2023-01-10 12:16:43
ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠎ᠠᠴᠠ ᠣᠢᠯᠠᠭᠠᠭ᠍ᠰᠠᠨ᠎ᠢᠶᠠᠷ᠂ 1 ᠰᠠᠷ᠎ᠠ᠎ᠶ᠋ᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ ᠵᠡᠷᠭᠡ ᠬᠠᠮᠲᠤᠷᠠᠨ《〈ᠬᠥᠬᠡᠭ᠌ᠴᠢᠨ ᠲᠥᠷᠥᠯ᠎ᠦᠨ ᠬᠥᠬᠡᠭ᠌ᠴᠢᠨ ᠬᠠᠮᠢᠶᠠᠷᠤᠯᠲᠠ〉 ᠶ᠋ᠢᠨ ᠳᠠᠷᠠᠭᠠᠬᠢ ᠱᠢᠨ᠎ᠡ ᠬᠡᠯᠪᠡᠷᠢ᠎ᠶ᠋ᠢᠨ ᠲᠢᠲᠢᠮᠯᠢᠭ ᠸᠢᠷᠦ᠋ᠰ᠎ᠡᠴᠡ ᠬᠠᠯᠳᠠᠪᠤᠷᠢᠯᠠᠭ᠍ᠰᠠᠨ ᠡᠪᠡᠳᠴᠢᠲᠡᠨ᠎ᠢ ᠡᠮᠨᠡᠨ ᠵᠠᠰᠠᠬᠤ ᠵᠠᠷᠤᠳᠠᠯ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠠᠵᠢᠯ᠎ᠢ ᠰᠠᠢᠲᠤᠷ ᠬᠢᠬᠦ᠌ ᠲᠤᠬᠠᠶ ᠮᠡᠳᠡᠭ᠌ᠳᠡᠯ 》᠎ᠢ ᠳᠠᠷᠤᠮᠠᠯᠯᠠᠨ ᠲᠠᠷᠬᠠᠭᠠᠵᠤ᠂ ᠱᠢᠨ᠎ᠡ ᠬᠡᠯᠪᠡᠷᠢ ᠵᠢᠨ ᠲᠢᠲᠢᠮᠯᠢᠭ ᠸᠢᠷᠥ᠋ᠰ ᠡᠴᠡ ᠬᠠᠯᠳᠠᠪᠦᠷᠢᠯᠠᠬᠰᠠᠨ ᠡᠪᠡᠳᠴᠢᠲᠡᠨ᠎ᠢ ᠡᠮᠨᠡᠯᠭᠡ᠎ᠳᠦ ᠰᠠᠭᠤᠯᠭᠠᠨ ᠡᠮᠨᠡᠨ ᠵᠠᠰᠠᠬᠤ᠂ ᠡᠭᠦᠳᠡᠨ ᠡᠮᠨᠡᠯᠭᠡ᠎ᠶ᠋ᠢᠨ ᠲᠦᠷᠭᠡᠨ ᠡᠮᠨᠡᠬᠦ ᠵᠠᠷᠤᠳᠠᠯ᠎ᠤᠨ ᠪᠠᠲᠤᠯᠠᠭ᠎ᠠ ᠵᠡᠷᠭᠡ᠎ᠳᠦ ᠲᠣᠭ᠍ᠲᠠᠭᠠᠯ ᠭᠠᠷᠭᠠᠪᠠ᠃ 《ᠮᠡᠳᠡᠭ᠌ᠳᠡᠯ》᠎ᠢ 1 ᠰᠠᠷ᠎ᠠ᠎ᠶ᠋ᠢᠨ 8 ᠤ ᠡᠳᠦᠷ᠎ᠡᠴᠡ ᠡᠬᠢᠯᠡᠨ ᠬᠡᠷᠡᠭ᠌ᠵᠢᠭᠦᠯᠵᠦ᠍ ᠂ 3 ᠰᠠᠷ᠎ᠠ᠎ᠶ᠋ᠢᠨ 31᠎ᠦ ᠡᠳᠦᠷ ᠪᠣᠯᠲᠠᠯ᠎ᠠ ᠤᠷᠢᠳ᠎ᠢᠶᠠᠷ ᠬᠡᠷᠡᠭ᠌ᠵᠢᠭᠦᠯᠦᠨ᠎ᠡ᠃
《ᠮᠡᠳᠡᠭ᠌ᠳᠡᠯ》᠎ᠳ᠋ᠤ ᠡᠮᠦᠨᠡᠬᠢ ᠬᠤᠭᠤᠴᠠᠭᠠᠨ᠎ᠤ ᠡᠮᠨᠡᠯᠭᠡ᠎ᠳᠦ ᠰᠠᠭᠤᠭ᠍ᠰᠠᠨ ᠵᠠᠷᠤᠳᠠᠯ᠎ᠢ ᠲᠠᠩᠰᠠ ᠲᠠᠢᠯᠬᠤ ᠲᠥᠷᠥ᠎ᠶ᠋ᠢᠨ ᠪᠣᠳᠣᠯᠭ᠎ᠠ᠎ᠶ᠋ᠢ ᠦᠷᠭᠦᠯᠵᠢᠯᠡᠨ ᠬᠡᠷᠡᠭ᠌ᠵᠢᠭᠦᠯᠦᠨ᠎ᠡ ᠭᠡᠵᠦ᠍ ᠳᠤᠷᠠᠳᠪᠠ᠄ ᠱᠢᠨ᠎ᠡ ᠬᠡᠯᠪᠡᠷᠢ ᠵᠢᠨ ᠲᠢᠲᠢᠮᠯᠢᠭ ᠸᠢᠷᠥ᠋ᠰ ᠡᠴᠡ ᠬᠠᠯᠳᠠᠪᠦᠷᠢᠯᠠᠬᠰᠠᠨ ᠡᠪᠡᠳᠴᠢᠲᠡᠨ ᠪᠣᠶ ᠪᠥᠬᠥᠶ ᠭᠥᠯᠢᠶᠡᠨ ᠠᠪᠴᠤ᠌ ᠡᠮᠨᠡᠨ ᠵᠠᠰᠠᠬᠤ ᠡᠮᠴᠢᠯᠡᠭᠡᠨ᠎ᠦ ᠪᠠᠢᠭᠤᠯᠤᠮᠵᠢ᠎ᠳᠤ ᠭᠠᠷᠤᠭ᠍ᠰᠠᠨ᠂ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠰᠠᠯᠠᠭ᠎ᠠ ᠮᠥᠴᠢᠷ᠎ᠦᠨ ᠲᠣᠭ᠍ᠲᠠᠭᠠᠭ᠍ᠰᠠᠨ ᠱᠢᠨ᠎ᠡ ᠬᠡᠯᠪᠡᠷᠢ ᠵᠢᠨ ᠲᠢᠲᠢᠮᠯᠢᠭ ᠸᠢᠷᠦ᠋ᠰ᠎ᠦᠨ ᠬᠠᠯᠳᠠᠪᠤᠷᠢᠯᠠᠯ᠎ᠢ ᠣᠨᠣᠱᠢᠯᠠᠨ ᠡᠮᠨᠡᠬᠦ᠌ ᠲᠥᠰᠦᠯ᠎ᠳᠦ ᠨᠡᠢᠴᠡᠬᠦ᠌ ᠡᠮᠨᠡᠯᠭᠡ᠎ᠳᠦ ᠰᠠᠭᠤᠭ᠍ᠰᠠᠨ ᠡᠮᠴᠢᠯᠡᠭᠡᠨ᠎ᠦ ᠵᠠᠷᠤᠳᠠᠯ᠎ᠢ ᠦᠨᠳᠦᠰᠦᠨ ᠡᠮᠴᠢᠯᠡᠭᠡᠨ᠎ᠦ ᠳᠠᠭᠠᠳᠭᠠᠯ᠂ ᠬᠦᠨᠳᠦ ᠡᠪᠡᠳᠴᠢᠨ᠎ᠦ ᠳᠠᠭᠠᠳᠭᠠᠯ᠂ ᠡᠮ ᠡᠮᠨᠡᠯᠬᠡ ᠵᠢᠨ ᠠᠪᠤᠷᠠᠨ ᠲᠤᠰᠠᠯᠠᠯᠲᠠ ᠵᠡᠷᠭᠡ᠎ᠡᠴᠡ ᠲᠣᠭ᠍ᠲᠠᠭᠠᠯ ᠶᠣᠰᠣᠭᠠᠷ ᠲᠤᠭᠠᠴᠠᠭ᠎ᠠ ᠬᠢᠭᠰᠡᠨ᠎ᠤ ᠳᠠᠷᠠᠭ᠎ᠠ᠂ ᠬᠤᠪᠢ ᠬᠥᠮᠦᠨ᠎ᠦ ᠡᠭᠦᠷᠭᠡᠯᠡᠬᠦ᠌ ᠬᠡᠰᠡᠭ᠎ᠲᠦ ᠡᠳ᠋᠎ᠦᠨ ᠵᠠᠰᠠᠭ᠎ᠠᠴᠠ ᠨᠥᠬᠥᠪᠥᠷᠢ ᠥᠭ᠌ᠴᠦ᠂ ᠬᠡᠷᠡᠭ᠌ᠰᠡᠬᠦ᠌ ᠪᠠᠯᠠ ᠮᠥᠩᠭᠥ᠎ᠶ᠋ᠢ ᠣᠷᠣᠨ ᠨᠤᠲᠤᠭ᠎ᠤᠨ ᠡᠳ᠋᠎ᠦᠨ ᠵᠠᠰᠠᠭ᠎ᠠᠴᠠ ᠤᠷᠢᠳ᠎ᠢᠶᠠᠷ ᠥᠭ᠌ᠭᠦᠨ᠎ᠡ᠃ ᠡᠭᠦᠨ᠎ᠦ ᠬᠠᠮᠲᠤ ᠂ ᠱᠢᠨ᠎ᠡ ᠬᠡᠯᠪᠡᠷᠢ ᠵᠢᠨ ᠲᠢᠲᠢᠮᠯᠢᠭ ᠸᠢᠷᠦ᠋ᠰ᠎ᠦᠨ ᠬᠠᠯᠳᠠᠪᠤᠷᠢᠯᠠᠯ ᠵᠢᠴᠢ ᠰᠡᠵᠢᠭ᠌ᠯᠡᠯᠲᠡᠢ ᠡᠪᠡᠳᠴᠢᠨ᠎ᠦ ᠢᠯᠡᠷᠡᠯ ᠲᠠᠢ ᠳᠠᠭᠠᠳᠭᠠᠯ᠎ᠳᠤ ᠣᠷᠣᠯᠴᠠᠭ᠍ᠰᠠᠨ ᠡᠪᠡᠳᠴᠢᠲᠡᠨ ᠦᠨᠳᠦᠰᠦᠨ ᠱᠠᠲᠤᠨ᠎ᠤ ᠡᠮ ᠡᠮᠨᠡᠯᠭᠡ᠎ᠶ᠋ᠢᠨ ᠳᠠᠭᠠᠳᠭᠠᠯ᠎ᠤᠨ ᠲᠣᠭ᠍ᠲᠠᠭ᠍ᠰᠠᠨ ᠡᠮᠴᠢᠯᠡᠭᠡᠨ᠎ᠦ ᠪᠠᠢᠭᠤᠯᠤᠮᠵᠢ᠎ᠳᠤ ᠡᠭᠦᠰᠦᠭ᠌ᠰᠡᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠡᠮᠴᠢᠯᠡᠭᠡ᠎ᠲᠡᠶ ᠬᠠᠮᠢᠶ᠎ᠠ ᠪᠦᠬᠦᠢ ᠡᠭᠦᠳᠡᠨ ᠡᠮᠨᠡᠯᠭᠡ᠎ᠶ᠋ᠢᠨ ᠲᠦᠷᠭᠡᠨ ᠡᠮᠨᠡᠬᠦ ᠵᠠᠷᠤᠳᠠᠯ᠎ᠳᠤ᠂ ᠡᠬᠢᠯᠡᠵᠦ᠍ ᠪᠤᠳᠤᠬᠤ ᠱᠤᠭᠤᠮ ᠪᠠ ᠳᠡᠭᠡᠳᠦ ᠬᠢᠵᠠᠭᠠᠷ ᠱᠤᠭᠤᠮ ᠲᠣᠭ᠍ᠲᠠᠭᠠᠬᠤ ᠦᠭᠡᠢ᠂ ᠲᠠᠩᠰᠠ ᠲᠠᠢᠯᠬᠤ ᠬᠠᠷᠢᠴᠠᠯ 70 % ᠪᠣᠯᠤᠨ᠎ᠠ᠃
ᠡᠭᠦᠨ᠎ᠡᠴᠡ ᠭᠠᠳᠠᠨ᠎ᠠ ᠂ 《ᠮᠡᠳᠡᠭ᠌ᠳᠡᠯ 》᠎ᠳ᠋ᠤ ᠡᠮ ᠬᠡᠷᠡᠭ᠌ᠯᠡᠬᠦ᠌ ᠬᠡᠪᠴᠢᠶ᠎ᠡ᠎ᠶ᠋ᠢ ᠥᠷᠭᠡᠳᠭᠡᠵᠦ᠍᠂ ᠱᠢᠨ᠎ᠡ ᠬᠡᠯᠪᠡᠷᠢ᠎ᠶ᠋ᠢᠨ ᠲᠢᠲᠢᠮᠯᠢᠭ ᠸᠢᠷᠦ᠋ᠰ ᠡᠴᠡ ᠬᠠᠯᠳᠠᠪᠤᠷᠢᠯᠠᠭ᠍ᠰᠠᠨᠢ ᠣᠨᠣᠱᠢᠯᠠᠨ ᠡᠮᠨᠡᠬᠦ᠌ ᠲᠥᠰᠦᠯ ᠵᠢᠴᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠡᠮᠨᠡᠨ ᠵᠠᠰᠠᠬᠤ ᠬᠠᠮᠢᠶ᠎ᠠ ᠪᠥᠬᠥᠶ ᠡᠮ᠎ᠦᠨ ᠵᠦᠶ᠋ᠯᠡᠰ᠎ᠦᠨ ᠨᠥᠭᠡᠴᠡ᠎ᠶ᠋ᠢᠨ ᠯᠠᠪᠯᠠᠯᠲᠠ᠎ᠶ᠋ᠢᠨ ᠭᠠᠷᠴᠠᠭ》ᠵᠡᠷᠭᠡ ᠦᠨᠳᠦᠰᠦᠨ ᠡᠮᠴᠢᠯᠡᠭᠡᠨ᠎ᠦ ᠳᠠᠭᠠᠳᠭᠠᠯ᠎ᠤᠨ ᠭᠠᠷᠴᠠᠭ᠎ᠠᠴᠠ ᠭᠠᠳᠠᠨᠠᠬᠢ ᠱᠢᠨ᠎ᠡ ᠬᠡᠯᠪᠡᠷᠢ᠎ᠶ᠋ᠢᠨ ᠲᠢᠲᠢᠮᠯᠢᠭ ᠸᠢᠷᠦ᠋ᠰ᠎ᠤᠨ ᠬᠠᠯᠳᠠᠪᠦᠷᠢᠯᠠᠯᠢ ᠡᠮᠨᠡᠨ ᠵᠠᠰᠠᠬᠤ ᠡᠮ᠎ᠦᠨ ᠵᠦᠶ᠋ᠯᠡᠰ᠎ᠢ ᠤᠯᠤᠰ᠎ᠤᠨ ᠡᠮᠴᠢᠯᠡᠭᠡᠨ᠎ᠦ ᠳᠠᠭᠠᠳᠭᠠᠯ᠎ᠤᠨ ᠲᠣᠪᠴᠢᠶ᠎ᠠ᠎ᠳᠤ ᠮᠡᠳᠡᠭᠦᠯᠦᠨ ᠳᠠᠩᠰᠠᠯᠠᠭᠤᠯᠤᠭ᠍ᠰᠠᠨ᠎ᠤ ᠳᠠᠷᠠᠭ᠎ᠠ ᠲᠦᠷ ᠴᠠᠭ ᠮᠠᠨ᠎ᠤ ᠣᠷᠣᠨ᠎ᠤ ᠡᠮᠴᠢᠯᠡᠭᠡᠨ᠎ᠦ ᠳᠠᠭᠠᠳᠭᠠᠯ᠎ᠤᠨ ᠲᠣᠭᠠᠴᠠᠭ᠎ᠠ ᠬᠢᠬᠦ᠌ ᠬᠡᠪᠴᠢᠶᠡᠨ᠎ᠳᠦ ᠣᠷᠣᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠳᠠᠭᠠᠳᠭᠠᠯ᠎ᠤᠨ ᠬᠠᠮᠢᠶᠠᠷᠤᠯᠲᠠ᠎ᠶ᠋ᠢᠨ ᠲᠣᠪᠴᠢᠶ᠎ᠠ ᠱᠢᠨ᠎ᠡ ᠬᠡᠯᠪᠡᠷᠢ᠎ᠶ᠋ᠢᠨ ᠲᠢᠲᠢᠮᠯᠢᠭ ᠸᠢᠷᠦ᠋ᠰ᠎ᠤᠨ ᠬᠠᠯᠳᠠᠪᠦᠷᠢᠯᠠᠯᠢ ᠲᠦᠷ ᠴᠠᠭ᠎ᠤᠨ ᠴᠢᠨᠠᠷᠲᠠᠶ ᠡᠮᠨᠡᠨ ᠵᠠᠰᠠᠬᠤ ᠡᠮ᠎ᠦᠨ ᠵᠦᠶ᠋ᠯᠡᠰ᠎ᠦᠨ ᠭᠠᠷᠴᠠᠭ᠎ᠢ ᠲᠣᠭ᠍ᠲᠠᠭᠠᠬᠤ ᠬᠡᠷᠡᠭ᠌ᠲᠡᠶ ᠭᠡᠵᠡᠢ᠃
ᠢᠷᠡᠯᠳᠡ᠄ ᠦᠪᠦᠷ ᠮᠤᠡᠭᠭᠤᠯ᠎ᠤᠨ ᠰᠤᠨᠢᠨ ᠮᠡᠳᠡᠬᠡ ᠵᠢᠨ ᠰᠦᠯᠵᠢᠶ᠎ᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃