ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2023-01-31 20:14:16

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

1 ᠰᠠᠷ᠎ᠠ ᠶ᠋ᠢᠨ 30᠎ᠤ ᠡᠳᠦᠷ ᠎ᠦᠨ ᠦᠳᠡ ᠶ᠋ᠢᠨ ᠬᠣᠢᠨ᠎ᠠ ᠂ ᠲᠥᠷᠥ᠍ ᠶ᠋ᠢᠨ ᠶᠠᠪᠤᠳᠠᠯ᠎ᠤᠨ ᠬᠣᠷᠢᠶᠠᠨ᠎ᠤ ᠬᠤᠯᠪᠤᠭᠠᠯᠠᠨ ᠰᠡᠷᠭᠡᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠰᠣᠨᠢᠨ ᠮᠡᠳᠡᠭᠡ ᠨᠡᠢᠲᠡᠯᠡᠬᠦ ᠬᠤᠷᠠᠯ ᠬᠢᠵᠦ᠂ ᠴᠠᠭᠠᠨ ᠰᠠᠷ᠎ᠠ ᠶ᠋ᠢᠨ ᠬᠤᠭᠤᠴᠠᠭᠠᠨ᠎ᠳᠠᠬᠢ ᠬᠢᠵᠢᠭ᠌᠎ᠦᠨ ᠪᠠᠢᠳᠠᠯ ᠢ᠋ ᠰᠡᠷᠭᠡᠢᠯᠡᠨ ᠡᠵᠡᠮᠳᠡᠬᠦ ᠬᠣᠯᠪᠣᠭᠳᠠᠯ ᠪᠦᠬᠦᠢ ᠪᠠᠢᠳᠠᠯ ᠢ᠋ ᠮᠡᠳᠡᠭᠳᠡᠪᠡ᠃

ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠦᠨ ᠰᠣᠨᠢᠨ ᠮᠡᠳᠡᠭᠡᠨ᠎ᠦ ᠥᠭᠦᠯᠡᠭᠴᠢ ᠮᠢ ᠹᠧᠩ᠎ᠤᠨ ᠲᠠᠨᠢᠯᠴᠠᠭᠤᠯᠤᠭᠰᠠᠨ᠎ᠢᠶᠠᠷ᠂ ᠴᠠᠭᠠᠨ ᠰᠠᠷ᠎ᠠ ᠵᠢᠨ ᠬᠤᠭᠤᠴᠠᠭᠠᠨ᠎ᠳᠤ᠂ ᠲᠥᠷᠥ᠍᠎ᠶᠢᠨ ᠶᠠᠪᠤᠳᠠᠯ᠎ᠤᠨ ᠬᠣᠷᠢᠶᠠᠨ᠎ᠤ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠡᠵᠡᠮᠳᠡᠬᠦ ᠲᠣᠭᠲᠠᠴᠠ᠎ᠶᠢᠨ ᠬᠣᠯᠪᠣᠭᠳᠠᠯ ᠪᠦᠬᠦᠢ ᠰᠠᠯᠠᠭ᠎ᠠ ᠮᠥᠴᠢᠷ ᠦᠢᠯᠡᠴᠢᠯᠡᠭᠡᠨ᠎ᠦ ᠪᠠᠲᠤᠯᠠᠭ᠎ᠠ᠎ᠶᠢ ᠦᠷᠭᠦᠯᠵᠢᠯᠡᠨ ᠰᠠᠢᠲᠤᠷ ᠬᠢᠵᠦ᠂ ᠥᠷᠭᠡᠨ ᠣᠯᠠᠨ ᠡᠮ ᠡᠮᠨᠡᠯᠭᠡ᠎ᠶᠢᠨ ᠠᠵᠢᠯᠲᠠᠨ ᠪᠠ ᠡᠯ᠎ᠡ ᠠᠵᠢᠯ ᠲᠥᠷᠥᠯ᠎ᠦᠨ ᠠᠵᠢᠯᠲᠠᠨ ᠠᠵᠢᠯ᠎ᠤᠨ ᠪᠠᠢᠷᠢ᠎ᠪᠠᠨ ᠪᠠᠲᠤ ᠰᠠᠬᠢᠵᠤ᠂ ᠰᠡᠷᠭᠡᠢᠯᠡᠨ ᠡᠵᠡᠮᠳᠡᠬᠦ ᠠᠵᠢᠯ ᠲᠣᠭᠲᠠᠭᠤᠨ ᠪᠥᠭᠡᠳ ᠡᠮᠬᠢ ᠵᠢᠷᠤᠮ᠎ᠲᠠᠢ ᠪᠠᠢᠵᠤ᠂ 《ᠬᠥᠬᠡᠭᠴᠢᠨ ᠲᠥᠷᠥᠯ᠎ᠦᠨ ᠬᠥᠬᠡᠭᠴᠢᠨ ᠬᠠᠮᠢᠶᠠᠷᠤᠯᠲᠠ》᠎ᠶᠢᠨ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠣᠯᠪᠠ᠃ ᠣᠳᠣᠬᠠᠨ᠎ᠳᠤ ᠪᠥᠬᠥ ᠤᠯᠤᠰ᠎ᠤᠨ ᠬᠢᠵᠢᠭ᠌ ᠳᠡᠯᠬᠡᠷᠡᠬᠦ ᠪᠠᠢᠳᠠᠯ ᠨᠡᠢᠳᠡᠮ᠎ᠳᠡᠭᠡᠨ ᠳᠤᠤᠷ᠎ᠠ ᠳᠦᠪᠰᠢᠨ᠎ᠳᠦ ᠣᠷᠣᠵᠤ᠂ ᠡᠯ᠎ᠡ ᠭᠠᠵᠠᠷ᠎ᠤᠨ ᠬᠢᠵᠢᠭ᠌᠎ᠦᠨ ᠪᠠᠢᠳᠠᠯ ᠲᠣᠭᠲᠠᠭᠤᠨ᠎ᠢᠶᠠᠷ ᠨᠠᠮᠳᠠᠬᠤ ᠬᠠᠨᠳᠤᠰᠢ᠎ᠲᠠᠢ ᠪᠠᠢᠨ᠎ᠠ᠃

ᠴᠠᠭᠠᠨ ᠰᠠᠷ᠎ᠠ ᠵᠢᠨ ᠠᠮᠠᠷᠠᠯᠳᠠ ᠵᠢᠨ ᠳᠠᠷᠠᠭ᠎ᠠ ᠢᠷᠡᠵᠦ ᠪᠤᠴᠠᠬᠤ ᠬᠥᠮᠥᠨ᠎ᠦ ᠲᠣᠭ᠎ᠠ ᠨᠡᠮᠡᠭᠳᠡᠬᠦ᠎ᠪᠤᠯᠬᠤᠷ ᠵᠠᠮ ᠬᠠᠷᠢᠯᠴᠠᠭᠠᠨ᠎ᠤ ᠪᠠᠭᠠᠵᠢ ᠬᠡᠷᠡᠭᠰᠡᠯ ᠵᠡᠷᠭᠡ ᠬᠥᠮᠥᠨ ᠬᠠᠷ᠎ᠠ ᠬᠤᠷᠠᠨ ᠴᠤᠭᠯᠠᠷᠠᠳᠠᠭ ᠲᠠᠯᠠᠪᠤᠷ᠎ᠤᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠪᠠᠢᠩᠭᠤ᠎ᠶᠢᠨ ᠠᠵᠢᠯ᠎ᠢ ᠰᠠᠢᠲᠤᠷ ᠬᠢᠵᠦ᠂ ᠬᠤᠪᠢ ᠬᠥᠮᠥᠨ᠎ᠦ ᠰᠡᠷᠭᠡᠢᠯᠡᠨ ᠬᠠᠮᠠᠭᠠᠯᠠᠯᠲᠠ᠎ᠶᠢ ᠰᠠᠢᠲᠤᠷ ᠬᠢᠬᠦ᠎ᠶᠢ ᠪᠠᠷᠢᠮᠲᠠᠯᠠᠬᠤ ᠬᠡᠷᠡᠭᠲᠡᠢ᠃

ᠬᠥᠳᠡᠭᠡ ᠲᠣᠰᠬᠣᠨ ᠪᠣᠯ ᠮᠥᠨ ᠯᠡ ᠣᠳᠣᠬᠠᠨ᠎ᠤ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠤᠨ ᠴᠢᠬᠤᠯᠠ᠎ᠠᠴᠠ ᠴᠢᠬᠤᠯᠠ ᠭᠤᠭᠴᠤᠭ᠎ᠠ ᠶᠤᠮ᠃ ᠡᠨᠡ ᠎ᠬᠦ ᠭᠣᠭᠴᠣᠭ᠎ᠠ ᠎ᠵᠢ ᠢᠮᠠᠭᠲᠠ ᠴᠢᠩᠭ᠎ᠠ ᠠᠩᠬᠠᠷᠴᠤ᠂ ᠭᠣᠣᠯᠳᠠᠯᠭ᠎ᠠ ᠲᠠᠢ ᠬᠥᠮᠥᠰ᠎ᠦᠨ ᠡᠷᠡᠭᠦᠯ ᠮᠡᠨᠳᠦ᠎ᠶᠢᠨ ᠬᠢᠨᠠᠨ ᠬᠡᠮᠵᠢᠯᠲᠡ᠎ᠶᠢ ᠰᠠᠢᠲᠤᠷ ᠬᠢᠵᠦ᠂ ᠤᠯᠠᠨ ᠲᠦᠮᠡᠨ᠎ᠦ ᠡᠪᠡᠳᠴᠢᠨ ᠦᠵᠡᠭᠦᠯᠬᠦ ᠡᠮ ᠬᠡᠷᠡᠭᠯᠡᠬᠦ ᠬᠡᠷᠡᠭᠴᠡᠭᠡ᠎ᠶᠢ ᠪᠦᠬᠦ ᠬᠦᠴᠦᠨ ᠵᠢᠡᠷ᠎ᠢᠶᠡᠨ ᠪᠠᠲᠤᠯᠠᠬᠤ ᠬᠡᠷᠡᠭᠲᠡᠢ᠃

ᠬᠢᠯᠢ᠎ᠪᠡᠷ ᠣᠷᠣᠵᠤ ᠭᠠᠷᠬᠤ ᠬᠥᠮᠥᠰ᠎ᠦᠨ ᠨᠡᠮᠡᠭᠳᠡᠬᠦ᠎ᠶᠢ ᠳᠠᠭᠠᠯᠳᠤᠨ ᠂ ᠬᠢᠵᠢᠭ᠌᠎ᠦᠨ ᠪᠠᠢᠳᠠᠯ᠎ᠤᠨ ᠬᠢᠨᠠᠨ ᠬᠡᠮᠵᠢᠯᠲᠡ᠎ᠶᠢ ᠦᠷᠭᠦᠯᠵᠢᠯᠡᠨ ᠥᠷᠨᠢᠭᠦᠯᠵᠦ ᠂ ᠬᠢᠵᠢᠭ᠌᠎ᠦᠨ ᠪᠠᠢᠳᠠᠯ᠎ᠤᠨ ᠳᠡᠯᠭᠡᠷᠡᠬᠦ ᠬᠠᠨᠳᠤᠰᠢ ᠪᠠ ᠸᠢᠷᠦ᠋ᠰ᠎ᠦᠨ ᠬᠤᠪᠢᠷᠠᠯᠲᠠ ᠵᠡᠷᠭᠡ ᠪᠠᠢᠳᠠᠯ᠎ᠢ ᠬᠥᠳᠡᠯᠦᠩᠭᠦᠢ᠎ᠪᠡᠷ ᠡᠵᠡᠮᠰᠢᠬᠦ ᠬᠡᠷᠡᠭᠲᠡᠢ᠃

ᠢᠷᠡᠯᠳᠡ᠄ ᠲᠦᠪ ᠲᠸᠯᠸᠢᠰ᠎ᠤᠨ ᠰᠤᠨᠢᠨ ᠮᠡᠳᠡᠭᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面