ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2023-01-09 18:31:42

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

《ᠰᠢᠨ᠎ᠡ ᠲᠢᠲᠢᠮᠯᠢᠭ᠌ ᠸᠢᠷᠦ᠋ᠰ ᠎ᠦᠨ ᠬᠠᠯᠳᠠᠪᠤᠷᠢᠯᠠᠯ ᠎ᠢ ᠣᠨᠣᠰᠢᠯᠠᠨ ᠡᠮᠨᠡᠬᠦ ᠲᠥᠰᠥᠯ ( ᠲᠤᠷᠰᠢᠨ ᠬᠡᠷᠡᠭᠵᠢᠭᠦᠯᠬᠦ ᠠᠷᠪᠠᠳᠤᠭᠠᠷ ᠬᠡᠪᠯᠡᠯ ) 》 ᠎ᠤᠨ ᠲᠠᠢᠯᠤᠮᠵᠢ

ᠰᠢᠨ᠎ᠡ ᠲᠢᠲᠢᠮᠯᠢᠭ᠌ ᠸᠢᠷᠦ᠋ᠰ᠎ᠦᠨ ᠬᠠᠯᠳᠠᠪᠤᠷᠢᠯᠠᠯ᠎ᠤᠨ ᠡᠮᠴᠢᠯᠡᠭᠡᠨ᠎ᠦ ᠠᠪᠤᠷᠠᠨ ᠵᠠᠰᠠᠬᠤ ᠠᠵᠢᠯ᠎ᠢ ᠤᠯᠠᠮ ᠨᠢᠭᠡ ᠠᠯᠬᠤᠮ ᠰᠠᠢᠲᠤᠷ ᠬᠢᠵᠦ᠂ ᠵᠢᠷᠤᠮᠵᠢᠭ᠍ᠰᠠᠨ᠂ ᠢᠵᠢᠯ ᠴᠢᠨᠠᠷᠲᠤ ᠣᠨᠣᠰᠢᠯᠠᠨ ᠡᠮᠨᠡᠬᠦ ᠲᠦᠪᠰᠢᠨ᠎ᠢ ᠦᠨᠡᠨ ᠬᠦ᠌ ᠳᠡᠭᠡᠭᠰᠢᠯᠡᠭᠦᠯᠬᠦ᠎ᠶᠢᠨ ᠲᠥᠯᠥᠭᠡ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ ᠤᠯᠤᠰ᠎ᠤᠨ ᠬᠢᠲᠠᠳ ᠡᠮ ᠡᠮᠨᠡᠯᠭᠡ᠎ᠶᠢᠨ ᠲᠣᠪᠴᠢᠶ᠎ᠠ᠎ᠲᠠᠢ ᠬᠠᠮᠲᠤᠷᠠᠨ᠂ ᠰᠢᠨ᠎ᠡ ᠲᠢᠲᠢᠮᠯᠢᠭ᠌ ᠸᠢᠷᠦ᠋ᠰ᠎ᠦᠨ ᠬᠠᠯᠳᠠᠪᠤᠷᠢᠯᠠᠯ᠎ᠤᠨ ᠬᠥᠬᠡᠭᠴᠢᠨ ᠲᠥᠷᠥᠯ᠎ᠦᠨ ᠬᠥᠬᠡᠭᠴᠢᠨ ᠬᠠᠮᠢᠶᠠᠷᠤᠯᠳᠠ ᠵᠢᠴᠢ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ᠎ᠶᠢ ᠰᠢᠯᠢᠳᠡᠭᠵᠢᠭᠦᠯᠦᠨ ᠲᠣᠬᠢᠷᠠᠭᠤᠯᠬᠤ ᠬᠠᠮᠢᠶ᠎ᠠ ᠪᠦᠬᠦᠢ ᠱᠠᠭᠠᠷᠳᠠᠯᠭ᠎ᠠ᠎ᠶᠢ ᠦᠨᠳᠦᠰᠦᠯᠡᠨ᠂ ᠤᠮᠢᠺᠷᠤᠨ ᠣᠨᠳᠣᠣᠰᠢᠭ᠍ᠰᠠᠨ ᠸᠢᠷᠦ᠋ᠰ ᠎ᠦᠨ ᠣᠨᠴᠠᠯᠢᠭ᠋ ᠪᠠ ᠬᠠᠯᠳᠠᠪᠤᠷᠢᠯᠠᠭᠳᠠᠭᠴᠢ ᠵᠢᠨ᠎ᠡᠪᠡᠳᠴᠢᠨ᠎ᠦ ᠣᠨᠴᠠᠯᠢᠭ᠋᠎ᠲᠠᠢ ᠤᠶᠠᠯᠳᠤᠭᠤᠯᠤᠨ᠂ 《ᠰᠢᠨ᠎ᠡ ᠲᠢᠲᠢᠮᠯᠢᠭ᠌ ᠸᠢᠷᠦ᠋ᠰ᠎ᠦᠨ ᠠᠭᠤᠰᠬᠢᠨ ᠦᠷᠪᠢᠰᠦᠯ᠎ᠢ ᠣᠨᠣᠰᠢᠯᠠᠨ ᠡᠮᠨᠡᠬᠦ ᠲᠥᠰᠥᠯ ( ᠲᠤᠷᠰᠢᠨ ᠬᠡᠷᠡᠭᠵᠢᠭᠦᠯᠬᠦ ᠶᠢᠰᠦᠳᠦᠭᠡᠷ ᠬᠡᠪᠯᠡᠯ ) 》 ᠳ᠋ᠦ ᠵᠠᠰᠠᠪᠤᠷᠢ ᠣᠷᠣᠭᠤᠯᠵᠤ᠂ 《ᠰᠢᠨ᠎ᠡ ᠲᠢᠲᠢᠮᠯᠢᠭ᠌ ᠸᠢᠷᠦ᠋ᠰ᠎ᠦᠨ ᠬᠠᠯᠳᠠᠪᠤᠷᠢᠯᠠᠯ᠎ᠢ ᠣᠨᠣᠰᠢᠯᠠᠨ ᠡᠮᠨᠡᠬᠦ ᠲᠥᠰᠥᠯ ( ᠲᠤᠷᠰᠢᠨ ᠬᠡᠷᠡᠭᠵᠢᠭᠦᠯᠬᠦ ᠠᠷᠪᠠᠳᠤᠭᠠᠷ ᠬᠡᠪᠯᠡᠯ ) 》 ᠎ᠢ ᠪᠦᠷᠢᠯᠳᠦᠭᠦᠯᠪᠡ᠃ ᠭᠣᠣᠯᠳᠠᠯᠭ᠎ᠠ᠎ᠲᠠᠢ ᠵᠠᠰᠠᠪᠤᠷᠢ ᠣᠷᠣᠭᠤᠯᠤᠭᠰᠠᠨ ᠠᠭᠤᠯᠭ᠎ᠠ ᠨᠢ ᠳᠣᠣᠷᠠᠬᠢ ᠮᠡᠲᠦ᠄

ᠨᠢᠭᠡ᠂ ᠡᠪᠡᠳᠴᠢᠨ᠎ᠦ ᠨᠡᠷᠡᠢᠳᠦᠯ᠎ᠳᠦ ᠲᠣᠬᠢᠷᠠᠭᠤᠯᠤᠯᠲᠠ ᠬᠢᠪᠡ᠃ ᠲᠥᠷᠥ᠍᠎ᠶᠢᠨ ᠶᠠᠪᠤᠳᠠᠯ᠎ᠤᠨ ᠬᠣᠷᠢᠶᠠᠨ᠎ᠤ ᠬᠤᠯᠪᠤᠭᠠᠯᠠᠨ ᠰᠡᠷᠭᠡᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ᠎ᠶᠢᠨ ᠶᠡᠷᠦᠩᠬᠡᠢᠯᠡᠭᠰᠡᠨ ᠳᠤᠭᠤᠢᠯᠠᠩ᠎ᠤᠨ 《ᠰᠢᠨ᠎ᠡ ᠲᠢᠲᠢᠮᠯᠢᠭ᠌ ᠸᠢᠷᠦ᠋ᠰ᠎ᠦᠨ ᠬᠠᠯᠳᠠᠪᠤᠷᠢᠯᠠᠯ᠎ᠳᠤ 〈ᠬᠥᠬᠡᠭᠴᠢᠨ ᠲᠥᠷᠥᠯ᠎ᠦᠨ ᠬᠥᠬᠡᠭᠴᠢᠨ ᠬᠠᠮᠢᠶᠠᠷᠤᠯᠳᠠ〉 ᠵᠢ ᠬᠡᠷᠡᠭᠵᠢᠭᠦᠯᠬᠦ ᠲᠤᠬᠠᠢ ᠶᠡᠷᠦᠩᠬᠡᠢ ᠲᠥᠰᠥᠯ》 ᠎ᠢ ᠦᠨᠳᠦᠰᠦᠯᠡᠨ᠂ ᠡᠪᠡᠳᠴᠢᠨ᠎ᠦ ᠨᠡᠷᠡᠢᠳᠦᠯ᠎ᠢ 《ᠰᠢᠨ᠎ᠡ ᠲᠢᠲᠢᠮᠯᠢᠭ᠌ ᠸᠢᠷᠦ᠋ᠰ᠎ᠦᠨ ᠠᠭᠤᠰᠬᠢᠨ ᠦᠷᠪᠢᠰᠦᠯ》 ᠭᠡᠵᠤ ᠪᠠᠢᠭᠰᠠᠨ᠎ᠠᠴᠠ 《ᠰᠢᠨ᠎ᠡ ᠲᠢᠲᠢᠮᠯᠢᠭ᠌ ᠸᠢᠷᠦ᠋ᠰ᠎ᠦᠨ ᠬᠠᠯᠳᠠᠪᠤᠷᠢᠯᠠᠯ》 ᠭᠡᠵᠦ ᠬᠠᠯᠠᠪᠠ᠃ ᠡᠨᠡ ᠨᠢ ᠭᠣᠣᠯᠳᠠᠭᠤ ᠬᠢᠵᠢᠭ᠌᠎ᠦᠨ ᠪᠠᠢᠳᠠᠯ᠎ᠤᠨ ᠡᠬᠢᠨ᠎ᠦ ᠬᠤᠭᠤᠴᠠᠭᠠᠨ᠎ᠳᠤ ᠰᠢᠨ᠎ᠡ ᠲᠢᠲᠢᠮᠯᠢᠭ᠌ ᠸᠢᠷᠦ᠋ᠰ ᠨᠡᠯᠢᠶᠡᠳ ᠴᠢᠩᠭ᠎ᠠ ᠡᠪᠡᠳᠴᠢᠨ ᠡᠭᠦᠰᠭᠡᠬᠦ ᠬᠦᠴᠦᠨ ᠲᠠᠢ᠂ ᠡᠮᠴᠢᠯᠡᠭᠡᠨ᠎ᠦ ᠲᠠᠯ᠎ᠠ᠎ᠪᠠᠷ ᠣᠯᠠᠩᠬᠢ ᠨᠢ ᠠᠭᠤᠰᠬᠢᠨ᠎ᠤ ᠦᠷᠪᠢᠰᠦᠯ᠎ᠦᠨ ᠢᠯᠡᠷᠡᠯ᠎ᠲᠠᠢ ᠪᠠᠢᠪᠠ᠃ ᠰᠢᠨ᠎ᠡ ᠲᠢᠲᠢᠮᠯᠢᠭ᠌ ᠸᠢᠷᠦ᠋ᠰ᠎ᠦᠨ ᠲᠠᠰᠤᠷᠠᠯᠲᠠ ᠦᠭᠡᠢ ᠣᠨᠳᠣᠣᠰᠢᠬᠤ᠎ᠶᠢ ᠳᠠᠭᠠᠯᠳᠤᠨ᠂ ᠤᠮᠢᠺᠷᠤᠨ ᠸᠢᠷᠦ᠋ᠰ ᠭᠣᠣᠯ ᠬᠠᠯᠳᠠᠪᠤᠷᠢᠯᠠᠬᠤ ᠸᠢᠷᠦ᠋ᠰ ᠪᠣᠯᠤᠭᠰᠠᠨ᠎ᠤ ᠳᠠᠷᠠᠭ᠎ᠠ᠂ ᠸᠢᠷᠦ᠋ᠰ᠎ᠤᠨ ᠡᠪᠡᠳᠴᠢᠨ ᠡᠭᠦᠰᠬᠡᠬᠦ ᠬᠦᠴᠦᠨ᠎ᠨᠢ ᠪᠠᠭᠤᠷᠠᠵᠤ᠂ ᠬᠥᠮᠥᠨ᠎ᠦ ᠪᠡᠶ᠎ᠡ᠎ᠳᠦ ᠬᠠᠯᠳᠠᠪᠤᠷᠢᠯᠠᠬᠤ ᠨᠢ ᠭᠣᠣᠯᠳᠠᠭᠤ ᠬᠠᠨᠢᠶᠠᠯᠭᠠᠬᠤ᠂ ᠬᠠᠯᠠᠭᠤᠷᠠᠬᠤ᠂ ᠬᠣᠭᠣᠯᠠᠢ ᠡᠪᠡᠳᠬᠦ ᠵᠡᠷᠭᠡ᠎ᠪᠡᠷ ᠢᠯᠡᠷᠡᠵᠦ᠂ ᠵᠥᠪᠬᠡᠨ ᠴᠥᠭᠡᠨ ᠲᠣᠭᠠᠨ᠎ᠤ ᠬᠠᠯᠳᠠᠪᠤᠷᠢᠯᠠᠭᠳᠠᠭᠴᠢ ᠵᠢᠨ ᠬᠢ ᠠᠭᠤᠰᠬᠢᠨ ᠦᠷᠪᠢᠰᠦᠯ ᠪᠣᠯᠵᠤ ᠬᠤᠪᠢᠷᠠᠭᠰᠠᠨ ᠪᠠᠢᠨ᠎ᠠ᠃ ᠡᠢᠮᠦ᠎ᠡᠴᠡ 《ᠰᠢᠨ᠎ᠡ ᠲᠢᠲᠢᠮᠯᠢᠭ᠌ ᠸᠢᠷᠦ᠋ᠰ᠎ᠦᠨ ᠬᠠᠯᠳᠠᠪᠤᠷᠢᠯᠠᠯ》 ᠨᠢ ᠡᠪᠡᠳᠴᠢᠨ᠎ᠦ ᠣᠨᠴᠠᠯᠢᠭ᠋᠎ᠢ ᠨᠠᠩ ᠣᠨᠣᠪᠴᠢᠲᠠᠶ ᠲᠤᠰᠬᠠᠵᠤ ᠴᠢᠳᠠᠨ᠎ᠠ᠃

ᠬᠣᠶᠠᠷ᠂ 《ᠰᠡᠵᠢᠭᠯᠡᠯᠲᠡᠢ ᠡᠪᠡᠳᠴᠢᠨ᠎ᠦ ᠵᠢᠱ᠌ᠢᠶ᠎ᠡ》 ᠵᠢ ᠳᠠᠭᠢᠵᠤ ᠮᠠᠭᠠᠳᠯᠠᠨ ᠲᠣᠭᠲᠠᠭᠠᠬᠤ ᠦᠭᠡᠢ᠃ ᠣᠨᠣᠰᠢᠯᠠᠬᠤ ᠠᠷᠭ᠎ᠠ ᠪᠠᠷᠢᠯ ᠡᠳᠦᠷ ᠢᠷᠡᠬᠦᠶ᠎ᠡ ᠪᠠᠶᠠᠯᠢᠭ᠍ᠵᠢᠬᠤ ᠪᠠ ᠣᠨᠣᠰᠢᠯᠠᠬᠤ ᠦᠷ᠎ᠡ ᠪᠦᠲᠦᠮᠵᠢ ᠲᠠᠰᠤᠷᠠᠯᠲᠠ ᠦᠭᠡᠢ ᠳᠡᠭᠡᠭᠰᠢᠯᠡᠬᠦ᠎ᠶᠢ ᠳᠠᠭᠠᠯᠳᠤᠨ᠂ ᠣᠳᠣᠬᠠᠨ᠎ᠳᠤ ᠰᠢᠨ᠎ᠡ ᠲᠢᠲᠢᠮᠯᠢᠭ᠌ ᠸᠢᠷᠦ᠋ᠰ᠎ᠦᠨ ᠬᠠᠯᠳᠠᠪᠤᠷᠢᠯᠠᠯ᠎ᠢ ᠨᠢᠭᠡᠨᠲᠡ ᠪᠥᠭᠡᠮ ᠬᠦᠴᠢᠯ ᠪᠠ ᠠᠨᠲ᠋ᠢᠪᠤᠳᠢ ᠵᠢᠨ ᠤᠷᠪᠠᠯ᠎ᠤᠨ ᠪᠠᠢᠴᠠᠭᠠᠨ ᠬᠡᠮᠵᠢᠯᠳᠡ ᠵᠡᠷᠭᠡ᠎ᠪᠡᠷ ᠳᠡᠮᠵᠢᠨ ᠴᠠᠭ ᠲᠤᠬᠠᠢ ᠳ᠋ᠤᠨᠢ᠂ ᠲᠦᠷᠭᠡᠨ᠂ ᠣᠨᠣᠪᠴᠢᠲᠠᠶ ᠣᠨᠣᠰᠢᠯᠠᠵᠤ ᠳᠡᠶ᠋ᠢᠯᠬᠦ ᠪᠣᠯᠵᠠᠢ᠃ ᠣᠯᠠᠩᠬᠢ ᠪᠠᠢᠳᠠᠯ ᠳᠣᠣᠷ᠎ᠠ ᠲᠠᠬᠤᠯ ᠡᠪᠡᠳᠴᠢᠨ᠎ᠦ ᠰᠤᠳᠤᠯᠤᠯ᠎ᠤᠨ ᠲᠡᠦᠬᠡ᠂ ᠡᠮᠴᠢᠯᠡᠭᠡᠨ᠎ᠦ ᠢᠯᠡᠷᠡᠯ ᠨᠢ ᠡᠪᠡᠳᠴᠢᠨ᠎ᠦ ᠣᠨᠴᠠᠯᠢᠭ᠋᠎ᠲᠤ ᠨᠡᠶ᠋ᠢᠴᠡᠬᠦ ᠪᠣᠯᠪᠠᠴᠤ ᠡᠪᠡᠳᠴᠢᠨ ᠡᠭᠦᠰᠬᠡᠭᠴᠢ᠎ᠶᠢᠨ ᠰᠤᠳᠤᠯᠤᠯ᠎ᠤᠨ ᠰᠢᠯᠭᠠᠨ ᠪᠠᠢᠴᠠᠭᠠᠯᠲᠠ ᠨᠢ ᠨᠡᠯᠢᠶᠡᠳ ᠣᠷᠳᠣ᠌ ᠬᠤᠭᠤᠴᠠᠭ᠎ᠠ᠎ᠪᠠᠷ ᠲᠣᠳᠣᠷᠬᠠᠢ ᠦᠭᠡᠢ ᠪᠠᠢᠳᠠᠯ ᠭᠠᠷᠬᠤ ᠦᠭᠡᠢ ᠶᠤᠮ᠃ ᠡᠢᠮᠦ᠎ᠡᠴᠡ ᠡᠮᠴᠢᠯᠡᠭᠡᠨ᠎ᠦ ᠣᠨᠣᠰᠢᠯᠠᠨ ᠡᠮᠨᠡᠬᠦ ᠦᠷ᠎ᠡ ᠪᠦᠲᠦᠮᠵᠢ᠎ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠦᠷᠭᠡᠨ ᠭᠥᠯᠢᠶᠡᠨ ᠠᠪᠴᠤ ᠡᠮᠨᠡᠨ ᠵᠠᠰᠠᠬᠤ᠎ᠶᠢ ᠨᠠᠩ ᠰᠠᠢᠲᠤᠷ ᠪᠡᠶᠡᠯᠡᠭᠦᠯᠬᠦ᠎ᠶᠢᠨ ᠲᠥᠯᠥᠭᠡ᠂ ᠠᠷᠪᠠᠳᠤᠭᠠᠷ ᠬᠡᠪᠯᠡᠯ᠎ᠤᠨ ᠣᠨᠣᠰᠢᠯᠠᠨ ᠡᠮᠨᠡᠬᠦ ᠲᠥᠰᠥᠯ᠎ᠳᠦ 《ᠰᠡᠵᠢᠭᠯᠡᠯᠲᠡᠢ ᠡᠪᠡᠳᠴᠢᠨ᠎ᠦ ᠵᠢᠱ᠌ᠢᠶ᠎ᠡ》 ᠵᠢ ᠳᠠᠭᠢᠵᠤ ᠮᠠᠭᠠᠳᠯᠠᠨ ᠲᠣᠭᠲᠠᠭᠠᠬᠤ ᠦᠭᠡᠢ᠃

ᠭᠤᠷᠪᠠ᠂ ᠰᠢᠨ᠎ᠡ ᠲᠢᠲᠢᠮᠯᠢᠭ᠌ ᠸᠢᠷᠦ᠋ᠰ᠎ᠦᠨ ᠠᠨᠲ᠋ᠢᠪᠤᠳᠢ ᠵᠢᠨ ᠤᠷᠪᠠᠯ᠎ᠤᠨ ᠪᠠᠢᠴᠠᠭᠠᠨ ᠬᠡᠮᠵᠢᠯᠳᠡ ᠵᠢᠨ ᠠᠷᠭ᠎ᠠ ᠴᠢᠨᠠᠷ᠎ᠢ ᠣᠨᠣᠰᠢᠯᠠᠬᠤ ᠪᠠᠷᠢᠮᠵᠢᠶ᠎ᠠ ᠪᠣᠯᠭᠠᠨ ᠨᠡᠮᠡᠭᠳᠡᠭᠦᠯᠪᠠ᠃ ᠠᠨᠲ᠋ᠢᠪᠤᠳᠢ ᠵᠢᠨ ᠤᠷᠪᠠᠯ᠎ᠤᠨ ᠪᠠᠢᠴᠠᠭᠠᠨ ᠬᠡᠮᠵᠢᠯᠳᠡ ᠨᠢ ᠸᠢᠷᠦ᠋ᠰ᠎ᠦᠨ ᠳᠠᠭᠠᠭᠠᠴᠠ᠎ᠪᠠᠷ ᠨᠡᠯᠢᠶᠡᠳ ᠥᠨᠳᠥᠷ ᠬᠠᠯᠳᠠᠪᠤᠷᠢᠯᠠᠭᠳᠠᠭᠴᠢ ᠳ᠋ᠦ ᠨᠡᠯᠢᠶᠡᠳ ᠰᠠᠢᠨ ᠰᠢᠯᠭᠠᠨ ᠪᠠᠢᠴᠠᠭᠠᠯᠲᠠ᠎ᠶᠢᠨ ᠰᠣᠷᠭᠣᠭ ᠴᠢᠨᠠᠷ᠎ᠲᠠᠢ ᠪᠠᠢᠳᠠᠭ᠃ ᠠᠨᠲ᠋ᠢᠪᠤᠳᠢ ᠵᠢᠨ ᠤᠷᠪᠠᠯ᠎ᠤᠨ ᠪᠠᠢᠴᠠᠭᠠᠨ ᠬᠡᠮᠵᠢᠯᠳᠡ ᠵᠢᠨ ᠮᠡᠷᠭᠡᠵᠢᠯ᠎ᠦᠨ ᠲᠠᠰᠤᠷᠠᠯᠲᠠ ᠦᠭᠡᠢ ᠪᠣᠯᠪᠠᠰᠤᠷᠠᠩᠭᠤᠢ ᠪᠣᠯᠬᠤ ᠪᠠ ᠪᠠᠢᠴᠠᠭᠠᠯᠲᠠ᠎ᠶᠢᠨ ᠣᠨᠣᠪᠴᠢᠲᠤ ᠴᠢᠨᠠᠷ᠎ᠤᠨ ᠲᠠᠰᠤᠷᠠᠯᠲᠠ ᠦᠭᠡᠢ ᠳᠡᠭᠡᠭᠰᠢᠯᠡᠬᠦ᠎ᠶᠢ ᠳᠠᠭᠠᠯᠳᠤᠨ᠂ ᠰᠢᠨ᠎ᠡ ᠲᠢᠲᠢᠮᠯᠢᠭ᠌ ᠸᠢᠷᠦ᠋ᠰ᠎ᠤᠨ ᠬᠠᠯᠳᠠᠪᠤᠷᠢᠯᠠᠭᠳᠠᠭᠴᠢ ᠢᠯᠠᠩᠭᠤᠶ᠎ᠠ ᠬᠠᠯᠳᠠᠪᠤᠷᠢᠯᠠᠬᠤ ᠴᠢᠨᠠᠷ᠎ᠢᠶᠠᠷ ᠨᠡᠯᠢᠶᠡᠳ ᠴᠢᠩᠭ᠎ᠠ ᠬᠠᠯᠳᠠᠪᠤᠷᠢᠯᠠᠭᠳᠠᠭᠴᠢ ᠵᠢ ᠠᠨᠲ᠋ᠢᠪᠤᠳᠢ ᠵᠢᠨ ᠤᠷᠪᠠᠯ᠎ᠤᠨ ᠪᠠᠢᠴᠠᠭᠠᠨ ᠬᠡᠮᠵᠢᠯᠳᠡ ᠎ᠪᠠᠷ ᠳᠡᠮᠵᠢᠨ ᠴᠠᠭ ᠲᠤᠬᠠᠢ ᠳ᠋ᠤᠨᠢ ᠣᠨᠣᠰᠢᠯᠠᠵᠤ ᠴᠢᠳᠠᠨ᠎ᠠ᠃ ᠣᠯᠠᠩᠬᠢ ᠬᠠᠯᠳᠠᠪᠤᠷᠢᠯᠠᠭᠳᠠᠭᠴᠢ ᠵᠢ ᠭᠡᠷ ᠲᠦ᠍ᠨᠢ ᠡᠮᠨᠡᠨ ᠵᠠᠰᠠᠬᠤ᠎ᠶᠢ ᠪᠣᠳᠣᠯᠬᠢᠯᠠᠵᠤ᠂ ᠠᠨᠲ᠋ᠢᠪᠤᠳᠢ ᠵᠢᠨ ᠤᠷᠪᠠᠯ᠎ᠤᠨ ᠪᠠᠢᠴᠠᠭᠠᠨ ᠬᠡᠮᠵᠢᠯᠳᠡ ᠰᠢᠯᠭᠠᠬᠤ᠎ᠳᠤ ᠲᠥᠬᠥᠮ᠂ ᠬᠠᠯᠳᠠᠪᠤᠷᠢᠯᠠᠭᠳᠠᠭᠴᠢ ᠵᠢᠨ ᠥᠪᠡᠷ᠎ᠦᠨ ᠪᠡᠶ᠎ᠠ ᠳ᠋ᠡᠭᠡᠨ ᠪᠠᠢᠴᠠᠭᠠᠯᠲᠠ ᠬᠢᠬᠦ᠎ᠳᠦ ᠲᠥᠬᠥᠮ ᠪᠣᠯᠭᠠᠪᠠ᠃ ᠡᠢᠮᠦ᠎ᠡᠴᠡ ᠠᠷᠪᠠᠳᠤᠭᠠᠷ ᠬᠡᠪᠯᠡᠯ᠎ᠤᠨ ᠣᠨᠣᠰᠢᠯᠠᠨ ᠡᠮᠨᠡᠬᠦ ᠲᠥᠰᠥᠯ᠎ᠳᠦ 《ᠰᠢᠨ᠎ᠡ ᠲᠢᠲᠢᠮᠯᠢᠭ᠌ ᠸᠢᠷᠦ᠋ᠰ᠎ᠦᠨ ᠠᠨᠲ᠋ᠢᠪᠤᠳᠢ ᠵᠢᠨ ᠤᠷᠪᠠᠯ᠎ᠤᠨ ᠪᠠᠢᠴᠠᠭᠠᠨ ᠬᠡᠮᠵᠢᠯᠳᠡ ᠵᠢᠨ ᠠᠷᠭ᠎ᠠ ᠴᠢᠨᠠᠷ》 ᠎ᠢ ᠨᠡᠮᠡᠪᠡ᠃

ᠳᠥᠷᠪᠡ᠂ 《ᠡᠮᠴᠢᠯᠡᠭᠡᠨ᠎ᠦ ᠬᠡᠯᠪᠡᠷᠢ ᠬᠤᠪᠢᠶᠠᠬᠤ》 ᠵᠢ ᠤᠯᠠᠮ ᠨᠢᠭᠡ ᠠᠯᠬᠤᠮ ᠰᠢᠯᠢᠳᠡᠭᠵᠢᠭᠦᠯᠪᠠ᠃ ᠡᠪᠡᠳᠴᠢᠨ᠎ᠦ ᠡᠮᠴᠢᠯᠡᠭᠡᠨ᠎ᠦ ᠢᠯᠡᠷᠡᠯ᠎ᠡᠴᠡ ᠦᠵᠡᠪᠡᠯ᠂ ᠡᠩ᠎ᠦᠨ ᠬᠡᠯᠪᠡᠷᠢ ᠨᠢ ᠶᠡᠷᠦ᠎ᠳᠡᠭᠡᠨ ᠡᠪᠡᠳᠴᠢᠨ᠎ᠦ ᠬᠠᠮᠤᠭ᠎ᠤᠨ ᠦᠷᠭᠦᠯᠵᠢ ᠲᠣᠬᠢᠶᠠᠯᠳᠤᠳᠠᠭ ᠨᠡᠢᠲᠡᠯᠢᠭ ᠢᠯᠡᠷᠡᠯ᠎ᠢ ᠲᠥᠯᠥᠭᠡᠯᠡᠵᠦ ᠪᠠᠢᠳᠠᠭ᠃ ᠰᠢᠨ᠎ᠡ ᠲᠢᠲᠢᠮᠯᠢᠭ᠌ ᠸᠢᠷᠦ᠋ᠰ᠎ᠦᠨ ᠡᠬᠢᠨ᠎ᠦ ᠬᠤᠭᠤᠴᠠᠭᠠᠨ᠎ᠳᠤ ᠡᠪᠡᠳᠴᠢᠨ ᠡᠭᠦᠰᠭᠡᠬᠦ ᠬᠦᠴᠦᠨ ᠨᠡᠯᠢᠶᠡᠳ ᠴᠢᠩᠭ᠎ᠠ ᠪᠠᠢᠵᠤ᠂ ᠨᠡᠯᠢᠶᠡᠳ ᠣᠯᠠᠨ ᠬᠠᠯᠳᠠᠪᠤᠷᠢᠯᠠᠭᠳᠠᠭᠴᠢ᠎ᠳ᠋ᠦ ᠨᠡᠢᠲᠡᠯᠢᠭ ᠠᠭᠤᠰᠬᠢᠨ ᠦᠷᠪᠢᠰᠦᠯ᠎ᠦᠨ ᠢᠯᠡᠷᠡᠯ ᠭᠠᠷᠴᠠᠢ᠂ ᠡᠢᠮᠦ᠎ᠡᠴᠡ ᠡᠮᠴᠢᠯᠡᠭᠡᠨ᠎ᠦ ᠬᠡᠯᠪᠡᠷᠢ ᠬᠤᠪᠢᠶᠠᠬᠤ ᠲᠠᠯ᠎ᠠ᠎ᠪᠠᠷ 《ᠬᠥᠩᠭᠡᠨ᠂ ᠡᠩ᠎ᠦᠨ᠂ ᠬᠦᠨᠳᠦ᠂ ᠬᠦᠨᠳᠦ ᠲᠦᠭᠰᠢᠭᠦᠷᠢᠳᠠᠢ》 ᠬᠡᠰᠡᠨ ᠬᠤᠪᠢᠶᠠᠬᠤ ᠠᠷᠭ᠎ᠠ᠎ᠶᠢ ᠠᠪᠴᠠᠢ᠃ ᠸᠢᠷᠦ᠋ᠰ᠎ᠦᠨ ᠲᠠᠰᠤᠷᠠᠯᠲᠠ ᠦᠭᠡᠢ ᠣᠨᠳᠣᠣᠰᠢᠬᠤ᠎ᠶᠢ ᠳᠠᠭᠠᠯᠳᠤᠨ᠂ ᠢᠯᠠᠩᠭᠤᠶ᠎ᠠ ᠤᠮᠢᠺᠷᠤᠨ ᠸᠢᠷᠦ᠋ᠰ ᠳᠡᠯᠭᠡᠷᠡᠭᠰᠡᠨ᠎ᠡᠴᠡ ᠨᠠᠭᠠᠰᠢ᠂ ᠸᠢᠷᠦ᠋ᠰ᠎ᠦᠨ ᠡᠪᠡᠳᠴᠢᠨ ᠡᠭᠦᠰᠬᠡᠬᠦ ᠬᠦᠴᠦᠨ ᠨᠢ ᠠᠭᠠᠵᠢᠮ᠎ᠢᠶᠠᠷ ᠪᠠᠭᠤᠷᠠᠵᠤ᠂ ᠡᠪᠡᠳᠴᠢᠨ᠎ᠦ ᠣᠨᠴᠠᠯᠢᠭ᠋᠎ᠲᠤ ᠢᠯᠡᠷᠬᠡᠢ ᠬᠤᠪᠢᠷᠠᠯᠲᠠ ᠭᠠᠷᠴᠤ᠂ ᠣᠯᠠᠩᠬᠢ ᠬᠠᠯᠳᠠᠪᠤᠷᠢᠯᠠᠭᠳᠠᠭᠴᠢ ᠵᠢᠨ ᠡᠪᠡᠳᠴᠢᠨ᠎ᠦ ᠢᠯᠡᠷᠡᠯ ᠨᠢ ᠨᠡᠯᠢᠶᠡᠳ ᠬᠥᠩᠭᠡᠨ ᠪᠠᠢᠵᠤ᠂ ᠠᠭᠤᠰᠬᠢᠨ ᠦᠷᠪᠢᠰᠦᠯ ᠡᠭᠦᠰᠬᠦ ᠬᠠᠷᠢᠴᠠᠯ ᠨᠢ ᠶᠡᠬᠡ᠎ᠪᠡᠷ ᠪᠠᠭᠤᠷᠠᠪᠠ᠃ ᠡᠪᠡᠳᠴᠢᠨ ᠡᠮᠭᠡᠭ᠎ᠦᠨ ᠣᠨᠴᠠᠯᠢᠭ᠋᠎ᠢ ᠨᠠᠩ ᠰᠠᠢᠲᠤᠷ ᠢᠯᠡᠷᠡᠭᠦᠯᠬᠦ᠎ᠶᠢᠨ ᠲᠥᠯᠥᠭᠡ᠂ ᠠᠷᠪᠠᠳᠤᠭᠠᠷ ᠬᠡᠪᠯᠡᠯ᠎ᠤᠨ ᠣᠨᠣᠰᠢᠯᠠᠨ ᠡᠮᠨᠡᠬᠦ ᠲᠥᠰᠥᠯ᠎ᠳᠦ ᠡᠮᠴᠢᠯᠡᠭᠡᠨ᠎ᠤ ᠬᠡᠯᠪᠡᠷᠢ ᠬᠤᠪᠢᠶᠠᠬᠤ ᠳ᠋ᠦ ᠲᠣᠬᠢᠷᠠᠭᠤᠯᠤᠯᠲᠠ ᠬᠢᠵᠦ᠂ ᠭᠣᠣᠯᠳᠠᠭᠤ ᠬᠠᠯᠳᠠᠪᠤᠷᠢᠯᠠᠭᠳᠠᠭᠴᠢ ᠵᠢᠨ ᠡᠪᠡᠳᠴᠢᠨ᠎ᠦ ᠪᠠᠢᠳᠠᠯ᠎ᠤᠨ ᠬᠦᠨᠳᠦ ᠨᠣᠴᠢᠲᠠᠢ ᠬᠡᠮᠵᠢᠶ᠎ᠡ᠎ᠶᠢ ᠦᠨᠳᠦᠰᠦᠯᠡᠨ᠂ 《ᠬᠥᠩᠭᠡᠨ᠂ ᠳᠤᠮᠳᠠ᠂ ᠬᠦᠨᠳᠦ᠂ ᠬᠦᠨᠳᠦ ᠲᠦᠭᠰᠢᠭᠦᠷᠢᠳᠠᠢ》 ᠭᠡᠵᠦ ᠬᠤᠪᠢᠶᠠᠵᠤ᠂ ᠡᠮᠴᠢᠯᠡᠭᠡᠨ᠎ᠦ ᠪᠣᠳᠠᠲᠤ ᠪᠠᠢᠳᠠᠯ᠎ᠲᠠᠢ ᠨᠠᠩ ᠢᠯᠡᠭᠦᠦ ᠨᠡᠢᠴᠡᠪᠡ᠃

ᠲᠠᠪᠤ᠂ ᠡᠪᠡᠳᠴᠢᠨ᠎ᠦ ᠵᠢᠱ᠌ᠢᠶ᠎ᠡ᠎ᠶᠢ 《ᠲᠥᠪᠯᠡᠷᠡᠭᠦᠯᠦᠨ ᠲᠤᠰᠠᠭᠠᠷᠯᠠᠵᠤ ᠭᠥᠯᠢᠶᠡᠨ ᠠᠪᠴᠤ ᠡᠮᠨᠡᠬᠦ》 ᠵᠢ ᠱᠠᠭᠠᠷᠳᠠᠬᠤ ᠦᠭᠡᠢ ᠪᠤᠯᠪᠠ᠃ ᠬᠥᠬᠡᠭᠴᠢᠨ ᠲᠥᠷᠥᠯ᠎ᠦᠨ ᠬᠥᠬᠡᠭᠴᠢᠨ ᠬᠠᠮᠢᠶᠠᠷᠤᠯᠳᠠ ᠵᠢ ᠬᠡᠷᠡᠭᠵᠢᠭᠦᠯᠬᠦ᠎ᠶᠢ ᠳᠠᠭᠠᠯᠳᠤᠨ᠂ ᠰᠢᠨ᠎ᠡ ᠲᠢᠲᠢᠮᠯᠢᠭ᠌ ᠸᠢᠷᠦ᠋ᠰ᠎ᠤᠨ ᠬᠠᠯᠳᠠᠪᠤᠷᠢᠯᠠᠭᠳᠠᠭᠴᠢ ᠡᠪᠡᠳᠴᠢᠨ᠎ᠦ ᠪᠠᠢᠳᠠᠯ᠎ᠵᠢᠡᠨ ᠦᠨᠳᠦᠰᠦᠯᠡᠨ ᠭᠡᠷ᠎ᠲᠡᠬᠡᠨ ᠡᠮᠨᠡᠨ ᠵᠠᠰᠠᠬᠤ ᠪᠤᠶᠤ ᠡᠮᠴᠢᠯᠡᠭᠡᠨ᠎ᠦ ᠪᠠᠢᠭᠤᠯᠤᠮᠵᠢ᠎ᠳᠤ ᠬᠦᠷᠴᠦ ᠡᠮᠨᠡᠭᠦᠯᠵᠦ ᠪᠣᠯᠣᠨ᠎ᠠ᠂ ᠡᠯ᠎ᠡ ᠲᠥᠷᠥᠯ᠎ᠦᠨ ᠡᠮᠴᠢᠯᠡᠭᠡᠨ᠎ᠦ ᠪᠠᠢᠭᠤᠯᠤᠮᠵᠢ ᠨᠢ ᠴᠥᠮ ᠰᠢᠨ᠎ᠡ ᠲᠢᠲᠢᠮᠯᠢᠭ᠌ ᠸᠢᠷᠦ᠋ᠰ᠎ᠤᠨ ᠬᠠᠯᠳᠠᠪᠤᠷᠢᠯᠠᠭᠳᠠᠭᠴᠢ ᠵᠢ ᠭᠥᠯᠢᠶᠡᠨ ᠠᠪᠴᠤ ᠡᠮᠨᠡᠨ ᠵᠠᠰᠠᠵᠤ ᠪᠣᠯᠣᠨ᠎ᠠ᠃ ᠡᠭᠦᠨ᠎ᠦ ᠲᠤᠯᠠᠳᠠ᠂ ᠠᠷᠪᠠᠳᠤᠭᠠᠷ ᠬᠡᠪᠯᠡᠯ᠎ᠤᠨ ᠣᠨᠣᠰᠢᠯᠠᠨ ᠡᠮᠨᠡᠬᠦ ᠲᠥᠰᠥᠯ᠎ᠳᠦ ᠴᠠᠭ ᠪᠠ ᠪᠠᠢᠳᠠᠯ᠎ᠢ ᠦᠨᠳᠦᠰᠦᠯᠡᠨ ᠭᠥᠯᠢᠶᠡᠨ ᠠᠪᠴᠤ ᠡᠮᠨᠡᠨ ᠵᠠᠰᠠᠬᠤ ᠠᠷᠭ᠎ᠠ ᠪᠣᠳᠣᠯᠭ᠎ᠠ᠎ᠳᠤ ᠲᠣᠬᠢᠷᠠᠭᠤᠯᠤᠯᠲᠠ ᠬᠢᠵᠦ᠂ ᠡᠪᠡᠳᠴᠢᠲᠡᠨ᠎ᠢ ᠲᠥᠪᠯᠡᠷᠡᠭᠦᠯᠦᠨ ᠲᠤᠰᠠᠭᠠᠷᠯᠠᠵᠤ ᠭᠥᠯᠢᠶᠡᠨ ᠠᠪᠴᠤ ᠡᠮᠨᠡᠬᠦ᠎ᠶᠢ ᠳᠠᠭᠢᠵᠤ ᠱᠠᠭᠠᠷᠳᠠᠬᠤ ᠦᠭᠡᠢ ᠪᠣᠯᠵᠠᠢ᠃

ᠵᠢᠷᠭᠤᠭ᠎ᠠ᠂ ᠡᠮᠨᠡᠨ ᠵᠠᠰᠠᠬᠤ ᠠᠷᠭ᠎ᠠ᠎ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠨᠢᠭᠡ᠎ᠳᠦ᠂ ᠮᠠᠨ᠎ᠤ ᠤᠯᠤᠰ᠎ᠤᠨ ᠨᠢᠭᠡᠨᠲᠡ ᠵᠥᠪᠰᠢᠶᠡᠷᠡᠭᠰᠡᠨ ᠰᠢᠨ᠎ᠡ ᠲᠢᠲᠢᠮᠯᠢᠭ᠌ ᠸᠢᠷᠦ᠋ᠰ᠎ᠤᠨ ᠬᠠᠯᠳᠠᠪᠤᠷᠢᠯᠠᠯ᠎ᠢ ᠡᠰᠡᠷᠭᠦᠴᠡᠬᠦ ᠡᠮᠴᠢᠯᠡᠭᠡᠨ᠎ᠦ ᠡᠮ᠎ᠢ ᠰᠢᠨ᠎ᠡ ᠬᠡᠪᠯᠡᠯ᠎ᠦᠨ ᠣᠨᠣᠰᠢᠯᠠᠨ ᠡᠮᠨᠡᠬᠦ ᠲᠥᠰᠥᠯ᠎ᠳᠦ ᠣᠷᠣᠭᠤᠯᠵᠤ᠂ ᠸᠢᠷᠦ᠋ᠰ᠎ᠢ ᠡᠰᠡᠷᠭᠦᠴᠡᠬᠦ ᠡᠮᠴᠢᠯᠡᠭᠡᠨ᠎ᠦ ᠠᠷᠭ᠎ᠠ ᠪᠠᠷᠢᠯ᠎ᠢ ᠤᠯᠠᠮ ᠴᠢᠨᠠᠭᠰᠢᠳᠠ ᠪᠠᠶᠠᠯᠢᠭ᠍ᠵᠢᠭᠤᠯᠪᠠ᠃ ᠬᠣᠶᠠᠷ᠎ᠲᠤ᠂ ᠬᠦᠨᠳᠦ ᠡᠪᠡᠳᠴᠢᠲᠡᠨ᠂ ᠬᠦᠨᠳᠦ ᠲᠦᠭᠰᠢᠭᠦᠷᠢᠲᠡᠢ ᠡᠪᠡᠳᠴᠢᠲᠡᠨ᠎ᠢ ᠣᠨᠣᠰᠢᠯᠠᠬᠤ ᠪᠠᠷᠢᠮᠵᠢᠶ᠎ᠠ ᠪᠠ ᠤᠷᠢᠳᠴᠢᠯᠠᠨ ᠰᠡᠷᠡᠮᠵᠢᠯᠡᠭᠦᠯᠬᠦ ᠭᠦᠢᠴᠡᠳᠬᠡᠯ ᠲᠣᠭ᠎ᠠ᠎ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠢᠨ᠎ᠡ ᠲᠢᠲᠢᠮᠯᠢᠭ᠌ ᠸᠢᠷᠦ᠋ᠰ ᠡᠴᠡ ᠬᠠᠯᠳᠠᠪᠤᠷᠢᠯᠠᠭᠰᠠᠨ ᠬᠦᠨᠳᠦ ᠡᠪᠡᠳᠴᠢᠲᠡᠨ᠎ᠢ ᠰᠢᠨᠵᠢᠯᠡᠬᠦ ᠤᠬᠠᠭᠠᠨᠴᠢ᠎ᠪᠠᠷ ᠣᠨᠣᠪᠴᠢᠲᠠᠶ ᠮᠠᠭᠠᠳᠯᠠᠨ ᠲᠣᠭᠲᠠᠭᠠᠬᠤ᠎ᠶᠢᠨ ᠬᠠᠮᠲᠤ ᠪᠥᠬᠥ ᠶᠠᠪᠤᠴᠠ᠎ᠳᠤ ᠸᠠᠺᠼᠢᠨ᠎ᠤ ᠲᠠᠷᠢᠯᠭ᠎ᠠ ᠲᠠᠷᠢᠭᠰᠠᠨ ᠦᠭᠡᠢ ᠨᠠᠰᠤᠲᠠᠢᠴᠤᠳ᠎ᠢ ᠬᠦᠨᠳᠦ ᠡᠪᠡᠳᠴᠢᠲᠡᠨ ᠪᠠ ᠬᠦᠨᠳᠦ ᠲᠦᠭᠰᠢᠭᠦᠷᠢᠲᠡᠢ ᠡᠪᠡᠳᠴᠢᠳᠠᠨ᠎ᠤ ᠲᠤᠭᠠᠨ ᠳ᠋ᠦ ᠣᠷᠣᠭᠤᠯᠵᠤ᠂ ᠠᠮᠢ ᠨᠠᠰᠤᠨ᠎ᠤ ᠪᠡᠶ᠎ᠡ᠎ᠶᠢᠨ ᠢᠯᠡᠷᠡᠯ᠎ᠢ ᠨᠢ ᠬᠢᠨᠠᠨ ᠰᠢᠨᠵᠢᠬᠦ᠂ ᠢᠯᠠᠩᠭᠤᠶ᠎ᠠ ᠲᠤᠭᠳᠠᠭᠤᠨ ᠪᠠᠢᠳᠠᠯ ᠪᠠ ᠬᠥᠳᠡᠯᠭᠡᠭᠡᠨ ᠬᠢᠭᠰᠡᠨ᠎ᠦ ᠳᠠᠷᠠᠭᠠᠬᠢ ᠵᠢᠭᠠᠯᠲᠠ ᠬᠦᠴᠢᠯᠲᠥ᠋ᠷᠥᠭᠴᠢ᠎ᠶᠢᠨ ᠬᠠᠨᠤᠴᠠ᠎ᠶᠢ ᠬᠢᠨᠠᠨ ᠰᠢᠨᠵᠢᠬᠦ ᠭᠦᠢᠴᠡᠳᠬᠡᠯ ᠲᠣᠭ᠎ᠠ ᠵᠡᠷᠭᠡ᠎ᠶᠢ ᠬᠦᠨᠳᠦ ᠡᠪᠡᠳᠴᠢᠲᠡᠨ᠎ᠦ ᠠᠩᠬᠠᠨ᠎ᠤ ᠬᠤᠭᠤᠴᠠᠭᠠᠨ᠎ᠤ ᠤᠷᠢᠳᠴᠢᠯᠠᠨ ᠰᠡᠷᠡᠮᠵᠢᠯᠡᠭᠦᠯᠬᠦ ᠭᠦᠢᠴᠡᠳᠬᠡᠯ ᠲᠣᠭᠠᠨ᠎ᠳᠤ ᠣᠷᠣᠭᠤᠯᠪᠠ᠃ ᠭᠤᠷᠪᠠ᠎ᠳᠤ᠂ ᠰᠢᠨ᠎ᠡ ᠲᠢᠲᠢᠮᠯᠢᠭ᠌ ᠸᠢᠷᠦ᠋ᠰ᠎ᠦᠨ ᠬᠠᠯᠳᠠᠪᠤᠷᠢᠯᠠᠯ ᠪᠠ ᠰᠠᠭᠤᠷᠢ ᠡᠪᠡᠳᠴᠢᠨ᠎ᠢ ᠬᠠᠮᠲᠤ᠎ᠪᠠᠷ ᠵᠠᠰᠠᠬᠤ ᠣᠢᠯᠠᠭᠠᠭᠳᠠᠬᠤᠨ᠎ᠢ ᠤᠯᠠᠮ ᠴᠢᠨᠠᠭᠰᠢᠳᠠ ᠴᠢᠩᠭᠠᠳᠬᠠᠵᠤ᠂ ᠬᠠᠯᠳᠠᠪᠤᠷᠢᠯᠠᠭᠳᠠᠭᠴᠢ ᠵᠢᠨ ᠰᠠᠭᠤᠷᠢ ᠡᠪᠡᠳᠴᠢᠨ᠎ᠤ ᠬᠠᠮᠢᠶ᠎ᠠ ᠪᠦᠬᠦᠢ ᠭᠦᠢᠴᠡᠳᠬᠡᠯ ᠲᠣᠭ᠎ᠠ᠎ᠶᠢᠨ ᠬᠢᠨᠠᠨ ᠬᠡᠮᠵᠢᠯᠲᠡ᠎ᠶᠢ ᠴᠢᠩᠭᠠᠳᠬᠠᠬᠤ᠎ᠶᠢᠨ ᠬᠠᠮᠲᠤ ᠰᠠᠭᠤᠷᠢ ᠡᠪᠡᠳᠴᠢᠨ ᠳ᠋ᠦ ᠴᠢᠭᠯᠡᠭᠦᠯᠦᠨ ᠵᠣᠬᠢᠴᠠᠩᠭᠤᠢ ᠡᠮᠴᠢᠯᠡᠭᠡ ᠬᠢᠵᠦ᠂ ᠡᠪᠡᠳᠴᠢᠲᠡᠨ᠎ᠦ ᠪᠥᠬᠥ ᠲᠠᠯ᠎ᠠ᠎ᠪᠠᠷ ᠡᠷᠡᠭᠦᠯᠵᠢᠬᠦ᠎ᠶᠢ ᠠᠬᠢᠭᠤᠯᠬᠤ᠎ᠳᠤ ᠨᠠᠩ ᠠᠰᠢᠭ᠍ᠲᠠᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠳᠥᠷᠪᠡ᠎ᠳᠦ᠂ ᠬᠡᠦᠬᠡᠳ᠎ᠦᠨ ᠡᠪᠡᠳᠴᠢᠨ᠎ᠦ ᠵᠢᠱ᠌ᠢᠶ᠎ᠡ᠎ᠶᠢᠨ ᠡᠮᠴᠢᠯᠡᠭᠡᠨ᠎ᠦ ᠢᠯᠡᠷᠡᠯ ᠪᠠ ᠠᠪᠤᠷᠠᠨ ᠵᠠᠰᠠᠬᠤ ᠬᠠᠮᠢᠶ᠎ᠠ ᠪᠦᠬᠦᠢ ᠠᠭᠤᠯᠭ᠎ᠠ᠎ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠮᠴᠢᠯᠡᠭᠡᠨ᠎ᠦ ᠪᠣᠳᠠᠲᠤ ᠪᠠᠢᠳᠠᠯ᠎ᠲᠠᠢ ᠤᠶᠠᠯᠳᠤᠭᠤᠯᠤᠨ ᠬᠡᠦᠬᠡᠳ᠎ᠦᠨ ᠡᠪᠡᠳᠴᠢᠨ᠎ᠦ ᠵᠢᠱ᠌ᠢᠶ᠎ᠡ᠎ᠶᠢᠨ ᠤᠮᠢᠺᠷᠤᠨ ᠸᠢᠷᠦ᠋ᠰ ᠬᠠᠯᠳᠠᠪᠤᠷᠢᠯᠠᠭᠰᠠᠨ ᠣᠨᠴᠠᠯᠢᠭ᠋᠎ᠢ ᠳᠤᠷᠠᠳᠴᠤ᠂ ᠬᠡᠦᠬᠡᠳ᠎ᠦᠨ ᠬᠦᠨᠳᠦ ᠡᠪᠡᠳᠴᠢᠨ᠎ᠦ ᠵᠢᠱ᠌ᠢᠶ᠎ᠡ᠎ᠶᠢᠨ ᠡᠬᠢᠨ᠎ᠦ ᠬᠤᠭᠤᠴᠠᠭᠠᠨ᠎ᠤ ᠤᠷᠢᠳᠴᠢᠯᠠᠨ ᠰᠡᠷᠡᠮᠵᠢᠯᠡᠭᠦᠯᠬᠦ ᠭᠦᠢᠴᠡᠳᠬᠡᠯ ᠲᠣᠭ᠎ᠠ᠎ᠶᠢ ᠲᠡᠭᠦᠯᠳᠡᠷᠵᠢᠭᠦᠯᠵᠦ᠂ ᠬᠡᠦᠬᠡᠳ᠎ᠦᠨ ᠡᠪᠡᠳᠴᠢᠨ᠎ᠦ ᠵᠢᠱ᠌ᠢᠶ᠎ᠡ᠎ᠳ᠋ᠦ ᠢᠯᠡᠷᠡᠵᠦ ᠮᠡᠳᠡᠬᠦ ᠲᠦᠷᠭᠡᠨ ᠴᠢᠨᠠᠷᠲᠠᠢ ᠬᠣᠭᠣᠯᠠᠢ᠎ᠶᠢᠨ ᠦᠷᠪᠢᠰᠦᠯ᠂ ᠮᠡᠳᠡᠷᠡᠯ᠎ᠦᠨ ᠰᠢᠰᠲᠧᠮ᠎ᠦᠨ ᠳᠠᠪᠬᠤᠴᠠᠭᠰᠠᠨ ᠡᠪᠡᠳᠴᠢᠨ ᠵᠡᠷᠭᠡ ᠣᠨᠴᠠᠭᠠᠶ ᠪᠠᠢᠳᠠᠯ᠎ᠳᠤ ᠡᠮᠨᠡᠨ ᠵᠠᠰᠠᠬᠤ ᠲᠥᠰᠥᠯ ᠬᠠᠩᠭᠠᠪᠠ᠃ ᠲᠠᠪᠤ᠎ᠳᠤ᠂ ᠬᠢᠲᠠᠳ ᠡᠮᠨᠡᠯᠭᠡ᠎ᠶᠢᠨ ᠡᠮᠨᠡᠨ ᠵᠠᠰᠠᠬᠤ ᠬᠣᠯᠪᠣᠭᠳᠠᠯ ᠪᠦᠬᠦᠢ ᠠᠭᠤᠯᠭ᠎ᠠ᠎ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠬᠦᠨᠳᠦ ᠡᠪᠡᠳᠴᠢᠲᠡᠨ᠂ ᠬᠦᠨᠳᠦ ᠲᠦᠭᠰᠢᠭᠦᠷᠢᠲᠡᠢ ᠡᠪᠡᠳᠴᠢᠲᠡᠨ᠎ᠳᠡᠬᠢ ᠬᠢᠲᠠᠳ ᠡᠮ ᠡᠮᠨᠡᠯᠭᠡ᠎ᠶᠢᠨ ᠠᠪᠤᠷᠠᠨ ᠵᠠᠰᠠᠬᠤ ᠵᠢᠯᠣᠭᠣᠳᠤᠯᠭ᠎ᠠ᠎ᠪᠠᠨ ᠴᠢᠩᠭᠠᠳᠬᠠᠵᠤ᠂ ᠡᠪᠡᠳᠴᠢᠨ ᠳ᠋ᠦ᠍ᠨᠢ ᠲᠣᠬᠢᠷᠠᠭᠤᠯᠤᠨ ᠡᠮ ᠬᠡᠷᠡᠭᠯᠡᠬᠦ ᠠᠷᠭ᠎ᠠ᠎ᠶᠢ ᠨᠡᠮᠡᠭᠳᠡᠭᠦᠯᠵᠦ᠂ ᠡᠮᠴᠢᠯᠡᠭᠡᠨ᠎ᠳᠦ ᠨᠠᠩ ᠢᠯᠡᠭᠦᠦ ᠨᠡᠢᠴᠡᠭᠦᠯᠪᠡ᠃ ᠡᠨᠡ ᠬᠦ᠌ ᠰᠠᠭᠤᠷᠢᠨ ᠳᠡᠭᠡᠷ᠎ᠡ᠂ ᠬᠡᠦᠬᠡᠳ᠎ᠦᠨ ᠡᠪᠡᠳᠴᠢᠨ᠎ᠦ ᠵᠢᠱ᠌ᠢᠶ᠎ᠡ᠎ᠶᠢᠨ ᠬᠢᠲᠠᠳ ᠡᠮ ᠡᠮᠨᠡᠯᠭᠡ᠎ᠶᠢᠨ ᠡᠮᠨᠡᠨ ᠵᠠᠰᠠᠬᠤ ᠲᠥᠰᠥᠯ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠡᠭᠦᠦ ᠲᠥᠭᠡᠨᠡᠯᠭᠡ᠎ᠪᠡᠷ ᠡᠮᠨᠡᠨ ᠵᠠᠰᠠᠬᠤ ᠠᠷᠭ᠎ᠠ᠎ᠶᠢ ᠨᠡᠮᠡᠭᠳᠡᠭᠦᠯᠵᠦ᠂ ᠵᠠᠷᠢᠮ ᠡᠪᠡᠳᠴᠢᠲᠡᠨ᠎ᠦ ᠡᠳᠡᠭᠡᠷᠡᠬᠦ ᠬᠤᠭᠤᠴᠠᠭᠠᠨ᠎ᠳᠠᠬᠢ ᠬᠠᠨᠢᠶᠠᠯᠭᠠᠬᠤ ᠨᠢ ᠢᠯᠡᠷᠬᠡᠢ ᠵᠡᠷᠭᠡ ᠪᠠᠢᠳᠠᠯ᠎ᠲᠠᠢ ᠤᠶᠠᠯᠳᠤᠭᠤᠯᠤᠨ᠂ ᠵᠣᠬᠢᠴᠠᠩᠭᠤᠢ ᠬᠢᠲᠠᠳ ᠡᠮᠨᠡᠯᠭᠡ᠎ᠶᠢᠨ ᠡᠮᠨᠡᠨ ᠵᠠᠰᠠᠬᠤ ᠠᠷᠭ᠎ᠠ ᠬᠡᠮᠵᠢᠶ᠎ᠡ᠎ᠶᠢ ᠬᠠᠩᠭᠠᠪᠠ᠃

ᠳᠣᠯᠣᠭ᠎ᠠ᠂ 《ᠡᠮᠨᠡᠯᠭᠡ᠎ᠡᠴᠡ ᠭᠠᠷᠬᠤ ᠪᠠᠷᠢᠮᠵᠢᠶ᠎ᠠ》 ᠳ᠋ᠤ ᠲᠣᠬᠢᠷᠠᠭᠤᠯᠤᠯᠲᠠ ᠬᠢᠪᠠ᠃ ᠰᠢᠨ᠎ᠡ ᠲᠢᠲᠢᠮᠯᠢᠭ᠌ ᠸᠢᠷᠦ᠋ᠰ᠎ᠤᠨ ᠬᠠᠯᠳᠠᠪᠤᠷᠢᠯᠠᠯ ᠳ᠋ᠦ ᠬᠥᠬᠡᠭᠴᠢᠨ ᠲᠥᠷᠥᠯ᠎ᠦᠨ ᠬᠥᠬᠡᠭᠴᠢᠨ ᠬᠠᠮᠢᠶᠠᠷᠤᠯᠳᠠ᠎ᠶᠢ ᠬᠡᠷᠡᠭᠵᠢᠭᠦᠯᠦᠭᠰᠡᠨ᠎ᠦ ᠳᠠᠷᠠᠭ᠎ᠠ᠂ ᠬᠠᠯᠳᠠᠪᠤᠷᠢᠯᠠᠭᠳᠠᠭᠴᠢ ᠵᠢᠨ ᠲᠤᠰᠠᠭᠠᠷᠯᠠᠨ ᠬᠠᠮᠢᠶᠠᠷᠤᠯᠳᠠ ᠵᠢ ᠴᠢᠩᠭᠠᠳᠬᠠᠬᠤ ᠦᠭᠡᠢ᠂ ᠬᠠᠷᠢᠨ ᠬᠥᠬᠡᠭᠴᠢᠨ ᠲᠥᠷᠥᠯ᠎ᠦᠨ ᠬᠠᠯᠳᠠᠪᠤᠷᠢᠲᠤ ᠡᠪᠡᠳᠴᠢᠨ ᠵᠢᠡᠷ ᠣᠨᠣᠰᠢᠯᠠᠵᠤ ᠡᠮᠨᠡᠨ ᠵᠠᠰᠠᠵᠤ ᠪᠣᠯᠣᠨ᠎ᠠ᠃ ᠡᠭᠦᠨ᠎ᠦ ᠲᠤᠯᠠᠳᠠ᠂ ᠠᠷᠪᠠᠳᠤᠭᠠᠷ ᠬᠡᠪᠯᠡᠯ᠎ᠤᠨ ᠣᠨᠣᠰᠢᠯᠠᠨ ᠡᠮᠨᠡᠬᠦ ᠲᠥᠰᠥᠯ᠎ᠳᠦ ᠬᠠᠯᠳᠠᠪᠤᠷᠢᠯᠠᠭᠳᠠᠭᠴᠢ ᠵᠢᠨ᠎ᠡᠮᠨᠡᠯᠭᠡ᠎ᠡᠴᠡ ᠭᠠᠷᠬᠤ ᠦᠶ᠎ᠡ᠎ᠶᠢᠨ ᠪᠥᠭᠡᠮ ᠬᠦᠴᠢᠯ᠎ᠦᠨ ᠪᠠᠢᠴᠠᠭᠠᠯᠲᠠ᠎ᠶᠢᠨ ᠦᠷ᠎ᠡ ᠳ᠋ᠦᠩ᠎ᠳᠦ ᠱᠠᠭᠠᠷᠳᠠᠯᠭ᠎ᠠ ᠳᠤᠷᠠᠳᠬᠤ ᠦᠭᠡᠢ᠂ ᠬᠠᠷᠢᠨ ᠡᠮᠴᠢ᠎ᠡᠴᠡ ᠡᠪᠡᠳᠴᠢᠲᠡᠨ᠎ᠦ ᠰᠢᠨ᠎ᠡ ᠲᠢᠲᠢᠮᠯᠢᠭ᠌ ᠸᠢᠷᠦ᠋ᠰ᠎ᠦᠨ ᠬᠠᠯᠳᠠᠪᠤᠷᠢᠯᠠᠯ᠂ ᠰᠠᠭᠤᠷᠢ ᠡᠪᠡᠳᠴᠢᠨ ᠪᠤᠶᠤ ᠪᠤᠰᠤᠳ ᠡᠪᠡᠳᠴᠢᠨ ᠡᠮᠭᠡᠭ᠎ᠢ ᠣᠨᠣᠰᠢᠯᠠᠨ ᠡᠮᠨᠡᠬᠦ ᠵᠢᠴᠢ ᠡᠷᠡᠭᠦᠯᠵᠢᠭᠰᠡᠨ ᠪᠠᠢᠳᠠᠯ᠎ᠢ ᠦᠨᠳᠦᠰᠦᠯᠡᠨ ᠶᠡᠷᠦᠩᠬᠡᠢᠯᠡᠨ ᠰᠤᠳᠤᠯᠤᠨ ᠮᠠᠭᠠᠳᠯᠠᠨ᠎ᠠ᠃

ᠡᠪᠡᠳᠴᠢᠲᠡᠨ᠎ᠦ ᠡᠪᠡᠳᠴᠢᠨ᠎ᠦ ᠪᠠᠢᠳᠠᠯ ᠮᠡᠳᠡᠭᠳᠡᠮ᠎ᠡ ᠰᠠᠢᠵᠢᠷᠠᠵᠤ᠂ ᠠᠮᠢ ᠨᠠᠰᠤᠨ᠎ᠤ ᠪᠠᠢᠳᠠᠯ ᠲᠣᠭᠲᠠᠭᠤᠨ ᠪᠣᠯᠵᠤ᠂ ᠪᠡᠶ᠎ᠡ᠎ᠶᠢᠨ ᠲᠤᠯᠠᠭᠠᠨ 24 ᠴᠠᠭ᠎ᠠᠴᠠ ᠳᠡᠭᠡᠭᠰᠢ ᠬᠡᠪ᠎ᠤᠨ ᠬᠢ ᠪᠠᠢᠵᠤ᠂ ᠠᠭᠤᠰᠬᠢᠨ᠎ᠤ ᠵᠢᠷᠤᠭ ᠳᠦᠷᠰᠦ ᠵᠢᠨ ᠤᠬᠠᠭᠠᠨ᠎ᠳᠤ ᠲᠦᠷᠭᠡᠨ ᠴᠢᠨᠠᠷᠲᠠᠢ ᠨᠡᠪᠴᠢᠬᠦ ᠴᠢᠨᠠᠷᠲᠠᠢ ᠡᠪᠡᠳᠴᠢᠨ᠎ᠦ ᠬᠤᠪᠢᠷᠠᠯᠲᠠ ᠮᠡᠳᠡᠭᠳᠡᠮ᠎ᠡ ᠰᠠᠢᠵᠢᠷᠠᠵᠤ᠂ ᠤᠤᠭᠤᠬᠤ ᠡᠮ᠎ᠢᠶᠡᠷ ᠵᠠᠰᠠᠵᠤ ᠪᠤᠯᠬᠤ᠂ ᠴᠢᠨᠠᠭᠰᠢᠳᠠ ᠰᠢᠢᠳᠪᠦᠷᠢᠯᠡᠬᠦ ᠴᠢᠬᠤᠯᠠᠲᠠᠢ ᠳᠠᠪᠬᠤᠴᠠᠭᠰᠠᠨ ᠡᠪᠡᠳᠴᠢᠨ ᠦᠭᠡᠢ ᠦᠶ᠎ᠡ᠎ᠳᠦ ᠡᠮᠨᠡᠯᠭᠡ᠎ᠡᠴᠡ ᠭᠠᠷᠬᠤ᠎ᠶᠢ ᠪᠣᠳᠣᠯᠬᠢᠯᠠᠵᠤ ᠪᠣᠯᠣᠨ᠎ᠠ᠃

ᠨᠠᠢ᠍ᠮᠠ᠂ ᠡᠮᠴᠢᠯᠡᠭᠡᠨ᠎ᠦ ᠪᠠᠢᠭᠤᠯᠤᠮᠵᠢ᠎ᠶᠢᠨ ᠳᠣᠲᠣᠭᠠᠳᠤ᠎ᠳᠠᠬᠢ ᠬᠠᠯᠳᠠᠪᠤᠷᠢᠯᠠᠯ᠎ᠢ ᠤᠷᠢᠳᠴᠢᠯᠠᠨ ᠰᠡᠷᠭᠡᠢᠯᠡᠬᠦ ᠪᠠ ᠡᠵᠡᠮᠳᠡᠬᠦ᠎ᠳᠦ ᠲᠣᠬᠢᠷᠠᠭᠤᠯᠤᠯᠲᠠ ᠬᠢᠨ᠎ᠡ᠃ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠲᠥᠷᠥ᠍᠎ᠶᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠭᠰᠡᠨ᠎ᠦ ᠳᠠᠷᠠᠭ᠎ᠠ᠂ ᠪᠣᠶ ᠪᠦᠬᠦᠢ ᠡᠮᠴᠢᠯᠡᠭᠡᠨ᠎ᠦ ᠪᠠᠢᠭᠤᠯᠤᠮᠵᠢ᠎ᠳᠤ ᠴᠥᠮ ᠰᠢᠨ᠎ᠡ ᠲᠢᠲᠢᠮᠯᠢᠭ᠌ ᠸᠢᠷᠦ᠋ᠰ᠎ᠤᠨ ᠬᠠᠯᠳᠠᠪᠤᠷᠢᠯᠠᠯ᠎ᠤᠨ ᠡᠪᠡᠳᠴᠢᠨ᠎ᠦ ᠵᠢᠱ᠌ᠢᠶ᠎ᠡ᠎ᠶᠢ ᠭᠥᠯᠢᠶᠡᠨ ᠠᠪᠴᠤ ᠣᠨᠣᠰᠢᠯᠠᠨ ᠡᠮᠨᠡᠬᠦ ᠪᠣᠯᠣᠮᠵᠢ᠎ᠲᠠᠢ ᠪᠠᠢᠵᠤ᠂ ᠪᠢᠳᠡ ᠠᠷᠪᠠᠳᠤᠭᠠᠷ ᠬᠡᠪᠯᠡᠯ᠎ᠤᠨ ᠣᠨᠣᠰᠢᠯᠠᠨ ᠡᠮᠨᠡᠬᠦ ᠲᠥᠰᠥᠯ᠎ᠳᠦ ᠡᠮᠴᠢᠯᠡᠭᠡᠨ᠎ᠦ ᠪᠠᠢᠭᠤᠯᠤᠮᠵᠢ᠎ᠶᠢᠨ ᠳᠣᠲᠣᠭᠠᠳᠤ᠎ᠳᠠᠬᠢ ᠬᠠᠯᠳᠠᠪᠤᠷᠢᠯᠠᠯ᠎ᠢ ᠤᠷᠢᠳᠴᠢᠯᠠᠨ ᠰᠡᠷᠭᠡᠢᠯᠡᠬᠦ ᠪᠠ ᠡᠵᠡᠮᠳᠡᠬᠦ ᠬᠣᠯᠪᠣᠭᠳᠠᠯ ᠪᠦᠬᠦᠢ ᠠᠭᠤᠯᠭ᠎ᠠ᠎ᠳᠤ ᠲᠣᠬᠢᠷᠠᠭᠤᠯᠤᠯᠲᠠ ᠬᠢᠵᠦ᠂ ᠬᠠᠯᠳᠠᠪᠤᠷᠢᠯᠠᠯ᠎ᠢ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ᠎ᠶᠢ ᠨᠠᠩ ᠰᠢᠨᠵᠢᠯᠡᠬᠦ ᠤᠬᠠᠭᠠᠨᠴᠢ ᠨᠠᠷᠢᠨ ᠣᠨᠣᠪᠴᠢᠲᠠᠶ᠂ ᠨᠠᠩ ᠬᠠᠨᠳᠤᠯᠭᠠᠲᠤ ᠴᠢᠨᠠᠷᠲᠠᠢ᠂ ᠬᠡᠷᠡᠭᠵᠢᠭᠦᠯᠵᠦ ᠪᠣᠯᠬᠤᠢᠴᠠ ᠴᠢᠨᠠᠷᠲᠠᠢ ᠪᠣᠯᠭᠠᠪᠠ᠃ ᠨᠢᠭᠡ᠎ᠳᠦ᠂ ᠡᠭᠦᠳᠡᠨ ᠡᠮᠨᠡᠯᠭᠡ ᠪᠠ ᠲᠦᠷᠭᠡᠨ ᠡᠮᠨᠡᠯᠭᠡ᠎ᠶᠢᠨ ᠤᠷᠢᠳᠴᠢᠯᠠᠨ ᠪᠠᠢᠴᠠᠭᠠᠵᠤ ᠰᠠᠯᠭᠠᠨ ᠡᠮᠨᠡᠬᠦ ᠳᠦᠷᠢᠮ᠎ᠢ ᠤᠯᠠᠮ ᠨᠢᠭᠡ ᠠᠯᠬᠤᠮ ᠨᠠᠢᠳᠠᠪᠤᠷᠢᠵᠢᠭᠤᠯᠵᠤ᠂ ᠡᠪᠡᠳᠴᠢᠲᠡᠨ᠎ᠢ ᠰᠠᠯᠭᠠᠨ ᠭᠠᠷᠭᠠᠬᠤ ᠠᠵᠢᠯ᠎ᠢ ᠰᠠᠢᠲᠤᠷ ᠬᠢᠨ᠎ᠡ᠃ ᠡᠭᠦᠨ᠎ᠦ ᠬᠠᠮᠲᠤ᠂ ᠡᠪᠡᠳᠴᠢᠲᠡᠨ ᠪᠠ ᠪᠠᠷ᠎ᠠ ᠪᠣᠯᠣᠭᠰᠠᠳ᠎ᠢ ᠵᠢᠭᠠᠨ ᠵᠢᠯᠤᠭᠣᠳᠴᠤ ᠪᠠᠢᠭᠠᠳ ᠡᠮᠨᠡᠯᠭᠡ᠎ᠳᠦ ᠬᠡᠷᠡᠭᠯᠡᠬᠦ ᠭᠠᠳᠠᠷ ᠰᠠᠯᠠᠭᠠᠨ᠎ᠤ ᠠᠮᠠᠪᠴᠢ ᠪᠤᠶᠤ ᠡᠮᠨᠡᠯᠭᠡ᠎ᠳᠦ ᠬᠡᠷᠡᠭᠯᠡᠬᠦ ᠬᠠᠮᠠᠭᠠᠯᠠᠯᠲᠠ᠎ᠶᠢᠨ ᠠᠮᠠᠪᠴᠢ ᠵᠡᠭᠦᠯᠭᠡᠵᠦ᠂ ᠭᠠᠷ᠎ᠤᠨ ᠡᠷᠡᠭᠦᠯ ᠬᠠᠮᠠᠭᠠᠯᠠᠯ᠂ ᠠᠮᠢᠰᠬᠤᠯ᠎ᠤᠨ ᠵᠠᠮ᠎ᠤᠨ ᠡᠷᠡᠭᠦᠯ ᠬᠠᠮᠠᠭᠠᠯᠠᠯ ᠪᠠ ᠬᠠᠨᠢᠶᠠᠯᠭᠠᠬᠤ ᠳ᠋ᠦ ᠵᠢᠯᠣᠭᠣᠳᠤᠯᠭ᠎ᠠ ᠬᠠᠩᠭᠠᠨ᠎ᠠ᠃ ᠬᠣᠶᠠᠷ᠎ᠲᠤ᠂ ᠡᠮᠨᠡᠬᠦ ᠲᠠᠰᠤᠭ᠂ ᠡᠪᠡᠳᠴᠢᠲᠡᠨ᠎ᠦ ᠥᠷᠥᠭᠡ᠂ ᠠᠯᠪᠠᠨ ᠭᠡᠷ ᠪᠠ ᠵᠢᠵᠢᠭᠦᠷᠯᠡᠬᠦ ᠲᠠᠰᠤᠭ ᠵᠡᠷᠭᠡ ᠣᠷᠣᠨ ᠪᠦᠰᠡ᠎ᠶᠢ ᠴᠡᠪᠡᠷᠯᠡᠨ ᠠᠷᠢᠭᠤᠳᠬᠠᠬᠤ ᠪᠠ ᠰᠠᠯᠬᠢ ᠨᠡᠪᠲᠡᠷᠡᠭᠦᠯᠬᠦ᠎ᠶᠢ ᠴᠢᠩᠭᠠᠳᠬᠠᠨ᠎ᠠ᠃ ᠭᠤᠷᠪᠠ᠎ᠳᠤ᠂ ᠬᠠᠯᠳᠠᠪᠤᠷᠢᠯᠠᠬᠤ ᠲᠦᠭᠰᠢᠭᠦᠷᠢ᠎ᠶᠢ ᠦᠨᠳᠦᠰᠦᠯᠡᠨ ᠡᠮᠨᠡᠯᠭᠡ᠎ᠶᠢᠨ ᠠᠵᠢᠯᠲᠠᠨ᠎ᠤ ᠬᠤᠪᠢ ᠬᠥᠮᠥᠨ᠎ᠦ ᠰᠡᠷᠭᠡᠢᠯᠡᠨ ᠬᠠᠮᠠᠭᠠᠯᠠᠬᠤ ᠱᠠᠭᠠᠷᠳᠠᠯᠭ᠎ᠠ᠎ᠶᠢ ᠨᠠᠢᠳᠠᠪᠤᠷᠢᠵᠢᠭᠤᠯᠤᠨ᠎ᠠ᠃ ᠳᠥᠷᠪᠡ᠎ᠳᠦ᠂ ᠡᠮᠴᠢᠯᠡᠭᠡᠨ᠎ᠦ ᠬᠠᠶᠠᠭᠳᠠᠮᠠᠯ ᠪᠣᠳᠠᠰ᠎ᠢ ᠵᠢᠷᠤᠮᠵᠢᠭᠤᠯᠤᠨ ᠰᠢᠢᠳᠪᠦᠷᠢᠯᠡᠵᠦ᠂ ᠡᠪᠡᠳᠴᠢᠲᠡᠨ᠎ᠢ ᠡᠮᠨᠡᠯᠭᠡ᠎ᠡᠴᠡ ᠭᠠᠷᠭᠠᠭᠰᠠᠨ᠎ᠤ ᠳᠠᠷᠠᠭᠠᠬᠢ ᠡᠴᠦᠰ᠎ᠦᠨ ᠠᠷᠢᠭᠤᠳᠬᠠᠯ᠎ᠢ ᠨᠠᠢᠳᠠᠪᠤᠷᠢᠵᠢᠭᠤᠯᠤᠨ᠎ᠠ᠃

( ᠢᠷᠡᠯᠳᠡ᠄ ᠰᠢᠨᠬᠤᠸᠠ ᠬᠤᠷᠢᠶ᠎ᠠ )

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠠᠨᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面