ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2023-01-11 21:35:17

ᠵᠣᠬᠢᠶᠠᠭ᠍ᠴᠢ᠄ ᠯᠢ ᠾᠧᠩ ᠲᠢᠶᠠᠨ ᠱᠢᠶᠤᠤ ᠬᠠᠩ ᠣᠩᠱᠢᠭ᠍ᠰᠠᠨ ᠣᠳᠠᠭ᠎ᠠ᠄ 3

ᠠᠷᠪᠠᠳᠤᠭᠠᠷ ᠬᠡᠪᠯᠡᠯ᠎ᠦᠨ ᠱᠢᠨ᠎ᠡ ᠲᠢᠲᠢᠮᠯᠢᠭ ᠸᠢᠷᠦ᠋ᠰ᠎ᠦᠨ ᠬᠠᠯᠳᠠᠪᠤᠷᠢᠯᠠᠯ᠎ᠢ ᠰᠡᠷᠭᠡᠢᠯᠡᠨ ᠡᠵᠡᠮᠳᠡᠬᠦ᠌ ᠲᠥᠰᠦᠯ᠎ᠳᠦ ᠶᠠᠮᠠᠷ ᠲᠤᠬᠢᠷᠠᠭᠤᠯᠤᠯᠳᠠ ᠬᠢᠭ᠌ᠰᠡᠨ ᠪᠤᠢ ? ᠸᠠᠺᠼᠢᠨ᠎ᠤ ᠲᠠᠷᠢᠯᠭ᠎ᠠ ᠬᠢᠬᠦ᠌ ᠲᠤᠬᠠᠶ ᠶᠠᠮᠠᠷ ᠱᠠᠭᠠᠷᠳᠠᠯᠭ᠎ᠠ ᠳᠤᠷᠠᠳᠤᠭ᠍ᠰ

— ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠬᠤᠯᠪᠤᠭᠠᠯᠠᠨ ᠰᠡᠷᠭᠡᠢᠯᠡᠵᠦ᠍ ᠬᠤᠯᠪᠤᠭᠠᠯᠠᠨ ᠡᠵᠡᠮᠳᠡᠬᠦ᠌ ᠲᠣᠭ᠍ᠲᠠᠴᠠ᠎ᠶ᠋ᠢᠨ ᠰᠣᠨᠢᠨ ᠮᠡᠳᠡᠭᠡ ᠨᠡᠢᠲᠡᠯᠡᠬᠦ᠌ ᠬᠤᠷᠠᠯ ᠡᠴᠡ ᠬᠠᠯᠠᠮᠱᠢᠯ ᠠᠰᠠᠭᠤᠳᠠᠯ᠎ᠳᠤ ᠬᠠᠷᠢᠭᠤ ᠦᠭᠪᠠ

1 ᠰᠠᠷ᠎ᠠ᠎ᠶ᠋ᠢᠨ 8 ᠡᠴᠡ ᠡᠬᠢᠯᠡᠨ᠂ ᠮᠠᠨ᠎ᠤ ᠤᠯᠤᠰ ᠱᠢᠨ᠎ᠡ ᠲᠢᠲᠢᠮᠯᠢᠭ ᠸᠢᠷᠦ᠋ᠰ᠎ᠦᠨ ᠬᠠᠯᠳᠠᠪᠤᠷᠢᠯᠠᠯ᠎ᠳᠤ 《ᠬᠥᠬᠡᠭ᠌ᠴᠢᠨ ᠲᠥᠷᠥᠯ᠎ᠤᠨ ᠬᠥᠬᠡᠭ᠌ᠴᠢᠨ ᠬᠠᠮᠢᠶᠠᠷᠤᠯᠲᠠ》 ᠎ᠶ᠋ᠢ ᠵᠢᠩᠬᠢᠨᠢ᠎ᠪᠡᠷ ᠬᠡᠷᠡᠭ᠌ᠵᠢᠭᠦᠯᠪᠡ᠃ 《 ᠬᠥᠬᠡᠭ᠌ᠴᠢᠨ ᠲᠥᠷᠥᠯ᠎ᠤᠨ ᠬᠥᠬᠡᠭ᠌ᠴᠢᠨ ᠬᠠᠮᠢᠶᠠᠷᠤᠯᠲᠠ 》 ᠵᠢᠴᠢ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠱᠢᠯᠢᠳᠡᠭ᠌ᠵᠢᠭᠦᠯᠦᠨ ᠲᠣᠬᠢᠷᠠᠭᠤᠯᠬᠤ ᠬᠠᠮᠢᠶ᠎ᠠ ᠪᠥᠬᠥᠶ ᠱᠠᠭᠠᠷᠳᠠᠯᠭ᠎ᠠ᠎ᠶ᠋ᠢ ᠦᠨᠳᠦᠰᠦᠯᠡᠨ᠂ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠬᠤᠯᠪᠤᠭᠠᠯᠠᠨ ᠰᠡᠷᠭᠡᠢᠯᠡᠵᠦ᠍ ᠬᠤᠯᠪᠤᠭᠠᠯᠠᠨ ᠡᠵᠡᠮᠳᠡᠬᠦ᠌ ᠲᠣᠭ᠍ᠲᠠᠴᠠ᠎ᠶ᠋ᠢᠨ ᠶᠡᠷᠦᠩᠬᠡᠢᠯᠡᠭ᠌ᠰᠡᠨ ᠳᠤᠭᠤᠢᠯᠠᠩ 1 ᠰᠠᠷ᠎ᠠ᠎ᠶ᠋ᠢᠨ 7 ᠤ᠋ ᠡᠳᠦᠷ 《ᠱᠢᠨ᠎ᠡ ᠲᠢᠲᠢᠮᠯᠢᠭ ᠸᠢᠷᠦ᠋ᠰ᠎ᠦᠨ ᠬᠠᠯᠳᠠᠪᠤᠷᠢᠯᠠᠯ᠎ᠢ ᠰᠡᠷᠭᠡᠢᠯᠡᠨ ᠡᠵᠡᠮᠳᠡᠬᠦ᠌ ᠲᠥᠰᠦᠯ (ᠠᠷᠪᠠᠳᠤᠭᠠᠷ ᠬᠡᠪᠯᠡᠯ)》 ᠢ᠋ ᠳᠠᠷᠤᠮᠠᠯᠯᠠᠨ ᠲᠠᠷᠬᠠᠭᠠᠪᠠ᠃ ᠠᠷᠪᠠᠳᠤᠭᠠᠷ ᠬᠡᠪᠯᠡᠯ᠎ᠦᠨ ᠰᠡᠷᠭᠡᠢᠯᠡᠨ ᠡᠵᠡᠮᠳᠡᠬᠦ᠌ ᠲᠥᠰᠦᠯ᠎ᠳᠦ ᠭᠤᠤᠯᠳᠠᠯᠭ᠎ᠠ᠎ᠲᠠᠶ ᠶᠠᠮᠠᠷ ᠶᠠᠮᠠᠷ ᠲᠣᠬᠢᠷᠠᠭᠤᠯᠤᠯᠲᠠ ᠬᠢᠭ᠌ᠰᠡᠨ ᠪᠣᠶ? ᠸᠠᠺᠼᠢᠨ᠎ᠤ ᠲᠠᠷᠢᠯᠭ᠎ᠠ ᠬᠢᠬᠦ᠌ ᠲᠤᠬᠠᠶ ᠶᠠᠮᠠᠷ ᠶᠠᠮᠠᠷ ᠠᠵᠢᠯ᠎ᠤᠨ ᠱᠠᠭᠠᠷᠳᠠᠯᠭ᠎ᠠ ᠳᠤᠷᠠᠳᠤᠭ᠍ᠰᠠᠨ ᠪᠣᠶ? ᠴᠠᠭᠠᠨ ᠰᠠᠷ᠎ᠠ ᠭᠠᠳᠠᠭ᠍ᠰᠢ ᠭᠠᠷᠬᠤ᠎ᠳᠤ ᠰᠡᠷᠭᠡᠢᠯᠡᠨ ᠬᠠᠮᠠᠭᠠᠯᠠᠬᠤ ᠠᠵᠢᠯ᠎ᠢ ᠬᠡᠷᠬᠢᠨ ᠰᠠᠢᠲᠤᠷ ᠬᠢᠬᠦ᠌ ᠪᠣᠶ?

1 ᠰᠠᠷ᠎ᠠ᠎ᠶ᠋ᠢᠨ 8 ᠎ᠤ᠋ ᠦᠳᠡ᠎ᠶ᠋ᠢᠨ ᠬᠣᠢᠨ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠬᠤᠯᠪᠤᠭᠠᠯᠠᠨ ᠰᠡᠷᠭᠡᠢᠯᠡᠵᠦ᠍ ᠬᠤᠯᠪᠤᠭᠠᠯᠠᠨ ᠡᠵᠡᠮᠳᠡᠬᠦ᠌ ᠲᠣᠭ᠍ᠲᠠᠴᠠ᠎ᠶ᠋ᠢᠨ᠎ᠬᠢᠨ ᠰᠣᠨᠢᠨ ᠮᠡᠳᠡᠭᠡ ᠨᠡᠢᠲᠡᠯᠡᠬᠦ᠌ ᠬᠤᠷᠠᠯ ᠬᠢᠵᠦ᠍᠂ ᠣᠯᠠᠨ ᠨᠡᠢᠲᠡ᠎ᠶ᠋ᠢᠨ ᠠᠩᠬᠠᠷᠴᠤ᠌ ᠪᠠᠢᠭ᠎ᠠ ᠬᠠᠯᠠᠮᠱᠢᠯ ᠠᠰᠠᠭᠤᠳᠠᠯ᠎ᠤᠨ ᠲᠤᠬᠠᠶ ᠬᠠᠷᠢᠭᠤ ᠲᠤᠰᠭᠠᠪᠠ᠃ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ ᠰᠣᠨᠢᠨ ᠮᠡᠳᠡᠭᠡᠨ᠎ᠦ ᠥᠭᠦᠯᠡᠭ᠌ᠴᠢ ᠮᠢ ᠹᠧᠩ᠂ 《 ᠬᠥᠬᠡᠭ᠌ᠴᠢᠨ ᠲᠥᠷᠥᠯ᠎ᠤᠨ ᠬᠥᠬᠡᠭ᠌ᠴᠢᠨ ᠬᠠᠮᠢᠶᠠᠷᠤᠯᠲᠠ》ᠶ᠋ᠢ ᠬᠡᠷᠡᠭ᠌ᠵᠢᠭᠦᠯᠬᠦ᠌᠎ᠨᠢ ᠴᠢᠯᠥᠭᠡᠲᠡᠶ ᠲᠠᠯᠪᠢᠵᠤ ᠬᠠᠮᠢᠶᠠᠷᠬᠤ ᠥᠬᠡᠶ ᠭᠡᠰᠡᠨ ᠶᠠᠪᠤᠳᠠᠯ ᠪᠢᠰᠢ᠂ ᠬᠠᠷᠢᠨ ᠨᠠᠩ ᠱᠢᠨᠵᠢᠯᠡᠬᠦ᠌ ᠤᠬᠠᠭᠠᠨᠴᠢ᠂ ᠣᠨᠣᠴᠠᠲᠠᠶ᠂ ᠥᠨᠳᠥᠷ ᠪᠦᠲᠦᠮᠵᠢᠲᠡᠶ᠎ᠪᠡᠷ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠰᠠᠢᠲᠤᠷ ᠬᠢᠵᠦ᠍᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠨᠠᠩ ᠰᠠᠢᠲᠤᠷ ᠨᠢᠭᠡᠳᠦᠯᠲᠡᠶ ᠲᠥᠯᠥᠪᠵᠢᠭᠦᠯᠬᠦ᠌᠎ᠶ᠋ᠢ ᠴᠢᠬᠤᠯᠠᠴᠢᠯᠠᠵᠤ ᠪᠠᠢᠨ᠎ᠠ ᠬᠡᠵᠥ ᠢᠯᠡᠳᠬᠡᠪᠡ᠃

ᠱᠢᠯᠭᠠᠨ ᠪᠠᠢᠴᠠᠭᠠᠬᠤ ᠠᠷᠭ᠎ᠠ ᠪᠤᠳᠤᠯᠭ᠎ᠠ ᠪᠣᠯᠤᠨ ᠬᠠᠯᠳᠠᠪᠤᠷᠢᠯᠠᠯ᠎ᠤᠨ ᠡᠬᠢ ᠶ᠋ᠢᠨ ᠬᠠᠮᠢᠶᠠᠷᠤᠯᠲᠠ ᠵᠡᠷᠭᠡ᠎ᠶ᠋ᠢ ᠭᠣᠣᠯᠳᠠᠯᠭ᠎ᠠ᠎ᠲᠠᠶ ᠱᠢᠯᠢᠳᠡᠭ᠌ᠵᠢᠭᠦᠯᠦᠨ ᠲᠤᠬᠢᠷᠠᠭᠤᠯᠪᠠ

ᠤᠯᠤᠰ᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠣᠪᠴᠢᠶ᠎ᠠ᠎ᠶ᠋ᠢᠨ ᠬᠠᠯᠳᠠᠪᠤᠷᠢᠲᠤ ᠡᠪᠡᠳᠴᠢᠨ᠎ᠢ ᠰᠡᠷᠭᠡᠢᠯᠡᠨ ᠡᠵᠡᠮᠳᠡᠬᠦ᠌ ᠵᠤᠷᠭᠠᠨ᠎ᠤ ᠳᠠᠷᠤᠭ᠎ᠠ ᠯᠸᠢ ᠵᠧᠩ ᠯᠦᠩ᠂ ᠠᠷᠪᠠᠳᠤᠭᠠᠷ ᠬᠡᠪᠯᠡᠯ᠎ᠦᠨ ᠰᠡᠷᠭᠡᠢᠯᠡᠨ ᠡᠵᠡᠮᠳᠡᠬᠦ᠌ ᠲᠥᠰᠦᠯ᠎ᠳᠦ ᠬᠤᠪᠢ ᠬᠥᠮᠦᠨ᠎ᠦ ᠰᠡᠷᠭᠡᠢᠯᠡᠯᠲᠡ ᠬᠠᠮᠠᠭᠠᠯᠠᠯᠲᠠ᠎ᠶ᠋ᠢ ᠰᠠᠢᠲᠤᠷ ᠬᠢᠵᠦ᠍᠂ ᠰᠠᠢᠨ ᠰᠠᠢᠬᠠᠨ ᠡᠷᠡᠭᠦᠯ ᠬᠠᠮᠠᠭᠠᠯᠠᠯ᠎ᠤᠨ ᠳᠠᠳᠭᠠᠯ᠎ᠲᠠᠶ ᠪᠤᠯᠵᠥ᠂ ᠸᠠᠺᠼᠢᠨ᠎ᠤ ᠲᠠᠷᠢᠯᠭ᠎ᠠ ᠬᠢᠬᠦ᠌᠎ᠶ᠋ᠢ ᠴᠢᠩᠭᠠᠳᠭᠠᠵᠤ᠂ ᠭᠤᠤᠯᠳᠠᠯᠭ᠎ᠠ᠎ᠲᠠᠶ ᠲᠠᠯᠠᠪᠤᠷ ᠭᠠᠵᠠᠷ᠂ ᠭᠤᠤᠯᠳᠠᠯᠭ᠎ᠠ᠎ᠲᠠᠶ ᠬᠥᠮᠦᠰ᠂ ᠭᠤᠤᠯᠳᠠᠯᠭ᠎ᠠ᠎ᠲᠠᠶ ᠪᠠᠢᠭᠤᠯᠤᠮᠵᠢ ᠵᠢᠴᠢ ᠬᠥᠳᠡᠭᠡ ᠲᠣᠰᠭᠣᠨ᠎ᠤ ᠭᠠᠵᠠᠷ ᠣᠷᠣᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠦᠷᠬᠦᠯᠵᠢᠯᠡᠨ ᠴᠢᠩᠭᠠᠳᠭᠠᠬᠤ ᠬᠡᠷᠡᠭ᠌ᠲᠡᠶ ᠭᠡᠪᠡ᠃

ᠯᠸᠢ ᠵᠧᠩ ᠯᠦᠩ᠂ ᠠᠷᠪᠠᠳᠤᠭᠠᠷ ᠬᠡᠪᠯᠡᠯ᠎ᠦᠨ ᠰᠡᠷᠭᠡᠢᠯᠡᠨ ᠡᠵᠡᠮᠳᠡᠬᠦ᠌ ᠲᠥᠰᠦᠯ᠎ᠳᠦ 《ᠱᠢᠨ᠎ᠡ ᠲᠢᠲᠢᠮᠯᠢᠭ ᠸᠢᠷᠦ᠋ᠰ᠎ᠦᠨ ᠠᠭᠤᠰᠭᠢᠨ ᠦᠷᠪᠢᠰᠦᠯ》 ᠎ᠢ᠋ 《ᠱᠢᠨ᠎ᠡ ᠲᠢᠲᠢᠮᠯᠢᠭ ᠸᠢᠷᠦ᠋ᠰ᠎ᠦᠨ ᠬᠠᠯᠳᠠᠪᠤᠷᠢᠯᠠᠯ》 ᠭᠡᠵᠦ᠍ ᠬᠠᠯᠠᠵᠤ᠂ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌᠎ᠶ᠋ᠢ ᠴᠢᠩᠭᠠᠳᠭᠠᠵᠤ᠂ ᠰᠢᠯᠭᠠᠨ ᠪᠠᠢᠴᠠᠭᠠᠬᠤ ᠠᠷᠭ᠎ᠠ ᠪᠣᠳᠣᠯᠭ᠎ᠠ ᠪᠠ ᠬᠠᠯᠳᠠᠪᠤᠷᠢᠯᠠᠯ᠎ᠤᠨ ᠡᠬᠢ᠎ᠶ᠋ᠢᠨ ᠬᠠᠮᠢᠶᠠᠷᠤᠯᠲᠠ᠎ᠳᠤ ᠲᠣᠬᠢᠷᠠᠭᠤᠯᠤᠯᠲᠠ ᠬᠢᠵᠦ᠍᠂ ᠪᠥᠬᠥ᠌ ᠬᠦᠮᠦᠰ᠎ᠤᠨ ᠪᠥᠭᠡᠮ ᠬᠦᠴᠢᠯ᠎ᠦᠨ ᠪᠠᠢᠴᠠᠭᠠᠯᠲᠠ᠎ᠶ᠋ᠢ ᠳᠠᠭᠢᠵᠤ ᠥᠷᠨᠢᠭᠦᠯᠬᠦ᠌ ᠥᠬᠡᠶ᠂ ᠨᠡᠢᠭᠡᠮ ᠲᠣᠭᠣᠷᠢᠭ᠎ᠤᠨ ᠰᠠᠭᠤᠭᠠᠯᠢ ᠠᠷᠠᠳ ᠬᠡᠷᠡᠭ᠌ᠴᠡᠭᠡ᠎ᠪᠡᠨ ᠦᠨᠳᠦᠰᠦᠯᠡᠨ 《 ᠪᠠᠢᠴᠠᠭᠠᠬᠤ ᠰᠠᠨᠠᠭ᠎ᠠ ᠳᠠᠢ ᠵᠢ ᠨᠢ ᠪᠦᠬᠦᠨ᠎ᠢ ᠪᠠᠢᠴᠠᠭᠠᠵᠥ》᠂ ᠱᠢᠨ᠎ᠡ ᠲᠢᠲᠢᠮᠯᠢᠭ ᠸᠢᠷᠦ᠋ᠰ᠎ᠲᠦ ᠬᠠᠯᠳᠠᠪᠤᠷᠢᠯᠠᠭ᠍ᠳᠠᠭ᠍ᠰᠠᠳ᠎ᠲᠤ ᠲᠤᠰᠠᠭᠠᠷᠯᠠᠬᠤ ᠠᠷᠭ᠎ᠠ ᠬᠡᠮᠵᠢᠶ᠎ᠡ᠎ᠶ᠋ᠢ ᠳᠠᠭᠢᠵᠤ ᠬᠡᠷᠡᠭ᠌ᠵᠢᠭᠦᠯᠬᠦ᠌ ᠥᠬᠡᠶ᠂ ᠲᠠᠰ ᠲᠥᠷᠥᠯ ᠬᠤᠪᠢᠶᠠᠨ ᠭᠥᠯᠢᠶᠡᠨ ᠠᠪᠴᠤ᠌ ᠵᠠᠰᠠᠬᠤ᠎ᠶ᠋ᠢ ᠬᠡᠷᠡᠭ᠌ᠵᠢᠭᠦᠯᠵᠦ᠍᠂ ᠨᠢᠭ᠍ᠲᠠ ᠣᠢᠷᠠᠲᠤᠭ᠍ᠰᠠᠳ᠎ᠢ ᠳᠠᠭᠢᠵᠤ ᠮᠠᠭᠠᠳᠯᠠᠨ ᠳᠤᠬᠳᠠᠭᠠᠬᠤ ᠥᠬᠡᠶ᠂ ᠲᠦᠭ᠌ᠰᠢᠭᠦᠷᠢ᠎ᠶᠡᠬᠡᠳᠡᠢ ᠣᠷᠣᠨ᠎ᠢ ᠳᠠᠭᠢᠵᠤ ᠵᠠᠭᠠᠭ᠍ᠯᠠᠨ ᠲᠣᠭ᠍ᠲᠠᠭᠠᠬᠤ ᠥᠬᠡᠶ ᠪᠠᠢᠬᠤ᠎ᠶ᠋ᠢ ᠱᠠᠭᠠᠷᠳᠠᠵᠤ᠂ ᠳᠡᠯᠭᠡᠷᠡᠬᠦ᠌ ᠬᠤᠭᠤᠴᠠᠭᠠᠨ᠎ᠳᠤ ᠪᠠᠴᠢᠮ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ ᠠᠪᠴᠤ᠌ ᠪᠣᠯᠤᠨ᠎ᠠ ᠭᠡᠵᠦ᠍ ᠲᠣᠳᠣᠷᠬᠠᠶ ᠲᠣᠭ᠍ᠲᠠᠭᠠᠵᠠᠢ ᠬᠡᠪᠠ᠃

ᠳᠤᠮᠳᠠᠳᠤ ᠤᠯᠤᠰ᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠥᠪ᠎ᠦᠨ ᠬᠠᠯᠳᠠᠪᠤᠷᠢᠳᠤ ᠡᠪᠡᠳᠴᠢᠨ᠎ᠢ ᠰᠡᠷᠭᠡᠢᠯᠡᠨ ᠡᠵᠡᠮᠳᠡᠬᠦ ᠭᠠᠵᠠᠷ᠎ᠤᠨ ᠰᠤᠳᠤᠯᠤᠭ᠍ᠴᠢ ᠴᠠᠩ ᠵᠣᠣ ᠷᠦᠢ᠂ ᠡᠯ᠎ᠡ ᠭᠠᠵᠠᠷ᠎ᠤᠨ᠎ᠬᠢᠨ ᠠᠳᠠᠯᠢ ᠪᠤᠰᠤ ᠬᠥᠮᠦᠰ᠎ᠲᠦ ᠲᠥᠷᠥᠯ ᠬᠤᠪᠢᠶᠠᠨ ᠠᠨᠲ᠋ᠢᠪᠤᠳᠢ ᠎ᠵᠢᠨ ᠤᠷᠪᠠᠯ᠎ᠤᠨ ᠪᠠᠢᠴᠠᠭᠠᠨ ᠬᠡᠮᠵᠢᠯᠲᠡ ᠪᠠ ᠪᠦᠭᠡᠮ ᠬᠦᠴᠢᠯ᠎ᠤᠨ ᠪᠠᠢᠴᠠᠭᠠᠯᠲᠠ᠎ᠵᠢᠨ ᠠᠷᠭ᠎ᠠ ᠪᠣᠳᠣᠯᠭ᠎ᠠ ᠠᠪᠴᠤ᠌᠂ ᠨᠡᠢᠭᠡᠮ ᠲᠣᠭᠣᠷᠢᠭ᠎ᠤᠨ᠎ᠬᠢᠨ ᠠᠷᠠᠳ᠎ᠲᠤ ᠲᠥᠬᠥᠮ ᠦᠵᠡᠭᠦᠯᠬᠦ᠌ ᠱᠢᠯᠭᠠᠨ ᠪᠠᠢᠴᠠᠭᠠᠬᠤ ᠴᠡᠭ᠎ᠢ ᠭᠦᠶ᠋ᠴᠡᠳ ᠦᠯᠡᠳᠡᠭᠡᠵᠦ᠍᠂ ᠱᠢᠨ᠎ᠡ ᠲᠢᠲᠢᠮᠯᠢᠭ ᠸᠢᠷᠦ᠋ᠰ᠎ᠦᠨ ᠬᠠᠯᠳᠠᠪᠤᠷᠢᠯᠠᠯ᠎ᠤᠨ ᠬᠠᠮᠢᠶ᠎ᠠ ᠪᠥᠬᠥᠶ ᠡᠪᠡᠳᠴᠢᠨ᠎ᠦ ᠢᠯᠡᠷᠡᠯ᠎ᠲᠡᠶ ᠣᠯᠠᠨ ᠲᠦᠮᠡᠨ ᠥᠪᠡᠰᠦᠪᠡᠨ ᠠᠨᠲ᠋ᠢᠪᠤᠳᠢ᠎ᠵᠢᠨ ᠤᠷᠪᠠᠯ᠎ᠤᠨ ᠪᠠᠢᠴᠠᠭᠠᠨ ᠬᠡᠮᠵᠢᠬᠦ᠂ ᠵᠢᠵᠢᠭ᠌ᠯᠡᠨ ᠬᠤᠳᠠᠯᠳᠤᠬᠤ ᠡᠮ᠎ᠦᠨ ᠳᠡᠯᠭᠡᠭᠦᠷ ᠵᠢᠴᠢ ᠡᠮ᠎ᠦᠨ ᠵᠦᠶ᠋ᠯ᠎ᠦᠨ ᠰᠦᠯᠵᠢᠶ᠎ᠡ᠎ᠪᠡᠷ ᠪᠣᠷᠣᠯᠠᠭᠤᠯᠬᠤ ᠡᠯᠧᠺᠲ᠋ᠷᠣᠨ ᠬᠤᠳᠠᠯᠳᠤᠭ᠎ᠠ ᠵᠡᠷᠭᠡ᠎ᠳᠦ ᠠᠨᠲ᠋ᠢᠪᠤᠳᠢ᠎ᠵᠢᠨ ᠤᠷᠪᠠᠯ᠎ᠤᠨ ᠪᠠᠢᠴᠠᠭᠠᠨ ᠬᠡᠮᠵᠢᠯᠲᠡ ᠵᠢᠨ ᠲᠤᠷᠱᠢᠯᠲᠠ᠎ᠶ᠋ᠢᠨ ᠡᠮ᠎ᠢ ᠭᠦᠶ᠋ᠴᠡᠳ ᠬᠠᠩᠭᠠᠵᠤ᠂ ᠣᠯᠠᠨ ᠲᠦᠮᠡᠨ᠎ᠦ ᠪᠠᠢᠴᠠᠭᠠᠨ ᠬᠡᠮᠵᠢᠬᠦ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠬᠤ᠎ᠶ᠋ᠢ ᠰᠠᠨᠠᠭᠠᠴᠢᠯᠠᠬᠤ ᠬᠡᠷᠡᠭ᠌ᠲᠡᠶ ᠬᠡᠵᠥ ᠳᠠᠨᠢᠯᠴᠠᠭᠤᠯᠪᠠ᠃

ᠣᠳᠣᠬᠠᠨ᠎ᠳᠤ ᠱᠢᠨ᠎ᠡ ᠲᠢᠲᠢᠮᠯᠢᠭ ᠸᠢᠷᠦ᠋ᠰ ᠮᠥᠨ ᠬᠦ᠌ ᠲᠠᠰᠤᠷᠠᠯᠲᠠ ᠥᠬᠡᠶ ᠬᠤᠪᠢᠷᠠᠵᠤ ᠪᠠᠢᠨ᠎ᠠ᠂ ᠠᠷᠪᠠᠳᠤᠭᠠᠷ ᠬᠡᠪᠯᠡᠯ᠎ᠦᠨ ᠰᠡᠷᠭᠡᠢᠯᠡᠨ ᠡᠵᠡᠮᠳᠡᠬᠦ᠌ ᠲᠥᠰᠦᠯ᠎ᠳᠦ ᠪᠠᠰᠠ ᠱᠢᠨ᠎ᠡ ᠲᠢᠲᠢᠮᠯᠢᠭ ᠸᠢᠷᠦ᠋ᠰ᠎ᠦᠨ ᠤᠨᠳᠤᠤᠱᠢᠯ᠎ᠤᠨ ᠪᠠᠢᠳᠠᠯ᠎ᠢ ᠬᠥᠳᠡᠯᠦᠩᠭᠦᠶ᠎ᠪᠡᠷ ᠬᠢᠨᠠᠨ ᠬᠡᠮᠵᠢᠬᠦ᠌ ᠬᠡᠷᠡᠭ᠌ᠲᠡᠶ ᠭᠡᠵᠦ᠍ ᠳᠤᠷᠠᠳᠤᠨ ᠭᠠᠷᠭᠠᠪᠠ᠂ ᠡᠭᠦᠨ᠎ᠤ ᠳᠤᠬᠠᠢ᠂ ᠤᠯᠤᠰ᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠣᠪᠴᠢᠶ᠎ᠠ᠎ᠶ᠋ᠢᠨ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠵᠤᠷᠭᠠᠨ᠎ᠤ ᠳᠠᠷᠤᠭ᠎ᠠ ᠶᠠᠩ ᠹᠸᠩ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠱᠢᠨ᠎ᠡ ᠱᠠᠲᠤᠨ᠎ᠳᠤ ᠣᠷᠣᠭ᠍ᠰᠠᠨ ᠡᠴᠡ ᠨᠠᠭᠠᠰᠢ᠂ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠰᠠᠯᠠᠭ᠎ᠠ ᠮᠥᠴᠢᠷ ᠱᠢᠨ᠎ᠡ ᠲᠢᠲᠢᠮᠯᠢᠭ ᠸᠢᠷᠦ᠋ᠰ᠎ᠦᠨ ᠤᠨᠳᠤᠤᠱᠢᠯ᠎ᠢ ᠬᠢᠨᠠᠨ ᠬᠡᠮᠵᠢᠬᠦ᠌ ᠠᠵᠢᠯ᠎ᠤᠨ ᠲᠥᠰᠦᠯ᠎ᠢᠶᠡᠨ ᠤᠯᠠᠮ ᠴᠢᠨᠠᠬᠰᠢᠳᠠ ᠲᠡᠭᠦᠯᠳᠡᠷᠵᠢᠭᠦᠯᠵᠦ᠍᠂ ᠤᠤᠯ᠎ᠤᠨ ᠠᠵᠢᠯ᠎ᠤᠨ ᠰᠠᠭᠤᠷᠢᠨ ᠳᠡᠭᠡᠷ᠎ᠡ᠂ ᠬᠢᠯᠢ ᠪᠡᠷ ᠣᠷᠣᠵᠤ ᠢᠷᠡᠭ᠌ᠰᠡᠨ ᠬᠥᠮᠦᠰ᠂ ᠡᠪᠡᠳᠴᠢᠨ ᠦᠵᠡᠭᠦᠯᠦᠭ᠌ᠰᠡᠨ ᠡᠪᠡᠳᠴᠢᠲᠡᠨ᠂ ᠭᠤᠤᠯᠳᠠᠯᠭ᠎ᠠ᠎ᠲᠠᠶ ᠲᠠᠯᠠᠪᠤᠷ ᠭᠠᠵᠠᠷ ᠪᠣᠯᠤᠨ ᠭᠤᠤᠯᠳᠠᠯᠭ᠎ᠠ᠎ᠲᠠᠶ ᠬᠥᠮᠦᠰ᠎ᠦᠨ ᠥᠯᠢᠭᠡᠷ ᠡᠳ᠋ ᠠᠪᠴᠤ᠌ ᠱᠢᠯᠭᠠᠨ ᠪᠠᠢᠴᠠᠭᠠᠬᠤ ᠪᠠ ᠪᠠᠢᠴᠠᠭᠠᠨ ᠬᠡᠮᠵᠢᠬᠦ᠌ ᠲᠠᠰ ᠳᠠᠷᠠᠭᠠᠯᠠᠯ᠎ᠢ ᠬᠠᠷᠢᠴᠠᠭᠤᠯᠬᠤ ᠠᠵᠢᠯ᠎ᠢ ᠴᠢᠩᠭᠠᠳᠭᠠᠵᠠᠢ ᠬᠡᠵᠥ ᠢᠯᠡᠳᠬᠡᠪᠡ᠃

ᠨᠠᠰᠤᠲᠠᠢᠴᠤᠳ ᠵᠡᠷᠭᠡ ᠲᠦᠭ᠌ᠰᠢᠭᠦᠷᠢ ᠶᠡᠬᠡᠲᠡᠢ ᠬᠥᠮᠦᠰ᠎ᠲᠦ ᠸᠠᠺᠼᠢᠨ᠎ᠤ ᠲᠠᠷᠢᠯᠭ᠎ᠠ ᠬᠢᠬᠦ᠌᠎ᠶ᠋ᠢ ᠴᠢᠩᠭᠠᠳᠭᠠᠬᠤ᠎ᠶ᠋ᠢ ᠴᠢᠬᠤᠯᠠᠴᠢᠯᠠᠪᠠ

《 ᠬᠥᠬᠡᠭ᠌ᠴᠢᠨ ᠲᠥᠷᠥᠯ᠎ᠤᠨ ᠬᠥᠬᠡᠭ᠌ᠴᠢᠨ ᠬᠠᠮᠢᠶᠠᠷᠤᠯᠲᠠ》 ᠶ᠋ᠢ ᠬᠡᠷᠡᠭ᠌ᠵᠢᠭᠦᠯᠦᠭ᠌ᠰᠡᠨ᠎ᠦ ᠳᠠᠷᠠᠭ᠎ᠠ᠂ ᠸᠠᠺᠼᠢᠨ᠎ᠤ ᠲᠠᠷᠢᠯᠭ᠎ᠠ ᠬᠢᠬᠦ᠌ ᠪᠣᠯ ᠮᠥᠨ ᠯᠡ ᠨᠢᠭᠡᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠳᠤᠮᠳᠠᠳᠤ ᠤᠯᠤᠰ᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠥᠪ᠎ᠦᠨ ᠡᠭᠡᠯᠢᠯᠡᠭᠡ᠎ᠶ᠋ᠢᠨ ᠲᠥᠯᠥᠪᠵᠢᠭᠦᠯᠭᠡ᠎ᠶ᠋ᠢᠨ ᠲᠡᠷᠢᠭᠦᠨ ᠲᠤᠰᠭᠠᠶ ᠮᠡᠷᠭᠡᠵᠢᠯᠲᠡᠨ ᠸᠠᠩ ᠬᠤᠸᠠ ᠴᠢᠩ ᠲᠠᠨᠢᠯᠴᠠᠭᠤᠯᠬᠤ᠎ᠳᠠᠭᠠᠨ᠂ ᠠᠷᠪᠠᠳᠤᠭᠠᠷ ᠬᠡᠪᠯᠡᠯ᠎ᠦᠨ ᠰᠡᠷᠭᠡᠢᠯᠡᠨ ᠡᠵᠡᠮᠳᠡᠬᠦ᠌ ᠲᠥᠰᠦᠯ᠎ᠳᠦ ᠪᠠᠢᠳᠠᠯ᠎ᠢ ᠮᠡᠳᠡᠬᠦ᠌᠂ ᠵᠥᠪᠱᠢᠶᠡᠷᠡᠬᠦ᠌᠂ ᠰᠠᠢᠨ ᠳᠤᠷ᠎ᠠ᠎ᠡᠴᠡ᠎ᠪᠠᠨ ᠪᠠᠢᠬᠤ ᠵᠠᠷᠴᠢᠮ᠎ᠢ ᠪᠠᠷᠢᠮᠲᠠᠯᠠᠵᠤ᠂ 3 ᠨᠠᠰᠤᠨ᠎ᠡᠴᠡ ᠳᠡᠭᠡᠭ᠌ᠰᠢᠬᠢ ᠲᠠᠷᠢᠯᠭ᠎ᠠ ᠬᠢᠬᠦ᠌ ᠬᠣᠷᠢᠭ᠎ᠠ ᠥᠬᠡᠶ ᠬᠥᠮᠦᠰ ᠤ᠋ᠨ ᠲᠠᠷᠢᠯᠭ᠎ᠠ ᠬᠢᠬᠦ᠌᠎ᠶᠤᠰᠤᠳᠠᠢ ᠵᠢ ᠨᠢ ᠪᠦᠬᠦᠨ ᠵᠢᠡᠷ ᠵᠢᠡᠨ ᠲᠠᠷᠢᠬᠤ ᠵᠢ ᠵᠤᠷᠢᠭᠵᠢᠭᠤᠯᠬᠤ ᠬᠡᠷᠡᠭ᠌ᠲᠡᠶ ᠭᠡᠵᠦ᠍ ᠱᠠᠭᠠᠷᠳᠠᠪᠠ᠃ ᠨᠥᠬᠥᠴᠡᠯ᠎ᠳᠦ ᠨᠡᠢᠴᠡᠬᠦ᠌ 18 ᠨᠠᠰᠤᠨ᠎ᠡᠴᠡ ᠳᠡᠭᠡᠭ᠌ᠰᠢᠬᠢ ᠬᠠᠷᠠᠯᠲᠠᠲᠤ ᠬᠥᠮᠦᠰ᠎ᠲᠦ ᠨᠢᠭᠡ ᠤᠳᠠᠭ᠎ᠠ ᠵᠢᠨ ᠢᠵᠢᠯ ᠡᠬᠢ ᠡᠭᠦᠰᠦᠯ ᠲᠠᠢ ᠪᠤᠶᠤ ᠲᠠᠷᠢᠯᠭ᠎ᠠ᠎ᠶ᠋ᠢᠨ ᠴᠤᠪᠤᠷᠠᠯ᠎ᠵᠢᠡᠷ ᠡᠭᠡᠯᠢᠯᠡᠭᠡ᠎ᠶ᠋ᠢ ᠴᠢᠩᠭᠠᠳᠭᠠᠬᠤ ᠲᠠᠷᠢᠯᠭ᠎ᠠ ᠬᠢᠬᠦ ᠬᠡᠷᠡᠭ᠌ᠲᠡᠶ᠂ ᠢᠵᠢᠯ ᠡᠬᠢ ᠡᠭᠦᠰᠦᠯ᠎ᠲᠠᠶ ᠡᠭᠡᠯᠢᠯᠡᠭᠡ᠎ᠶ᠋ᠢ ᠴᠢᠩᠭᠠᠳᠭᠠᠬᠤ ᠲᠠᠷᠢᠯᠭ᠎ᠠ ᠪᠤᠯᠤᠨ ᠲᠠᠷᠢᠯᠭ᠎ᠠ᠎ᠶ᠋ᠢᠨ ᠴᠤᠪᠤᠷᠠᠯ ᠵᠢᠡᠷ ᠡᠭᠡᠯᠢᠯᠡᠭᠡ᠎ᠶ᠋ᠢ ᠴᠢᠩᠭᠠᠳᠭᠠᠬᠤ ᠲᠠᠷᠢᠯᠭ᠎ᠠ ᠎ᠶ᠋ᠢ ᠬᠠᠮᠲᠤ᠎ᠳᠤᠨᠢ ᠭᠥᠯᠢᠶᠡᠨ ᠠᠪᠴᠤ᠌ ᠪᠣᠯᠬᠤ ᠥᠬᠡᠶ ᠭᠡᠪᠡ᠃

《ᠡᠭᠦᠨ᠎ᠦ ᠬᠠᠮᠲᠤ᠂ ᠠᠷᠪᠠᠳᠤᠭᠠᠷ ᠬᠡᠪᠯᠡᠯ᠎ᠦᠨ ᠰᠡᠷᠭᠡᠢᠯᠡᠨ ᠡᠵᠡᠮᠳᠡᠬᠦ᠌ ᠲᠥᠰᠦᠯ᠎ᠳᠦ ᠬᠠᠯᠳᠠᠪᠤᠷᠢᠯᠠᠬᠤ ᠲᠦᠭ᠌ᠰᠢᠭᠦᠷᠢ ᠶᠡᠬᠡᠲᠡᠶ ᠬᠥᠮᠦᠰ᠂ 60 ᠨᠠᠰᠤᠨ᠎ᠡᠴᠡ ᠳᠡᠭᠡᠭ᠌ᠰᠢᠬᠢ ᠨᠠᠰᠤᠲᠠᠢᠴᠤᠳ᠂ ᠨᠡᠯᠢᠶᠡᠳ ᠬᠦᠨᠳᠦ ᠨᠣᠴᠢᠲᠠᠶ ᠰᠠᠭᠤᠷᠢ ᠡᠪᠡᠳᠴᠢᠨ᠎ᠲᠡᠶ ᠬᠥᠮᠦᠰ ᠪᠣᠯᠤᠨ ᠡᠭᠡᠯᠢᠯᠡᠭᠡ᠎ᠶ᠋ᠢᠨ ᠴᠢᠳᠠᠪᠤᠷᠢ ᠠᠨᠠᠶ ᠬᠥᠮᠦᠰ᠎ᠲᠦ᠂ ᠠᠩᠬ᠎ᠠ ᠤᠳᠠᠭ᠎ᠠ ᠡᠭᠡᠯᠢᠯᠡᠭᠡ᠎ᠶ᠋ᠢ ᠴᠢᠩᠭᠠᠳᠭᠠᠬᠤ ᠲᠠᠷᠢᠯᠭ᠎ᠠ ᠵᠢ ᠲᠠᠷᠢᠭᠠᠳ ᠪᠦᠬᠦᠯᠢ 6 ᠰᠠᠷ᠎ᠠ ᠪᠣᠯᠤᠭ᠍ᠰᠠᠨ᠎ᠤ ᠳᠠᠷᠠᠭ᠎ᠠ᠂ ᠬᠣᠶᠠᠳᠠᠬᠢ ᠤᠳᠠᠭ᠎ᠠ ᠵᠢᠨ ᠡᠭᠡᠯᠢᠯᠡᠭᠡ᠎ᠶ᠋ᠢ ᠨᠢ ᠴᠢᠩᠭᠠᠳᠭᠠᠭᠰᠠᠨ ᠲᠠᠷᠢᠯᠭ᠎ᠠ ᠬᠢᠵᠦ᠍ ᠪᠣᠯᠤᠨ᠎ᠠ ᠭᠡᠵᠦ᠍ ᠤᠯᠠᠮ ᠴᠢᠨᠠᠭ᠍ᠰᠢᠳᠠ ᠴᠢᠬᠤᠯᠠᠴᠢᠯᠠᠪᠠ》᠃ ᠸᠠᠩ ᠬᠤᠸᠠ ᠴᠢᠩ᠂ ᠠᠷᠪᠠᠳᠤᠭᠠᠷ ᠬᠡᠪᠯᠡᠯ᠎ᠦᠨ ᠰᠡᠷᠭᠡᠢᠯᠡᠨ ᠡᠵᠡᠮᠳᠡᠬᠦ᠌ ᠲᠥᠰᠦᠯ᠎ᠳᠦ ᠪᠠᠰᠠ ᠸᠠᠺᠼᠢᠨ᠎ᠢ ᠰᠤᠳᠤᠯᠤᠨ ᠨᠡᠭᠡᠭᠡᠭ᠌ᠰᠡᠨ ᠠᠬᠢᠴᠠ ᠪᠣᠯᠤᠨ ᠡᠮᠴᠢᠯᠡᠭᠡᠨ᠎ᠦ ᠲᠤᠷᠱᠢᠯᠲᠠ᠎ᠶ᠋ᠢᠨ ᠦᠷ᠎ᠡ ᠳ᠋ᠦᠩ᠎ᠢ ᠦᠨᠳᠦᠰᠦᠯᠡᠨ᠂ ᠸᠠᠺᠼᠢᠨ᠎ᠤ ᠲᠠᠷᠢᠯᠭ᠎ᠠ ᠬᠢᠬᠦ᠌ ᠠᠷᠭ᠎ᠠ ᠪᠣᠳᠣᠯᠭ᠎ᠠ᠎ᠶ᠋ᠢ ᠤᠯᠠᠮ ᠴᠢᠨᠠᠭ᠍ᠰᠢᠳᠠ ᠲᠡᠭᠦᠯᠳᠡᠷᠵᠢᠭᠦᠯᠵᠠᠢ ᠭᠡᠵᠦ᠍ ᠳᠤᠷᠠᠳᠴᠠᠶ᠃

ᠣᠯᠠᠨ ᠨᠡᠢᠲᠡ᠎ᠶ᠋ᠢᠨ ᠠᠩᠬᠠᠷᠴᠤ᠌ ᠪᠠᠢᠭ᠎ᠠ ᠱᠢᠨ᠎ᠡ ᠲᠢᠲᠢᠮᠯᠢᠭ ᠸᠢᠷᠦ᠋ᠰ᠎ᠲᠦ ᠬᠠᠯᠳᠠᠪᠤᠷᠢᠯᠠᠭ᠍ᠳᠠᠭ᠍ᠰᠠᠨ᠎ᠤ ᠳᠠᠷᠠᠭ᠎ᠠ ᠬᠡᠳᠦᠶ ᠤᠳᠠᠭᠠᠳ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠸᠠᠺᠼᠢᠨ᠎ᠤ ᠲᠠᠷᠢᠯᠭ᠎ᠠ ᠬᠢᠵᠦ᠍ ᠪᠣᠯᠬᠤ ᠠᠰᠠᠭᠤᠳᠠᠯ᠎ᠳᠤ ᠴᠢᠭ᠌ᠯᠡᠭᠦᠯᠦᠨ᠂ ᠸᠠᠩ ᠬᠤᠸᠠ ᠴᠢᠩ᠂ ᠬᠡᠷᠪᠡ ᠪᠥᠭᠡᠮ ᠬᠦᠴᠢᠯ᠎ᠦᠨ ᠪᠠᠢᠴᠠᠭᠠᠯᠲᠠ ᠪᠠ ᠠᠨᠲ᠋ᠢᠪᠤᠳᠢ᠎ᠶ᠋ᠢᠨ ᠤᠷᠪᠠᠯ ᠤ᠋ᠨ ᠪᠠᠢᠴᠠᠭᠠᠨ ᠬᠡᠮᠵᠢᠯᠳᠡ ᠬᠢᠬᠦ ᠪᠠᠷ ᠳᠡᠮᠵᠢᠨ ᠱᠢᠨ᠎ᠡ ᠲᠢᠲᠢᠮᠯᠢᠭ ᠸᠢᠷᠦ᠋ᠰ᠎ᠲᠦ ᠬᠠᠯᠳᠠᠪᠤᠷᠢᠯᠠᠭ᠍ᠳᠠᠭ᠍ᠰᠠᠨ᠎ᠢ ᠨᠤᠲᠠᠯᠠᠪᠠᠯ᠂ ᠣᠢᠷ᠎ᠠ᠎ᠶ᠋ᠢᠨ ᠬᠤᠭᠤᠴᠠᠭᠠᠨ᠎ᠳᠤ ᠱᠢᠨ᠎ᠡ ᠲᠢᠲᠢᠮᠯᠢᠭ ᠸᠢᠷᠦ᠋ᠰ ᠤ᠋ᠨ ᠸᠠᠺᠼᠢᠨ᠎ᠤ ᠲᠠᠷᠢᠯᠭ᠎ᠠ ᠬᠢᠬᠦ᠌᠎ᠶ᠋ᠢ ᠰᠠᠨᠠᠭᠠᠴᠢᠯᠠᠬᠤ ᠥᠬᠡᠶ᠂ ᠶᠡᠷᠦ ᠳ᠋ᠡᠭᠡᠨ ᠬᠠᠯᠳᠠᠪᠤᠷᠢᠯᠠᠬᠰᠠᠨ ᠴᠠᠭ ᠪᠠ ᠲᠠᠷᠢᠯᠭ᠎ᠠ ᠬᠢᠬᠦ᠌ ᠴᠠᠭ᠎ᠤᠨ ᠬᠣᠭᠣᠷᠣᠨᠳᠣᠬᠢ ᠬᠤᠭᠤᠴᠠᠭ᠎ᠠ᠎ᠨᠢ 6 ᠰᠠᠷ᠎ᠠ᠎ᠡᠴᠡ ᠳᠤᠲᠠᠭᠤ ᠪᠠᠢᠵᠤ ᠪᠣᠯᠬᠤ ᠥᠬᠡᠶ ᠭᠡᠵᠦ ᠬᠡᠯᠡᠪᠡ᠃

ᠬᠢᠵᠢᠭ᠎ᠦᠨ ᠪᠠᠢᠳᠠᠯ ᠵᠡᠷᠭᠡ ᠱᠢᠯᠲᠠᠭᠠᠨ᠎ᠡᠴᠡ ᠪᠣᠯᠵᠣ᠂ ᠵᠠᠷᠢᠮ ᠬᠡᠦᠬᠡᠳ ᠲᠣᠭ᠍ᠲᠠᠭ᠍ᠰᠠᠨ ᠴᠠᠭ᠎ᠤᠨ ᠳᠣᠲᠣᠷᠠᠬᠢ ᠡᠩ᠎ᠦᠨ ᠸᠠᠺᠼᠢᠨ᠎ᠤ ᠲᠠᠷᠢᠯᠭ᠎ᠠ ᠪᠡᠨ ᠬᠢᠵᠦ᠍ ᠲᠠᠭᠤᠰᠤᠭᠰᠠᠨ ᠥᠬᠡᠶ᠃ ᠡᠭᠦᠨ ᠳ᠋ᠤ ᠸᠠᠩ ᠬᠤᠸᠠ ᠴᠢᠩ᠂ ᠸᠠᠺᠼᠢᠨ᠎ᠤ ᠦᠶ᠋ᠯᠡᠳᠦᠯ᠎ᠢ ᠨᠠᠩ ᠰᠠᠢᠨ ᠪᠠᠳᠠᠷᠠᠭᠤᠯᠬᠤ ᠬᠡᠷᠡᠭ᠌ᠲᠡᠶ᠂ ᠴᠠᠭ ᠲᠤᠬᠠᠶ᠎ᠳᠤᠨᠢ᠂ ᠪᠥᠬᠥ᠌ ᠶᠠᠪᠤᠴᠠ᠎ᠳᠤ ᠪᠠᠢᠯᠭᠠᠬᠤ ᠬᠡᠷᠡᠭ᠌ᠲᠡᠶ᠃ ᠡᠯ᠎ᠡ ᠭᠠᠵᠠᠷ᠎ᠤᠨ ᠬᠢᠨ ᠰᠡᠷᠭᠡᠢᠯᠡᠬᠦ᠌ ᠲᠠᠷᠢᠯᠭ᠎ᠠ ᠬᠢᠬᠦ᠌ ᠨᠢᠭᠡᠴᠢ᠎ᠶ᠋ᠢᠨ ᠬᠡᠪ᠎ᠦᠨ ᠠᠵᠢᠯ᠎ᠢᠶᠠᠨ ᠰᠡᠷᠭᠦᠭᠡᠭ᠌ᠰᠡᠨ᠎ᠦ ᠳᠠᠷᠠᠭ᠎ᠠ ᠴᠠᠭ ᠲᠤᠬᠠᠶ᠎ᠳᠤᠨᠢ ᠸᠠᠺᠼᠢᠨ ᠨᠥᠬᠥᠵᠦ᠍ ᠳᠠᠷᠢᠬᠤ᠎ᠶ᠋ᠢ ᠰᠠᠨᠠᠭᠤᠯᠵᠤ ᠪᠠᠢᠨ᠎ᠠ ᠭᠡᠵᠦ ᠢᠯᠡᠳᠭᠡᠪᠡ᠃

ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠶᠠᠪᠤᠵᠤ ᠰᠠᠭᠤᠬᠤ᠎ᠳᠠᠭᠠᠨ ᠬᠤᠪᠢ ᠬᠥᠮᠦᠨ᠎ᠦ ᠬᠠᠮᠠᠭᠠᠯᠠᠯᠲᠠ᠎ᠪᠠᠨ ᠰᠠᠢᠲᠤᠷ ᠬᠢᠬᠦ᠌ ᠬᠡᠷᠡᠭ᠌ᠲᠡᠢ

ᠴᠠᠭᠠᠨ ᠰᠠᠷ᠎ᠠ᠎ᠶ᠋ᠢᠨ ᠬᠤᠭᠤᠴᠠᠭ᠎ᠠ ᠪᠣᠯ ᠬᠥᠮᠦᠨ ᠬᠠᠷ᠎ᠠ ᠶᠠᠪᠤᠵᠤ ᠰᠠᠭᠤᠬᠤ᠂ ᠲᠥᠷᠥᠯ ᠰᠠᠳᠤᠨ ᠨᠠᠢᠵᠠ ᠨᠥᠬᠥᠳ ᠴᠤᠭ᠍ᠯᠠᠷᠠᠬᠤ ᠣᠷᠭᠢᠯ ᠦᠶ᠎ᠡ ᠪᠤᠯᠤᠨ᠎ᠠ᠃ ᠲᠤᠰᠭᠠᠶ ᠮᠡᠷᠭᠡᠵᠢᠯᠲᠡᠨ᠎ᠦ ᠰᠤᠳᠤᠯᠤᠨ ᠮᠠᠭᠠᠳᠯᠠᠭ᠍ᠰᠠᠨ᠎ᠢᠶᠠᠷ᠂ ᠪᠥᠬᠥ᠌ ᠤᠯᠤᠰ᠎ᠤᠨ ᠬᠡᠰᠡᠭ ᠭᠠᠵᠠᠷ ᠣᠷᠣᠨ᠎ᠳᠤ ᠬᠢᠵᠢᠭ᠎ᠦᠨ ᠪᠠᠢᠳᠠᠯ ᠳᠡᠯᠭᠡᠷᠡᠬᠦ᠌ ᠣᠷᠭᠢᠯ᠎ᠤᠨ ᠬᠤᠭᠤᠴᠠᠭ᠎ᠠ᠎ᠨᠢ ᠴᠠᠭᠠᠨ ᠰᠠᠷ᠎ᠠ᠎ᠶ᠋ᠢᠨ ᠵᠦᠭᠡᠭᠡᠪᠦᠷᠢ᠂ ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠬᠤᠭᠤᠴᠠᠭ᠎ᠠ᠎ᠯᠤᠭ᠎ᠠ ᠬᠡᠰᠡᠭ ᠲᠠᠯ᠎ᠠ᠎ᠪᠠᠷ ᠳᠠᠪᠬᠤᠴᠠᠵᠤ᠂ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠬᠥᠮᠦᠰ᠎ᠦᠨ ᠱᠢᠯᠵᠢᠯᠲᠡ ᠶᠡᠬᠡ᠂ ᠴᠤᠭ᠍ᠯᠠᠷᠠᠯ᠎ᠤᠨ ᠴᠢᠨᠠᠷᠲᠠᠶ ᠠᠵᠢᠯᠯᠠᠭ᠎ᠠ ᠣᠯᠠᠨ ᠪᠠᠢᠵᠤ᠂ ᠢᠯᠠᠩᠭᠤᠶ᠎ᠠ ᠬᠡᠷ ᠳᠣᠲᠣᠷᠠᠬᠢ ᠠᠵᠢᠯᠯᠠᠭ᠎ᠠ ᠣᠯᠠᠱᠢᠷᠠᠵᠤ᠂ ᠬᠢᠵᠢᠭ᠎ᠦᠨ ᠪᠠᠢᠳᠠᠯ ᠳᠠᠷᠬᠠᠨ ᠳᠡᠯᠭᠡᠷᠡᠬᠦ᠌ ᠠᠶᠤᠯ ᠲᠦᠭ᠌ᠰᠢᠭᠦᠷᠢ᠎ᠶ᠋ᠢ ᠤᠯᠠᠮ ᠴᠢᠨᠠᠭᠰᠢᠳᠠ ᠨᠡᠮᠡᠭ᠌ᠳᠡᠭᠦᠯᠬᠦ᠌ ᠪᠥᠭᠡᠳ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠦᠴᠢᠷᠳᠡᠯ ᠪᠠ ᠪᠤᠳᠤᠯᠢᠶᠠᠨᠲᠤ ᠴᠢᠨᠠᠷ᠎ᠢ ᠴᠤ᠌ ᠨᠡᠮᠡᠭ᠌ᠳᠡᠭᠦᠯᠬᠦ᠌ ᠪᠣᠯᠤᠨ᠎ᠠ ᠭᠡᠵᠦ ᠦᠵᠡᠵᠦ ᠪᠠᠢᠨ᠎ᠠ᠃

《ᠥᠷᠭᠡᠨ ᠣᠯᠠᠨ ᠲᠦᠮᠡᠨ᠎ᠦ ᠴᠠᠭᠠᠨ ᠰᠠᠷ᠎ᠠ ᠪᠠᠨ ᠡᠷᠡᠭᠦᠯ ᠮᠡᠨᠳᠦ ᠠᠮᠤᠷ ᠠᠮᠤᠭᠤᠯᠠᠩ ᠥᠯᠵᠡᠶ ᠪᠡᠯᠭᠡ᠎ᠲᠡᠶ ᠥᠩᠭᠡᠷᠡᠭᠦᠯᠬᠦ᠌᠎ᠶ᠋ᠢ ᠦᠨᠡᠨ ᠬᠦ᠌ ᠪᠠᠲᠤᠯᠠᠬᠤ᠎ᠶ᠋ᠢᠨ ᠲᠥᠯᠥᠭᠡ᠂ ᠣᠯᠠᠨ ᠲᠦᠮᠡᠨ᠎ᠦ ᠬᠢᠵᠢᠭ ᠶᠡᠬᠡ᠎ᠪᠡᠷ ᠳᠡᠯᠭᠡᠷᠡᠭ᠌ᠰᠡᠨ ᠭᠠᠵᠠᠷ ᠣᠷᠣᠨ᠎ᠳᠤ ᠣᠴᠢᠵᠤ ᠲᠥᠷᠥᠯ ᠰᠠᠳᠤᠨ᠎ᠢᠶᠠᠨ ᠡᠷᠭᠢᠵᠦ᠍ ᠦᠵᠡᠬᠦ᠌᠂ ᠵᠢᠭᠤᠯᠴᠢᠯᠠᠬᠤ᠎ᠡᠴᠡ ᠵᠠᠢᠯᠠᠰᠭᠢᠬᠦ᠌᠎ᠶ᠋ᠢ ᠰᠠᠨᠠᠭᠠᠴᠢᠯᠠᠵᠤ᠂ ᠬᠢᠵᠢᠭ ᠶᠡᠬᠡ᠎ᠪᠡᠷ ᠳᠡᠯᠭᠡᠷᠡᠭ᠌ᠰᠡᠨ ᠭᠠᠵᠠᠷ ᠣᠷᠣᠨ᠎ᠤ ᠣᠯᠠᠨ ᠲᠦᠮᠡᠨ᠎ᠦ ᠶᠠᠪᠤᠵᠤ ᠰᠠᠭᠤᠬᠤ᠎ᠪᠠᠨ ᠪᠠᠭᠠᠰᠭᠠᠬᠤ᠎ᠶ᠋ᠢ ᠰᠠᠨᠠᠭᠠᠴᠢᠯᠠᠵᠤ᠂ ᠨᠠᠰᠤᠲᠠᠢᠴᠤᠳ ᠵᠢᠴᠢ ᠬᠦᠨᠳᠦ ᠨᠣᠴᠢᠲᠠᠶ ᠰᠠᠭᠤᠷᠢ ᠡᠪᠡᠳᠴᠢᠨ᠎ᠲᠡᠶ ᠬᠥᠮᠦᠰ ᠠᠯᠢ ᠴᠢᠳᠠᠬᠤ᠎ᠪᠠᠷ ᠶᠠᠪᠤᠵᠤ ᠰᠠᠭᠤᠬᠤ᠎ᠡᠴᠡ ᠵᠠᠢᠯᠠᠰᠭᠢᠬᠦ᠌ ᠬᠡᠷᠡᠭ᠌ᠲᠡᠶ》᠃ ᠯᠧᠢ ᠵᠧᠩ ᠯᠦᠩ᠂ ᠴᠢᠳᠠᠬᠤ᠎ᠶ᠋ᠢᠨ ᠳᠣᠲᠣᠷ᠎ᠠ ᠬᠡᠷ ᠪᠦᠯᠢ᠎ᠶ᠋ᠢᠨ ᠶᠡᠬᠡ ᠬᠡᠪᠴᠢᠶᠡᠨ᠎ᠦ ᠴᠤᠭ᠍ᠯᠠᠷᠠᠯ᠎ᠤᠨ ᠴᠢᠨᠠᠷᠲᠠᠶ ᠠᠵᠢᠯᠯᠠᠭ᠎ᠠ ᠬᠢᠬᠦ ᠦᠭᠡᠢ᠂ ᠴᠢᠳᠠᠬᠤ᠎ᠶ᠋ᠢᠨ ᠳᠣᠲᠣᠷ᠎ᠠ ᠶᠡᠬᠡ ᠬᠡᠪᠴᠢᠶᠡᠨ᠎ᠦ ᠰᠦᠮ᠎ᠡ᠎ᠶ᠋ᠢᠨ ᠴᠤᠭ᠍ᠯᠠᠭᠠᠨ᠂ ᠲᠣᠮᠣ ᠬᠡᠯᠪᠡᠷᠢ᠎ᠶ᠋ᠢᠨ ᠬᠡᠷ ᠳᠣᠲᠣᠷᠠᠬᠢ ᠤᠷᠠᠨ ᠰᠠᠢᠬᠠᠨ᠎ᠤ ᠲᠣᠭ᠍ᠯᠠᠯᠲᠠ᠂ ᠳᠡᠯᠭᠡᠨ ᠪᠣᠷᠣᠯᠠᠭᠤᠯᠭ᠎ᠠ ᠵᠡᠷᠭᠡ ᠠᠵᠢᠯᠯᠠᠭ᠎ᠠ ᠦᠷᠨᠢᠭᠦᠯᠬᠦ ᠥᠬᠡᠶ ᠪᠠᠢᠬᠤ ᠬᠡᠷᠡᠭᠳᠡᠢ᠃ ᠡᠯ᠎ᠡ ᠭᠠᠵᠠᠷ᠎ᠤᠨ ᠬᠢᠨ ᠲᠤᠬᠠᠶ᠎ᠶ᠋ᠢᠨ ᠭᠠᠵᠠᠷ᠎ᠤᠨ ᠬᠢᠵᠢᠭ᠎ᠦᠨ ᠪᠠᠢᠳᠠᠯ ᠪᠣᠯᠤᠨ ᠪᠣᠳᠠᠲᠤ ᠪᠠᠢᠳᠠᠯ᠎ᠢᠶᠠᠨ ᠦᠨᠳᠦᠰᠦᠯᠡᠨ᠂ ᠬᠢᠵᠢᠭ᠎ᠦᠨ ᠪᠠᠢᠳᠠᠯ᠎ᠤᠨ ᠰᠡᠷᠡᠮᠵᠢᠯᠡᠭᠦᠯᠬᠦ᠌ ᠮᠡᠳᠡᠭᠡ ᠵᠠᠩᠭᠢ ᠪᠣᠯᠤᠨ ᠶᠠᠪᠤᠵᠤ ᠰᠠᠭᠤᠬᠤ ᠠᠮᠤᠷ ᠲᠦᠪᠱᠢᠨ᠎ᠦ ᠰᠠᠨᠠᠭᠤᠯᠤᠮᠵᠢ᠎ᠶ᠋ᠢ ᠴᠠᠭ ᠲᠤᠬᠠᠶ᠎ᠳᠤᠨᠢ ᠨᠡᠢᠲᠡᠯᠡᠵᠦ᠍᠂ ᠣᠯᠠᠨ ᠲᠦᠮᠡᠨ᠎ᠦ ᠶᠠᠪᠤᠵᠤ ᠰᠠᠭᠤᠬᠤ ᠲᠥᠯᠥᠪᠯᠡᠭᠡ᠎ᠪᠡᠨ ᠵᠦᠶ ᠵᠣᠬᠢᠰᠲᠠᠶ ᠲᠣᠬᠢᠷᠠᠭᠤᠯᠬᠤ᠎ᠶ᠋ᠢ ᠵᠢᠯᠣᠭᠣᠳᠭᠤ ᠬᠡᠷᠡᠭ᠌ᠲᠡᠶ ᠭᠡᠵᠦ ᠢᠯᠡᠳᠭᠡᠪᠡ᠃

ᠴᠠᠩ ᠵᠤᠤ ᠷᠦᠢ᠂ ᠶᠠᠪᠤᠵᠤ ᠰᠠᠭᠤᠬᠤ᠎ᠪᠠᠨ ᠵᠣᠬᠢᠰᠲᠠᠢ ᠲᠤᠬᠢᠷᠠᠭᠤᠯᠵᠤ᠂ ᠶᠠᠪᠤᠵᠤ ᠰᠠᠭᠤᠬᠤ᠎ᠡᠴᠡ᠎ᠪᠠᠨ ᠡᠮᠦᠨ᠎ᠡ ᠵᠠᠪᠠᠯ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠵᠦ᠍᠂ ᠵᠣᠷᠢᠬᠤ ᠭᠠᠵᠠᠷ᠎ᠤᠨ᠎ᠢᠶᠠᠨ ᠬᠢᠵᠢᠭ᠎ᠦᠨ ᠪᠠᠢᠳᠠᠯ᠎ᠢ ᠣᠢᠯᠠᠭᠠᠵᠤ᠂ ᠴᠢᠳᠠᠬᠤ᠎ᠶ᠋ᠢᠨ ᠬᠢᠷᠢ᠎ᠪᠡᠷ ᠤᠷᠬᠢᠯ᠎ᠤᠨ ᠬᠤᠭᠤᠴᠠᠭ᠎ᠠ᠎ᠶ᠋ᠢ ᠵᠥᠷᠢᠭᠦᠯᠦᠨ ᠶᠠᠪᠤᠵᠤ ᠰᠠᠭᠤᠬᠤ ᠬᠡᠷᠡᠭ᠌ᠲᠡᠢ᠃ ᠬᠤᠪᠢ ᠬᠥᠮᠦᠨ᠎ᠦ ᠬᠠᠮᠠᠭᠠᠯᠠᠯᠲᠠ᠎ᠶ᠋ᠢ ᠦᠷᠭᠦᠯᠵᠢᠯᠡᠨ ᠰᠠᠢᠲᠤᠷ ᠬᠢᠵᠦ᠍᠂ ᠵᠢᠮ᠎ᠡ ᠶᠣᠰᠣ᠎ᠲᠠᠶ ᠠᠵᠢᠯᠯᠠᠵᠤ ᠠᠮᠠᠷᠠᠬᠤ᠂ ᠵᠣᠬᠢᠰᠲᠠᠶ ᠢᠳᠡᠵᠦ᠍ ᠤᠤᠭᠤᠬᠤ᠂ ᠵᠣᠬᠢᠰᠲᠠᠶ ᠬᠥᠳᠡᠯᠭᠡᠭᠡᠨ ᠬᠢᠬᠦ᠌᠂ ᠰᠠᠢᠨ ᠰᠠᠢᠬᠠᠨ ᠰᠡᠳᠭᠢᠴᠡ᠎ᠶ᠋ᠢᠨ ᠪᠠᠢᠳᠠᠯ ᠵᠡᠷᠭᠡ ᠡᠷᠡᠭᠦᠯ ᠰᠠᠷᠠᠭᠤᠯ ᠠᠮᠢᠳᠤᠷᠠᠯ᠎ᠤᠨ ᠠᠷᠭ᠎ᠠ ᠬᠡᠯᠪᠡᠷᠢ᠎ᠶ᠋ᠢ ᠪᠠᠲᠤᠯᠠᠬᠤ ᠬᠡᠷᠡᠭ᠌ᠲᠡᠶ᠃ ᠡᠭᠦᠨ᠎ᠦ ᠬᠠᠮᠲᠤ᠂ ᠡᠷᠡᠭᠦᠯ ᠮᠡᠨᠳᠦ᠍᠎ᠶ᠋ᠢᠨ ᠬᠢᠨᠠᠨ ᠬᠡᠮᠵᠢᠯᠲᠡ᠎ᠶ᠋ᠢ ᠴᠢᠩᠭᠠᠳᠭᠠᠵᠤ᠂ ᠲᠣᠰ ᠪᠡᠶ᠎ᠡ ᠪᠣᠯᠤᠨ ᠬᠡᠷ᠎ᠦᠨ ᠬᠥᠮᠦᠰ᠎ᠦᠨ ᠡᠷᠡᠭᠦᠯ ᠮᠡᠨᠳᠦ᠍᠎ᠶ᠋ᠢᠨ ᠪᠠᠢᠳᠠᠯ᠎ᠢ ᠨᠢᠭ᠍ᠲᠠ ᠠᠩᠬᠠᠷᠬᠤ ᠬᠡᠷᠡᠭᠳᠡᠢ ᠭᠡᠵᠦ ᠰᠠᠨᠠᠭᠤᠯᠪᠠ᠃

(ᠰᠢᠨᠬᠤᠸᠠ ᠬᠤᠷᠢᠶᠠᠨ᠎ᠤ ᠪᠡᠬᠡᠵᠢᠩ᠎ᠤᠨ 1 ᠰᠠᠷ᠎ᠠ ᠵᠢᠨ 8 ᠎ᠤ᠋ ᠴᠠᠬᠢᠯᠭᠠᠨ ᠮᠡᠳᠡᠬᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面