ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2023-01-09 18:46:23

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠤᠯᠤᠰ᠎ᠤᠨ ᠡᠮᠨᠡᠯᠭᠡ᠎ᠶ᠋ᠢᠨ ᠪᠠᠳᠤᠯᠠᠭ᠎ᠠ ᠵᠢᠨ ᠲᠣᠪᠴᠢᠶ᠎ᠠ᠂ ᠡᠳ᠋᠎ᠦᠨ ᠵᠠᠰᠠᠭ᠎ᠤᠨ ᠶᠠᠮᠤᠨ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠂ ᠤᠯᠤᠰ᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠣᠪᠴᠢᠶ᠎ᠠ ᠥᠨᠥᠳᠦᠷ 《 〈ᠬᠥᠬᠡᠭ᠌ᠴᠢᠨ ᠲᠥᠷᠥᠯ᠎ᠦᠨ ᠬᠥᠬᠡᠭ᠌ᠴᠢᠨ ᠬᠠᠮᠢᠶᠠᠷᠤᠯᠲᠠ〉 ᠶ᠋ᠢ ᠬᠡᠷᠡᠭ᠌ᠵᠢᠭᠦᠯᠦᠭ᠌ᠰᠡᠨ᠎ᠦ ᠳᠠᠷᠠᠭ᠎ᠠ ᠱᠢᠨ᠎ᠡ ᠬᠡᠯᠪᠡᠷᠢ᠎ᠶ᠋ᠢᠨ ᠲᠢᠲᠢᠮᠯᠢᠭ ᠸᠢᠷᠦ᠋ᠰ᠎ᠡᠴᠡ ᠬᠠᠯᠳᠠᠪᠤᠷᠢᠯᠠᠭ᠍ᠰᠠᠨ ᠡᠪᠡᠳᠴᠢᠲᠡᠨ᠎ᠢ ᠡᠮᠨᠡᠨ ᠵᠠᠰᠠᠬᠤ ᠵᠠᠷᠤᠳᠠᠯ᠎ᠤᠨ ᠡᠮᠨᠡᠯᠭᠡ ᠵᠢᠨ ᠳᠠᠭᠠᠳᠬᠠᠯ᠎ᠤᠨ ᠬᠠᠮᠢᠶ᠎ᠠ ᠪᠥᠬᠥᠶ ᠲᠥᠷᠥ᠎ᠶ᠋ᠢᠨ ᠪᠣᠳᠣᠯᠭ᠎ᠠ᠎ᠶ᠋ᠢ ᠱᠢᠯᠢᠳᠡᠭ᠌ᠵᠢᠭᠦᠯᠬᠦ᠌ ᠲᠤᠬᠠᠶ ᠮᠡᠳᠡᠭ᠌ᠳᠡᠯ》 ᠎ᠢ ᠨᠡᠢᠲᠡᠯᠡᠪᠡ᠃

《ᠮᠡᠳᠡᠭ᠌ᠳᠡᠯ》 ᠳ᠋ᠤ᠂ ᠱᠢᠨ᠎ᠡ ᠬᠡᠯᠪᠡᠷᠢ᠎ᠶ᠋ᠢᠨ ᠲᠢᠲᠢᠮᠯᠢᠭ ᠸᠢᠷᠦ᠋ᠰ᠎ᠡᠴᠡ ᠬᠠᠯᠳᠠᠪᠤᠷᠢᠯᠠᠭ᠍ᠰᠠᠨ ᠡᠪᠡᠳᠴᠢᠲᠡᠨ᠎ᠨᠢ ᠪᠣᠶ ᠪᠥᠬᠥᠶ ᠭᠥᠯᠢᠶᠡᠨ ᠠᠪᠴᠤ᠌ ᠡᠮᠨᠡᠨ ᠵᠠᠰᠠᠬᠤ ᠡᠮᠴᠢᠯᠡᠭᠡᠨ᠎ᠦ ᠪᠠᠢᠭᠤᠯᠤᠮᠵᠢ᠎ᠳᠤ ᠭᠠᠷᠤᠭ᠍ᠰᠠᠨ᠂ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠰᠠᠯᠠᠭ᠎ᠠ ᠮᠥᠴᠢᠷ᠎ᠦᠨ ᠲᠣᠭ᠍ᠲᠠᠭᠠᠭ᠍ᠰᠠᠨ ᠱᠢᠨ᠎ᠡ ᠬᠡᠯᠪᠡᠷᠢ᠎ᠶ᠋ᠢᠨ ᠲᠢᠲᠢᠮᠯᠢᠭ ᠸᠢᠷᠦ᠋ᠰ᠎ᠤᠨ ᠬᠠᠯᠳᠠᠪᠤᠷᠢᠯᠠᠯ᠎ᠢ ᠣᠨᠣᠱᠢᠯᠠᠨ ᠡᠮᠨᠡᠬᠦ᠌ ᠲᠥᠰᠦᠯ᠎ᠳᠦ ᠨᠡᠢᠴᠡᠬᠦ᠌ ᠡᠮᠨᠡᠯᠭᠡ᠎ᠳᠦ ᠰᠠᠭᠤᠬᠤ ᠡᠮᠴᠢᠯᠡᠭᠡᠨ᠎ᠦ ᠵᠠᠷᠤᠳᠠᠯ᠎ᠳᠤ᠂ ᠡᠮᠦᠨᠡᠬᠢ ᠬᠤᠭᠤᠴᠠᠭᠠᠨ᠎ᠤ ᠵᠠᠷᠤᠳᠠᠯ᠎ᠤᠨ ᠪᠠᠲᠤᠯᠠᠭ᠎ᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠵᠦ᠍᠂ ᠦᠨᠳᠦᠰᠦᠨ ᠡᠮᠨᠡᠯᠭᠡ ᠵᠢᠨ ᠳᠠᠭᠠᠳᠭᠠᠯ᠂ ᠬᠦᠨᠳᠦ ᠡᠪᠡᠳᠴᠢᠨ᠎ᠦ ᠳᠠᠭᠠᠳᠭᠠᠯ᠂ ᠡᠮ ᠡᠮᠨᠡᠯᠭᠡ ᠵᠢᠨ ᠠᠪᠤᠷᠠᠨ ᠲᠤᠰᠠᠯᠠᠯᠲᠠ ᠵᠡᠷᠭᠡ᠎ᠡᠴᠡ ᠲᠣᠭ᠍ᠲᠠᠭᠠᠯ ᠶᠣᠰᠣᠭᠠᠷ ᠲᠣᠭᠠᠴᠠᠭ᠎ᠠ ᠬᠢᠭ᠌ᠰᠡᠨ᠎ᠦ ᠳᠠᠷᠠᠭ᠎ᠠ᠂ ᠬᠤᠪᠢ ᠬᠥᠮᠦᠨ᠎ᠦ ᠡᠭᠦᠷᠭᠡᠯᠡᠬᠦ᠌ ᠬᠡᠰᠡᠭ᠎ᠲᠦ ᠡᠳ᠋᠎ᠦᠨ ᠵᠠᠰᠠᠭ᠎ᠠᠴᠠ ᠨᠥᠬᠥᠪᠥᠷᠢ ᠥᠭ᠌ᠴᠦ᠂ ᠬᠡᠷᠡᠭ᠌ᠰᠡᠬᠦ᠌ ᠪᠠᠯᠠ ᠮᠥᠩᠭᠥ᠎ᠶ᠋ᠢ ᠣᠷᠣᠨ ᠨᠤᠲᠤᠭ᠎ᠤᠨ ᠡᠳ᠋᠎ᠦᠨ ᠵᠠᠰᠠᠭ᠎ᠠᠴᠠ ᠤᠷᠢᠳ᠎ᠢᠶᠠᠷ ᠥᠭ᠌ᠴᠦ᠂ ᠲᠥᠪ᠎ᠦᠨ ᠡᠳ᠋᠎ᠦᠨ ᠵᠠᠰᠠᠭ᠎ᠠᠴᠠ ᠪᠣᠳᠠᠲᠠᠶ ᠡᠭᠦᠰᠦᠭ᠌ᠰᠡᠨ ᠵᠠᠷᠤᠳᠠᠯ᠎ᠤᠨ 60% ᠎ᠪᠠᠷ ᠨᠥᠬᠥᠪᠥᠷᠢ ᠥᠭ᠌ᠭᠦᠨ᠎ᠡ᠃ ᠲᠣᠰ ᠲᠥᠷᠥ᠎ᠶ᠋ᠢᠨ ᠪᠣᠳᠣᠯᠭ᠎ᠠ᠎ᠶ᠋ᠢ ᠡᠪᠡᠳᠴᠢᠲᠡᠨ᠎ᠦ ᠡᠮᠨᠡᠯᠭᠡ᠎ᠳᠦ ᠤᠷᠤᠭ᠍ᠰᠠᠨ ᠴᠠᠭ᠎ᠢᠶᠠᠷ ᠪᠤᠳᠤᠵᠤ᠂ 2023 ᠣᠨ᠎ᠤ 3 ᠰᠠᠷ᠎ᠠ᠎ᠶ᠋ᠢᠨ 31 ᠎ᠦ ᠡᠳᠦᠷ ᠪᠣᠯᠲᠠᠯ᠎ᠠ ᠤᠷᠢᠳ ᠵᠢᠠᠷ ᠬᠡᠷᠡᠭ᠌ᠵᠢᠭᠦᠯᠦᠨ᠎ᠡ᠃

ᠱᠠᠲᠤ ᠬᠤᠪᠢᠶᠠᠨ ᠣᠨᠣᠱᠢᠯᠠᠨ ᠡᠮᠨᠡᠬᠦ᠌᠎ᠶ᠋ᠢ ᠬᠠᠮᠵᠢᠯᠴᠠᠨ ᠠᠬᠢᠭᠤᠯᠵᠤ᠂ ᠡᠪᠡᠳᠴᠢᠲᠡᠨ᠎ᠦ ᠦᠨᠳᠦᠰᠦᠨ ᠱᠠᠲᠤᠨ᠎ᠳᠤ ᠡᠮᠨᠡᠭᠦᠯᠬᠦ᠌᠎ᠶ᠋ᠢ ᠬᠥᠲᠥᠯᠥᠨ ᠵᠢᠯᠣᠭᠣᠳᠴᠤ᠌᠂ ᠡᠮᠴᠢᠯᠡᠭᠡᠨ᠎ᠦ ᠦᠶ᠋ᠯᠡᠴᠢᠯᠡᠭᠡ᠎ᠶ᠋ᠢᠨ ᠲᠣᠭ᠍ᠲᠠᠭᠤᠨ ᠪᠥᠭᠡᠳ ᠡᠮᠬᠢ ᠵᠢᠷᠤᠮ᠎ᠲᠠᠶ ᠪᠠᠢᠬᠤ᠎ᠶ᠋ᠢ ᠦᠨᠡᠨᠬᠦ᠌ ᠪᠠᠲᠤᠯᠠᠨ᠎ᠠ᠃ ᠬᠥᠳᠡᠭᠡ ᠲᠣᠰᠭᠣᠨ᠎ᠤ ᠭᠠᠵᠠᠷ ᠣᠷᠣᠨ᠂ ᠬᠣᠲᠠ᠎ᠶ᠋ᠢᠨ ᠨᠡᠢᠭᠡᠮ ᠲᠣᠭᠣᠷᠢᠭ ᠵᠡᠷᠭᠡ ᠦᠨᠳᠦᠰᠦᠨ ᠱᠠᠲᠤᠨ᠎ᠤ ᠡᠮᠴᠢᠯᠡᠭᠡᠨ᠎ᠦ ᠪᠠᠢᠭᠤᠯᠤᠮᠵᠢ (ᠨᠢᠭᠡᠳᠦᠭᠡᠷ ᠳᠡᠰ ᠵᠢᠴᠢ ᠲᠡᠭᠦᠨ᠎ᠡᠴᠡ ᠳᠣᠷᠣᠭ᠍ᠰᠢᠬᠢ ᠡᠮᠴᠢᠯᠡᠭᠡᠨ᠎ᠦ ᠪᠠᠢᠭᠤᠯᠤᠮᠵᠢ) ᠳ᠋ᠤ ᠡᠮᠨᠡᠯᠭᠡ ᠵᠢᠨ ᠳᠠᠭᠠᠳᠭᠠᠯ᠎ᠤᠨ ᠳᠡᠮᠵᠢᠯᠭᠡ᠎ᠶ᠋ᠢᠨ ᠡᠷᠴᠢᠮ᠎ᠢ ᠴᠢᠩᠭᠠᠷᠠᠭᠤᠯᠵᠤ᠂ ᠦᠨᠳᠦᠰᠦᠨ ᠱᠠᠲᠤᠨ᠎ᠤ ᠡᠮᠨᠡᠯᠭᠡ ᠵᠢᠨ ᠳᠠᠭᠠᠳᠭᠠᠯ᠎ᠤᠨ ᠴᠢᠬ ᠲᠣᠭ᠍ᠲᠠᠭ᠍ᠰᠠᠨ ᠡᠮᠴᠢᠯᠡᠭᠡᠨ᠎ᠦ ᠪᠠᠢᠭᠤᠯᠤᠮᠵᠢ᠎ᠳᠤ ᠡᠭᠦᠰᠦᠭ᠌ᠰᠡᠨ ᠱᠢᠨ᠎ᠡ ᠬᠡᠯᠪᠡᠷᠢ᠎ᠶ᠋ᠢᠨ ᠲᠢᠲᠢᠮᠯᠢᠭ ᠸᠢᠷᠦ᠋ᠰ᠎ᠦᠨ ᠬᠠᠯᠳᠠᠪᠤᠷᠢᠯᠠᠯ ᠵᠢᠴᠢ ᠰᠡᠵᠢᠭ᠌ᠯᠡᠯᠲᠡᠶ ᠡᠪᠡᠳᠴᠢᠨ᠎ᠦ ᠢᠯᠡᠷᠡᠯ᠎ᠢᠶᠡᠷ ᠳᠠᠭᠠᠳᠭᠠᠯ᠎ᠳᠤ ᠣᠷᠣᠯᠴᠠᠭ᠍ᠰᠠᠨ ᠡᠪᠡᠳᠴᠢᠲᠡᠨ᠎ᠦ ᠡᠭᠦᠳᠡᠨ ᠡᠮᠨᠡᠯᠭᠡ᠎ᠶ᠋ᠢᠨ ᠲᠦᠷᠭᠡᠨ ᠡᠮᠨᠡᠬᠦ᠌ ᠵᠠᠷᠤᠳᠠᠯ᠎ᠳᠤ ᠲᠤᠰᠭᠠᠶ ᠵᠦᠶ᠋ᠯ᠎ᠦᠨ ᠪᠠᠲᠤᠯᠠᠭ᠎ᠠ᠎ᠶ᠋ᠢ ᠬᠡᠷᠡᠭ᠌ᠵᠢᠭᠦᠯᠦᠨ᠎ᠡ᠃ ᠦᠨᠳᠦᠰᠦᠨ ᠱᠠᠲᠤᠨ᠎ᠤ ᠡᠮᠴᠢᠯᠡᠭᠡᠨ᠎ᠦ ᠪᠠᠢᠭᠤᠯᠤᠮᠵᠢ᠎ᠶ᠋ᠢᠨ ᠡᠮᠨᠡᠯᠭᠡ ᠵᠢᠨ ᠳᠠᠭᠠᠳᠭᠠᠯ᠎ᠤᠨ ᠡᠮ᠎ᠦᠨ ᠵᠦᠶ᠋ᠯ᠎ᠦᠨ ᠭᠠᠷᠴᠠᠭ ᠳᠣᠲᠣᠷᠠᠬᠢ (ᠡᠯ᠎ᠡ ᠮᠤᠵᠢ᠎ᠶ᠋ᠢᠨ ᠲᠦᠷ ᠴᠠᠭ ᠨᠡᠮᠡᠵᠦ᠍ ᠨᠥᠬᠥᠪᠥᠷᠢᠯᠡᠭ᠌ᠰᠡᠨ᠎ᠢ ᠪᠠᠭ᠍ᠲᠠᠭᠠᠨ᠎ᠠ) ᠱᠢᠨ᠎ᠡ ᠬᠡᠯᠪᠡᠷᠢ᠎ᠶ᠋ᠢᠨ ᠲᠢᠲᠢᠮᠯᠢᠭ ᠸᠢᠷᠦ᠋ᠰ᠎ᠤᠨ ᠬᠠᠯᠳᠠᠪᠤᠷᠢᠯᠠᠯ᠎ᠢ ᠡᠮᠨᠡᠨ ᠵᠠᠰᠠᠬᠤ ᠡᠮ᠎ᠢ ᠭᠦᠶ᠋ᠴᠡᠳ ᠲᠣᠬᠢᠷᠠᠭᠤᠯᠬᠤ᠎ᠶ᠋ᠢ ᠵᠣᠷᠢᠭ᠍ᠵᠢᠭᠤᠯᠵᠤ᠂ ᠳᠠᠭᠠᠳᠭᠠᠯ᠎ᠳᠤ ᠣᠷᠣᠯᠴᠠᠭ᠍ᠰᠠᠨ ᠡᠪᠡᠳᠴᠢᠲᠡᠨ᠎ᠦ ᠦᠨᠳᠦᠰᠦᠨ ᠱᠠᠲᠤᠨ᠎ᠤ ᠡᠮᠨᠡᠯᠭᠡ ᠵᠢᠨ ᠳᠠᠭᠠᠳᠭᠠᠯ᠎ᠤᠨ ᠲᠣᠭ᠍ᠲᠠᠭ᠍ᠰᠠᠨ ᠡᠮᠴᠢᠯᠡᠭᠡᠨ᠎ᠦ ᠪᠠᠢᠭᠤᠯᠤᠮᠵᠢ᠎ᠳᠤ ᠡᠭᠦᠰᠦᠭ᠌ᠰᠡᠨ ᠱᠢᠨ᠎ᠡ ᠬᠡᠯᠪᠡᠷᠢ᠎ᠶ᠋ᠢᠨ ᠲᠢᠲᠢᠮᠯᠢᠭ ᠸᠢᠷᠦ᠋ᠰ᠎ᠤᠨ ᠬᠠᠯᠳᠠᠪᠤᠷᠢᠯᠠᠯ᠎ᠢ ᠠᠪᠤᠷᠠᠨ ᠵᠠᠰᠠᠬᠤ᠎ᠳᠤ ᠬᠣᠯᠪᠣᠭ᠍ᠳᠠᠬᠤ ᠡᠭᠦᠳᠡᠨ ᠡᠮᠨᠡᠯᠭᠡ᠎ᠶ᠋ᠢᠨ ᠪᠠᠴᠢᠮ ᠡᠮᠨᠡᠯᠭᠡ᠎ᠶ᠋ᠢᠨ ᠵᠠᠷᠤᠳᠠᠯ᠎ᠳᠤ᠂ ᠵᠠᠷᠴᠢᠮ ᠳᠡᠭᠡᠷ᠎ᠡ᠎ᠪᠡᠨ ᠡᠬᠢᠯᠡᠵᠦ᠍ ᠪᠤᠳᠤᠬᠤ ᠱᠤᠭᠤᠮ ᠪᠠ ᠳᠡᠭᠡᠳᠦ ᠬᠢᠵᠠᠭᠠᠷ ᠱᠤᠭᠤᠮ ᠲᠣᠭ᠍ᠲᠠᠭᠠᠬᠤ ᠥᠬᠡᠶ᠂ ᠲᠠᠩᠰᠠ ᠲᠠᠢᠯᠬᠤ ᠬᠠᠷᠢᠴᠠᠯ᠎ᠢ 70% ᠎ᠠᠴᠠ ᠳᠤᠤᠷ᠎ᠠ ᠪᠠᠢᠯᠭᠠᠬᠤ ᠥᠬᠡᠶ᠃ ᠪᠣᠳᠠᠲᠠᠶ ᠲᠣᠭ᠍ᠲᠠᠭᠠᠯ᠎ᠢ ᠣᠷᠣᠨ ᠨᠤᠲᠤᠭ᠎ᠤᠨ ᠡᠮᠨᠡᠯᠭᠡ ᠵᠢᠨ ᠳᠠᠭᠠᠳᠭᠠᠯ᠎ᠤᠨ ᠰᠠᠯᠠᠭ᠎ᠠ ᠮᠥᠴᠢᠷ᠎ᠡᠴᠡ ᠡᠳ᠋᠎ᠦᠨ ᠵᠠᠰᠠᠭ᠎ᠤᠨ ᠰᠠᠯᠠᠭ᠎ᠠ ᠮᠥᠴᠢᠷ᠎ᠲᠡᠶ ᠵᠥᠪᠳᠡᠯᠴᠡᠵᠦ᠍ ᠪᠠᠢᠭᠠᠳ ᠡᠮᠨᠡᠯᠭᠡ ᠵᠢᠨ ᠳᠠᠭᠠᠳᠭᠠᠯ᠎ᠤᠨ ᠰᠠᠭᠤᠷᠢ ᠮᠥᠩᠭᠥ᠎ᠶ᠋ᠢᠨ ᠠᠵᠢᠯᠯᠠᠭᠠᠨ᠎ᠤ ᠪᠠᠢᠳᠠᠯ᠎ᠢ ᠦᠨᠳᠦᠰᠦᠯᠡᠨ ᠰᠤᠳᠤᠯᠤᠨ ᠲᠣᠭ᠍ᠲᠠᠭᠠᠵᠤ᠂ 2023 ᠣᠨ᠎ᠤ 3 ᠰᠠᠷ᠎ᠠ᠎ᠶ᠋ᠢᠨ 31᠎ᠦ ᠡᠳᠦᠷ ᠪᠣᠯᠲᠠᠯ᠎ᠠ ᠤᠷᠢᠳ ᠵᠢᠠᠷ ᠬᠡᠷᠡᠭ᠌ᠵᠢᠭᠦᠯᠦᠨ᠎ᠡ᠃ ᠳᠠᠭᠠᠳᠭᠠᠯ᠎ᠳᠤ ᠣᠷᠣᠯᠴᠠᠭ᠍ᠰᠠᠨ ᠡᠪᠡᠳᠴᠢᠲᠡᠨ᠎ᠦ ᠪᠤᠰᠤᠳ ᠡᠮᠨᠡᠯᠭᠡ ᠵᠢᠨ ᠪᠠᠢᠭᠤᠯᠤᠮᠵᠢ᠎ᠳᠤ ᠡᠭᠦᠰᠦᠭ᠌ᠰᠡᠨ ᠱᠢᠨ᠎ᠡ ᠬᠡᠯᠪᠡᠷᠢ᠎ᠶ᠋ᠢᠨ ᠲᠢᠲᠢᠮᠯᠢᠭ ᠸᠢᠷᠦ᠋ᠰ᠎ᠤᠨ ᠬᠠᠯᠳᠠᠪᠤᠷᠢᠯᠠᠯ᠎ᠢ ᠡᠮᠨᠡᠨ ᠵᠠᠰᠠᠬᠤ ᠡᠭᠦᠳᠡᠨ ᠡᠮᠨᠡᠯᠭᠡ᠎ᠶ᠋ᠢᠨ ᠲᠦᠷᠭᠡᠨ ᠡᠮᠨᠡᠬᠦ᠌ ᠵᠠᠷᠤᠳᠠᠯ᠎ᠢ ᠪᠤᠰᠤᠳ ᠬᠥᠬᠡᠭ᠌ᠴᠢᠨ ᠲᠥᠷᠥᠯ᠎ᠦᠨ ᠬᠠᠯᠳᠠᠪᠤᠷᠢᠲᠤ ᠡᠪᠡᠳᠴᠢᠨ᠎ᠦ ᠡᠮᠨᠡᠯᠭᠡ ᠵᠢᠨ ᠳᠠᠭᠠᠳᠭᠠᠯ᠎ᠤᠨ ᠲᠥᠷᠥ᠎ᠶ᠋ᠢᠨ ᠪᠣᠳᠣᠯᠭ᠎ᠠ ᠶᠣᠰᠣᠭᠠᠷ ᠬᠡᠷᠡᠭ᠌ᠵᠢᠭᠦᠯᠦᠨ᠎ᠡ᠃

《ᠮᠡᠳᠡᠭ᠌ᠳᠡᠯ》 ᠳ᠋ᠤ᠂ ᠱᠢᠨ᠎ᠡ ᠬᠡᠯᠪᠡᠷᠢ᠎ᠶ᠋ᠢᠨ ᠲᠢᠲᠢᠮᠯᠢᠭ ᠸᠢᠷᠦ᠋ᠰ᠎ᠦᠨ ᠬᠠᠯᠳᠠᠪᠤᠷᠢᠯᠠᠯ᠎ᠢ ᠣᠨᠣᠱᠢᠯᠠᠨ ᠡᠮᠨᠡᠬᠦ᠌ ᠲᠥᠰᠦᠯ᠎ᠳᠡᠬᠢ ᠱᠢᠨ᠎ᠡ ᠬᠡᠯᠪᠡᠷᠢ᠎ᠶ᠋ᠢᠨ ᠲᠢᠲᠢᠮᠯᠢᠭ ᠸᠢᠷᠦ᠋ᠰ᠎ᠢ ᠡᠮᠨᠡᠨ ᠵᠠᠰᠠᠬᠤ ᠡᠮ᠎ᠦᠨ ᠵᠦᠶ᠋ᠯ᠎ᠳᠦ ᠡᠮᠨᠡᠯᠭᠡ᠎ᠶ᠋ᠢᠨ ᠳᠠᠭᠠᠳᠭᠠᠯ᠎ᠤᠨ ᠲᠦᠷ ᠴᠠᠭ᠎ᠤᠨ ᠲᠣᠭᠠᠴᠠᠭ᠎ᠠ ᠬᠢᠬᠦ᠌ ᠲᠥᠷᠥ᠎ᠶ᠋ᠢᠨ ᠪᠣᠳᠣᠯᠭ᠎ᠠ᠎ᠶ᠋ᠢ ᠦᠷᠭᠦᠯᠵᠢᠯᠡᠨ ᠬᠡᠷᠡᠭ᠌ᠵᠢᠭᠦᠯᠵᠦ᠍᠂ 2023 ᠣᠨ᠎ᠤ 3 ᠰᠠᠷ᠎ᠠ᠎ᠶ᠋ᠢᠨ 31 ᠎ᠦ ᠡᠳᠦᠷ ᠪᠣᠯᠲᠠᠯ᠎ᠠ ᠤᠷᠢᠳ ᠵᠢᠡᠷ ᠬᠡᠷᠡᠭ᠌ᠵᠢᠭᠦᠯᠦᠨ᠎ᠡ᠃ ᠬᠡᠰᠡᠭ ᠭᠠᠵᠠᠷ ᠣᠷᠣᠨ᠎ᠤ ᠡᠮ᠎ᠦᠨ ᠵᠦᠶ᠋ᠯ᠎ᠦᠨ ᠬᠠᠩᠭᠠᠯᠭ᠎ᠠ ᠬᠦᠷᠦᠯᠴᠡᠬᠦ᠌ ᠥᠬᠡᠶ᠎ᠡᠴᠡ ᠪᠣᠯᠵᠣ ᠲᠦᠷ ᠴᠠᠭ᠎ᠤᠨ ᠴᠢᠨᠠᠷᠲᠠᠶ᠎ᠪᠠᠷ ᠡᠮ ᠡᠮᠨᠡᠯᠭᠡ᠎ᠶ᠋ᠢᠨ ᠳᠠᠭᠠᠳᠭᠠᠯ᠎ᠤᠨ ᠡᠮ᠎ᠦᠨ ᠵᠦᠶ᠋ᠯ᠎ᠦᠨ ᠭᠠᠷᠴᠠᠭ᠎ᠢ ᠥᠷᠭᠡᠳᠭᠡᠬᠦ᠌᠎ᠶ᠋ᠢ ᠪᠣᠳᠣᠯᠬᠢᠯᠠᠭ᠍ᠰᠠᠨ ᠪᠠᠢᠪᠠᠯ᠂ ᠮᠤᠵᠢ᠎ᠶ᠋ᠢᠨ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠲᠣᠭ᠍ᠲᠠᠴᠠ᠎ᠠᠴᠠ ᠮᠠᠭᠠᠳᠯᠠᠨ ᠲᠣᠭ᠍ᠲᠠᠭᠠᠭ᠍ᠰᠠᠨ ᠱᠢᠨ᠎ᠡ ᠬᠡᠯᠪᠡᠷᠢ᠎ᠶ᠋ᠢᠨ ᠲᠢᠲᠢᠮᠯᠢᠭ ᠸᠢᠷᠦ᠋ᠰ᠎ᠤᠨ ᠬᠠᠯᠳᠠᠪᠤᠷᠢᠯᠠᠯ᠎ᠢ ᠡᠮᠨᠡᠨ ᠵᠠᠰᠠᠬᠤ ᠡᠮ᠎ᠦᠨ ᠵᠦᠶ᠋ᠯ᠎ᠦᠨ ᠭᠠᠷᠴᠠᠭ᠎ᠢᠶᠠᠷ ᠯᠠᠪᠯᠠᠯᠲᠠ ᠪᠣᠯᠭᠠᠵᠤ᠂ ᠮᠤᠵᠢ᠎ᠶ᠋ᠢᠨ ᠱᠠᠲᠤᠨ᠎ᠤ ᠡᠮ ᠡᠮᠨᠡᠯᠭᠡ᠎ᠶ᠋ᠢᠨ ᠳᠠᠭᠠᠳᠭᠠᠯ᠎ᠤᠨ ᠰᠠᠯᠠᠭ᠎ᠠ ᠮᠥᠴᠢᠷ᠎ᠡᠴᠡ ᠡᠮ ᠡᠮᠨᠡᠯᠭᠡ᠎ᠶ᠋ᠢᠨ ᠳᠠᠭᠠᠳᠭᠠᠯ᠎ᠤᠨ ᠰᠠᠭᠤᠷᠢ ᠮᠥᠩᠭᠥ᠎ᠶ᠋ᠢᠨ ᠠᠵᠢᠯᠯᠠᠭᠠᠨ᠎ᠤ ᠪᠠᠢᠳᠠᠯ᠎ᠲᠠᠶ ᠤᠶᠠᠯᠳᠤᠭᠤᠯᠤᠨ᠂ ᠲᠤᠬᠠᠶ᠎ᠶ᠋ᠢᠨ ᠭᠠᠵᠠᠷ᠎ᠤᠨ ᠡᠮ ᠡᠮᠨᠡᠯᠭᠡ᠎ᠶ᠋ᠢᠨ ᠳᠠᠭᠠᠳᠭᠠᠯ᠎ᠤᠨ ᠡᠮ᠎ᠦᠨ ᠵᠦᠶ᠋ᠯ᠎ᠦᠨ ᠭᠠᠷᠴᠠᠭ᠎ᠲᠤ ᠲᠦᠷ ᠣᠷᠣᠭᠤᠯᠬᠤ ᠲᠥᠷᠥᠯ ᠵᠦᠶ᠋ᠯ᠂ ᠬᠤᠭᠤᠴᠠᠭ᠎ᠠ ᠵᠢᠴᠢ ᠲᠠᠩᠰᠠ ᠲᠠᠢᠯᠬᠤ ᠲᠥᠷᠥᠯ ᠵᠦᠶ᠋ᠯ᠎ᠢ ᠳᠤᠷᠠᠳᠴᠤ᠌᠂ ᠤᠯᠤᠰ᠎ᠤᠨ ᠡᠮ ᠡᠮᠨᠡᠯᠭᠡ᠎ᠶ᠋ᠢᠨ ᠳᠠᠭᠠᠳᠭᠠᠯ᠎ᠤᠨ ᠲᠣᠪᠴᠢᠶ᠎ᠠ᠎ᠳᠤ ᠮᠡᠳᠡᠭᠦᠯᠦᠨ ᠳᠠᠩᠰᠠᠯᠠᠭᠤᠯᠤᠭ᠍ᠰᠠᠨ᠎ᠤ ᠳᠠᠷᠠᠭ᠎ᠠ ᠬᠡᠷᠡᠭ᠌ᠵᠢᠭᠦᠯᠵᠦ᠍ ᠂ 2023 ᠣᠨ᠎ᠤ 3 ᠰᠠᠷ᠎ᠠ᠎ᠶ᠋ᠢᠨ 31 ᠎ᠦ ᠡᠳᠦᠷ ᠪᠣᠯᠲᠠᠯ᠎ᠠ ᠤᠷᠢᠳ ᠵᠢᠠᠷ ᠬᠡᠷᠡᠭ᠌ᠵᠢᠭᠦᠯᠦᠨ᠎ᠡ᠃

( ᠢᠷᠡᠯᠳᠠ᠄ ᠲᠥᠪ ᠲᠧᠯᠸᠢᠰ᠎ᠦᠨ ᠰᠣᠨᠢᠨ ᠮᠡᠳᠡᠭᠡᠨ᠎ᠦ ᠱᠢᠯᠵᠢᠶ᠎ᠡ )

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠠᠨᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面