠᠷᠠᠭ᠎ᠠ ᠱᠢᠨ᠎ᠡ ᠲᠢᠲᠢᠮᠯᠢᠭ ᠸᠢᠷᠦ᠋ᠰ ᠲᠤ᠌ ᠬᠠᠯᠳᠠᠪᠤᠷᠢᠯᠠᠭᠳᠠᠭᠰᠠᠨ ᠡᠪᠡᠳᠴᠢᠲᠡᠨ᠎ᠢ ᠡᠮᠨᠡᠨ ᠵᠠᠰᠠᠬᠤ ᠵᠠᠷᠤᠳᠠᠯ ᠤ᠋ᠨ ᠡᠮ ᠡᠮᠨᠡᠯᠭᠡ ᠵᠢᠨ ᠪᠠᠳᠤᠯᠠᠭ᠎ᠠ᠎ᠶ᠋ᠢᠨ ᠬᠠᠮᠢᠶ᠎ᠠ ᠪᠥᠬᠥᠶ ᠲᠥᠷᠥ᠎ᠶ᠋ᠢᠨ ᠪᠣᠳᠣᠯᠭ᠎ᠠ᠎ᠶ᠋ᠢ ᠱᠢᠯᠢᠳᠡᠭ᠌ᠵᠢᠭᠦᠯᠬᠦ᠌ ᠲᠤᠬᠠᠶ ᠮᠡᠳᠡᠭ᠌ᠳᠡᠯ》 ᠎ᠢ᠋ ᠳᠠᠷᠤᠮᠠᠯᠯᠠᠨ ᠲᠠᠷᠬᠠᠭᠠᠵᠤ᠂ ᠱᠢᠨ᠎ᠡ ᠲᠢᠲᠢᠮᠯᠢᠭ ᠸᠢᠷᠦ᠋ᠰ᠎ᠤᠨ ᠬᠠᠯᠳᠠᠪᠤᠷᠢᠯᠠᠯ ᠢ᠋ ᠣᠨᠣᠱᠢᠯᠠᠨ ᠵᠠᠰᠠᠬᠤ ᠲᠥᠰᠦᠯ᠎ᠳᠦ ᠪᠠᠭ᠍ᠲᠠᠭᠠᠭ᠍ᠰᠠᠨ ᠱᠢᠨ᠎ᠡ ᠲᠢᠲᠢᠮᠯᠢᠭ ᠸᠢᠷᠦ᠋ᠰ᠎ᠤᠨ ᠬᠠᠯᠳᠠᠪᠤᠷᠢᠯᠠᠯ ᠢ᠋ ᠡᠮᠨᠡᠨ ᠵᠠᠰᠠᠬᠤ ᠡᠮ᠎ᠦᠨ ᠵᠦᠶ᠋ᠯ᠎ᠳᠦ ᠡᠮ ᠡᠮᠨᠡᠯᠭᠡ᠎ᠶ᠋ᠢᠨ ᠳᠠᠭᠠᠳᠭᠠᠯ᠎ᠤᠨ ᠲᠦᠷ ᠴᠠᠭ᠎ᠤᠨ ᠲᠣᠭᠠᠴᠡᠭ᠎ᠠ ᠬᠢᠬᠦ᠌ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠬᠦ᠌᠎ᠶ᠋ᠢᠨ ᠬᠠᠮᠲᠤ ᠤᠷᠢᠳ᠎ᠢᠶᠡᠷ 2023 ᠣᠨ᠎ᠤ 3 ᠰᠠᠷ᠎ᠠ᠎ᠶ᠋ᠢᠨ 31 ᠤ᠋ ᠡᠳᠦᠷ ᠪᠣᠯᠲᠠᠯ᠎ᠠ ᠬᠡᠷᠡᠭ᠌ᠵᠢᠭᠦᠯᠬᠦ ᠪᠡᠷ ᠲᠣᠳᠣᠷᠬᠠᠶ ᠲᠣᠭ᠍ᠲᠠᠭᠠᠵᠠᠶ ᠬᠡᠵᠤ ᠢᠯᠡᠳᠬᠡᠪᠡ᠃

ᠥᠭᠡᠷ᠎ᠡ᠎ᠪᠡᠷ ᠬᠡᠯᠡᠪᠡᠯ᠂ ᠲᠣᠰ ᠤᠳᠠᠭᠠᠨ᠎ᠤ ᠬᠡᠯᠡᠯᠴᠡᠭᠡ ᠳ᠋ᠦ ᠤᠷᠤᠭᠰᠠᠨ ᠠᠽᠹ ᠬᠠᠪᠲᠠᠭᠠᠶ ᠦᠷᠢᠯ ᠂ ᠠᠭᠤᠰᠭᠢ᠎ᠶ᠋ᠢ ᠴᠡᠪᠡᠷᠯᠡᠵᠦ᠍ ᠬᠤᠤᠷ᠎ᠢ ᠭᠠᠳᠠᠭ᠍ᠰᠢᠯᠠᠭᠤᠯᠬᠤ ᠮᠥᠬᠥᠯᠢᠭ ᠪᠤᠯᠤᠨ ᠾᠦᠢ ᠷᠦᠢ ᠵᠢᠨ ᠨᠠᠢ ᠮᠠ ᠲᠸ ᠸᠸᠢ ᠬᠠᠪᠲᠠᠭᠠᠶ \ ᠯᠢ ᠲᠦᠸᠸ ᠨᠠ ᠸᠸᠢ ᠬᠠᠪᠲᠠᠭᠠᠢ ᠡᠮ᠎ᠢ ᠴᠥᠮ ᠲᠦᠷ ᠴᠠᠭ᠎ᠤᠨ ᠴᠢᠨᠠᠷᠲᠠᠶ᠎ᠪᠠᠷ ᠡᠮ ᠡᠮᠨᠡᠯᠭᠡ᠎ᠶ᠋ᠢᠨ ᠪᠠᠳᠤᠯᠠᠭ᠎ᠠ ᠵᠢᠨ ᠲᠤᠭᠠᠴᠠᠭ᠎ᠠ ᠬᠢᠬᠦ ᠬᠡᠪᠴᠢᠶᠡᠨ᠎ᠳᠦ ᠣᠷᠣᠭᠤᠯᠵᠤ᠂ ᠡᠪᠡᠳᠴᠢᠲᠡᠨ 2023 ᠣᠨ᠎ᠤ 3 ᠰᠠᠷ᠎ᠠ᠎ᠶ᠋ᠢᠨ 31᠎ᠤ᠋ ᠡᠳᠦᠷ᠎ᠡᠴᠡ ᠡᠮᠦᠨ᠎ᠡ ᠴᠥᠮ ᠬᠣᠯᠪᠣᠭ᠍ᠳᠠᠯ ᠪᠥᠬᠥᠶ ᠡᠮ ᠡᠮᠨᠡᠯᠭᠡ᠎ᠶ᠋ᠢᠨ ᠪᠠᠳᠤᠯᠠᠭ᠎ᠠ ᠵᠢᠨ ᠲᠠᠩᠰᠠ ᠲᠠᠢᠯᠬᠤ ᠲᠥᠷᠥ᠎ᠶ᠋ᠢᠨ ᠪᠣᠳᠣᠯᠭ᠎ᠠ᠎ᠶ᠋ᠢ ᠭᠥᠷᠳᠡᠵᠦ᠍ ᠪᠣᠯᠤᠨ᠎ᠠ᠃

ᠡᠭᠦᠨ᠎ᠡᠴᠡ ᠭᠠᠳᠠᠨ᠎ᠠ᠂ ᠠᠽᠹ ᠬᠠᠪᠲᠠᠭᠠᠶ ᠦᠷᠢᠯ᠂ ᠠᠭᠤᠰᠭᠢ᠎ᠶ᠋ᠢ ᠴᠡᠪᠡᠷᠯᠡᠵᠦ᠍ ᠬᠤᠤᠷ᠎ᠢ ᠭᠠᠳᠠᠭ᠍ᠰᠢᠯᠠᠭᠤᠯᠬᠤ ᠮᠥᠬᠥᠯᠢᠭ ᠎ᠢ ᠲᠣᠰ ᠤᠳᠠᠭᠠᠨ᠎ᠤ ᠬᠡᠯᠡᠯᠴᠡᠭᠡ᠎ᠪᠡᠷ ᠳᠠᠮᠵᠢᠭᠤᠯᠤᠨ ᠤᠯᠤᠰ᠎ᠤᠨ ᠡᠮ ᠡᠮᠨᠡᠯᠭᠡ᠎ᠶ᠋ᠢᠨ ᠪᠠᠳᠤᠯᠠᠭ᠎ᠠ ᠵᠢᠨ ᠡᠮ᠎ᠦᠨ ᠵᠦᠶ᠋ᠯ᠎ᠦᠨ ᠭᠠᠷᠴᠠᠭ᠎ᠲᠤ ᠣᠷᠣᠭᠤᠯᠤᠭ᠍ᠰᠠᠨ᠎ᠤ ᠳᠠᠷᠠᠭ᠎ᠠ᠂ ᠤᠯᠤᠰ᠎ᠤᠨ ᠡᠮ ᠡᠮᠨᠡᠯᠭᠡ᠎ᠶ᠋ᠢᠨ ᠪᠠᠳᠤᠯᠠᠭ᠎ᠠ ᠵᠢᠨ ᠡᠮ᠎ᠦᠨ ᠵᠦᠶ᠋ᠯ᠎ᠦᠨ ᠭᠠᠷᠴᠠᠭ᠎ᠲᠠᠬᠢ ᠬᠠᠯᠠᠭᠤᠷᠠᠬᠤ᠂ ᠬᠠᠨᠢᠶᠠᠬᠤ ᠵᠡᠷᠭᠡ ᠱᠢᠨ᠎ᠡ ᠲᠢᠲᠢᠮᠯᠢᠭ ᠸᠢᠷᠦ᠋ᠰ᠎ᠤᠨ ᠬᠠᠯᠳᠠᠪᠤᠷᠢᠯᠠᠯ ᠢ᠋ ᠵᠠᠰᠠᠬᠤ ᠡᠮ 600 ᠭᠠᠷᠤᠶ ᠵᠦᠶ᠋ᠯ ᠪᠣᠯᠵᠠᠶ᠃

ᠲᠣᠰ ᠬᠠᠷᠢᠭᠤᠴᠠᠯᠭᠠᠲᠠᠨ᠂ ᠣᠢᠷ᠎ᠠ᠎ᠳᠤ ᠡᠯ᠎ᠡ ᠭᠠᠵᠠᠷ᠎ᠤᠨ ᠡᠮ ᠡᠮᠨᠡᠯᠭᠡ᠎ᠶ᠋ᠢᠨ ᠪᠠᠳᠤᠯᠠᠭ᠎ᠠ ᠵᠢᠨ ᠰᠠᠯᠠᠭ᠎ᠠ ᠮᠥᠴᠢᠷ ᠲᠤᠬᠠᠶ᠎ᠶ᠋ᠢᠨ ᠭᠠᠵᠠᠷ᠎ᠤᠨ ᠡᠮ ᠡᠮᠨᠡᠯᠭᠡ᠎ᠶ᠋ᠢᠨ ᠪᠠᠳᠤᠯᠠᠭ᠎ᠠ ᠵᠢᠨ ᠰᠠᠭᠤᠷᠢ ᠮᠥᠩᠭᠥ᠎ᠶ᠋ᠢᠨ ᠠᠵᠢᠯᠯᠠᠭᠠᠨ᠎ᠤ ᠪᠠᠢᠳᠠᠯ᠎ᠲᠠᠶ ᠤᠶᠠᠯᠳᠤᠭᠤᠯᠤᠨ᠂ ᠪᠠᠰᠠ ᠨᠢᠭᠡ ᠪᠦᠯᠦᠭ ᠱᠢᠨ᠎ᠡ ᠲᠢᠲᠢᠮᠯᠢᠭ ᠸᠢᠷᠦ᠋ᠰ᠎ᠤᠨ ᠬᠠᠯᠳᠠᠪᠤᠷᠢᠯᠠᠯ᠎ᠳᠦ ᠲᠣᠬᠢᠷᠠᠭᠤᠯᠤᠨ ᠡᠮᠨᠡᠨ ᠵᠠᠰᠠᠬᠤ ᠡᠮ᠎ᠢ ᠲᠣᠰ ᠭᠠᠵᠠᠷ ᠣᠷᠣᠨ᠎ᠤ ᠡᠮ ᠡᠮᠨᠡᠯᠭᠡ᠎ᠶ᠋ᠢᠨ ᠪᠠᠳᠤᠯᠠᠭ᠎ᠠ ᠵᠢᠨ ᠲᠤᠭᠠᠴᠠᠭ᠎ᠠ ᠬᠢᠬᠦ ᠬᠡᠪᠴᠢᠶᠡᠨ᠎ᠳᠦ ᠲᠦᠷ ᠣᠷᠣᠭᠤᠯᠵᠠᠶ᠃ ᠶᠡᠷᠦᠩᠬᠡᠶ᠎ᠳᠦᠨᠢ ᠠᠪᠴᠤ᠌ ᠦᠵᠡᠪᠡᠯ᠂ ᠡᠮ ᠡᠮᠨᠡᠯᠭᠡ᠎ᠶ᠋ᠢᠨ ᠪᠠᠳᠤᠯᠠᠭ᠎ᠠ ᠵᠢᠨ ᠲᠠᠩᠰᠠ ᠲᠠᠢᠯᠬᠤ ᠱᠢᠨ᠎ᠡ ᠲᠢᠲᠢᠮᠯᠢᠭ ᠸᠢᠷᠦ᠋ᠰ᠎ᠦᠨ ᠬᠠᠯᠳᠠᠪᠤᠷᠢᠯᠠᠯ᠎ᠢ ᠡᠮᠨᠡᠨ ᠵᠠᠰᠠᠬᠤ᠎ᠳᠤ ᠬᠡᠷᠡᠭ᠌ᠯᠡᠬᠦ᠌ ᠡᠮ᠎ᠦᠨ ᠲᠥᠷᠥᠯ ᠵᠦᠶ᠋ᠯ ᠡᠯᠪᠡᠭ ᠪᠤᠯᠵᠠᠢ᠃ ᠲᠠᠷᠠᠭᠠᠴᠢ᠎ᠶ᠋ᠢᠨ ᠠᠯᠬᠤᠮ᠎ᠳᠤ᠂ ᠤᠯᠤᠰ᠎ᠤᠨ ᠡᠮ ᠡᠮᠨᠡᠯᠭᠡ᠎ᠶ᠋ᠢᠨ ᠪᠠᠳᠤᠯᠠᠭ᠎ᠠ ᠵᠢᠨ ᠲᠣᠪᠴᠢᠶᠠᠨ ᠤ᠋ ᠬᠢᠨ ᠡᠮ ᠡᠮᠨᠡᠯᠭᠡ᠎ᠶ᠋ᠢᠨ ᠪᠠᠳᠤᠯᠠᠭ᠎ᠠ ᠵᠢᠨ ᠡᠮ᠎ᠦᠨ ᠵᠦᠶ᠋ᠯ᠎ᠦᠨ ᠭᠠᠷᠴᠠᠭ᠎ᠲᠤ ᠲᠣᠬᠢᠷᠠᠭᠤᠯᠤᠯᠲᠠ ᠬᠢᠬᠦ᠌ ᠠᠵᠢᠯ᠎ᠢ ᠪᠥᠬᠥ᠌ ᠬᠦᠴᠦᠨ᠎ᠢᠶᠡᠷ ᠰᠠᠢᠲᠤᠷ ᠬᠢᠵᠦ᠍᠂ ᠨᠠᠩ ᠣᠯᠠᠨ ᠱᠢᠨ᠎ᠡ ᠡᠮ ᠰᠠᠢᠨ ᠡᠮ᠎ᠢ ᠡᠮ ᠡᠮᠨᠡᠯᠭᠡ᠎ᠶ᠋ᠢᠨ ᠪᠠᠳᠤᠯᠠᠭ᠎ᠠ ᠵᠢᠨ ᠡᠮ᠎ᠦᠨ ᠵᠦᠶ᠋ᠯ᠎ᠦᠨ ᠭᠠᠷᠴᠠᠭ᠎ᠲᠤ ᠣᠷᠣᠭᠤᠯᠵᠤ᠂ ᠣᠯᠠᠨ ᠲᠦᠮᠡᠨ᠎ᠦ ᠡᠪᠡᠳᠴᠢᠨ ᠦᠵᠡᠭᠦᠯᠬᠦ᠌ ᠳᠠᠷᠤᠭᠠᠰᠤ᠎ᠶ᠋ᠢ ᠦᠨᠡᠨ ᠬᠦ᠌ ᠬᠥᠩᠭᠡᠷᠡᠭᠦᠯᠦᠨ᠎ᠡ ᠬᠡᠵᠤ ᠢᠯᠡᠳᠬᠡᠪᠡ᠃

2022 ᠣᠨ᠎ᠤ ᠤᠯᠤᠰ᠎ᠤᠨ ᠡᠮ ᠡᠮᠨᠡᠯᠭᠡ᠎ᠶ᠋ᠢᠨ ᠪᠠᠳᠤᠯᠠᠭ᠎ᠠ ᠵᠢᠨ ᠡᠮ᠎ᠦᠨ ᠵᠦᠶ᠋ᠯ᠎ᠦᠨ ᠭᠠᠷᠴᠠᠭ᠎ᠤᠨ ᠬᠡᠯᠡᠯᠴᠡᠭᠡ᠎ᠶ᠋ᠢᠨ ᠡᠴᠦᠰ᠎ᠦᠨ ᠦᠷ᠎ᠡ ᠳ᠋ᠦᠩ᠎ᠢ ᠣᠢᠷ᠎ᠠ᠎ᠳᠤ ᠨᠡᠢᠲᠡᠯᠡᠬᠦ᠌ ᠪᠡᠷ ᠪᠤᠢ᠃

(ᠱᠢᠨᠬᠤᠸᠠ ᠬᠣᠷᠢᠶᠠᠨ᠎ᠤ ᠪᠡᠭᠡᠵᠢᠩ᠎ᠦᠨ 1 ᠰᠠᠷ᠎ᠠ᠎ᠶ᠋ᠢᠨ 8 ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面