ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2023-02-01 17:32:13

ᠵᠣᠬᠢᠶᠠᠭ᠍ᠴᠢ᠄ ​ ᠡᠷᠳᠡᠨᠢᠬᠤᠸᠠᠷ ᠣᠩᠱᠢᠭ᠍ᠰᠠᠨ ᠣᠳᠠᠭ᠎ᠠ᠄ 3

ᠲᠦᠪ ᠤ᠋ᠨ ᠪᠠ ᠥᠪᠡᠷᠲᠡᠭᠡᠨ ᠵᠠᠰᠠᠬᠤ ᠣᠷᠣᠨ ᠤ᠋ ᠱᠠᠭᠠᠷᠳᠠᠯᠭ᠎ᠠ ᠳᠤᠬᠢᠷᠠᠭᠤᠯᠤᠯᠳᠠ ᠶᠤᠰᠤᠭᠠᠷ ᠂ ᠥᠪᠡᠷᠲᠡᠭᠡᠨ ᠵᠠᠰᠠᠬᠤ ᠣᠷᠣᠨ ᠤ᠋ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠳᠠ ᠶ᠋ᠢᠨ ᠲᠢᠩᠬᠢᠮ ᠡᠮᠴᠢᠯᠡᠭᠡᠨ ᠤ᠋ ᠪᠣᠳᠠᠰ ᠢ᠋ ᠪᠠᠳᠤᠯᠠᠬᠤ ᠠᠵᠢᠯ ᠤ᠋ᠨ ᠲᠤᠰᠭᠠᠶ ᠪᠠᠭ ᠪᠠᠢᠭᠤᠯᠵᠤ ᠂ 2022 ᠤᠨ ᠤ᠋ 12 ᠰᠠᠷ᠎ᠠ ᠡᠴᠡ ᠨᠠᠭᠠᠰᠢ ᠠᠷᠭ᠎ᠠ ᠪᠦᠬᠦᠨ ᠢ᠋ ᠰᠦᠪᠡᠭ᠌ᠴᠢᠯᠡᠨ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠭᠤᠤᠯᠳᠠᠯᠭ᠎ᠠ ᠲᠠᠢ ᠡᠮᠴᠢᠯᠡᠭᠡᠨ ᠤ᠋ ᠪᠤᠳᠠᠰ ᠢ᠋ ᠪᠠᠳᠤᠯᠠᠬᠤ ᠠᠵᠢᠯ ᠢ᠋ ᠪᠦᠬᠦ ᠬᠦᠴᠦᠨ ᠶ᠋ᠢᠡᠷ ᠰᠠᠢᠳᠦᠷ ᠬᠢᠪᠡ ᠃

ᠪᠦᠬᠦ ᠤᠷᠤᠨ ᠤ᠋ ᠬᠢᠵᠢᠭ ᠤ᠋ᠨ ᠪᠠᠢᠳᠠᠯ ᠢ᠋ ᠰᠡᠷᠭᠡᠢᠯᠡᠬᠦ ᠡᠮᠴᠢᠯᠡᠭᠡᠨ ᠤ᠋ ᠪᠤᠳᠠᠰ ᠢ᠋ ᠪᠠᠳᠤᠯᠠᠬᠤ ᠠᠵᠢᠯ ᠢ᠋ ᠰᠠᠢᠳᠦᠷ ᠬᠢᠬᠦ ᠶ᠋ᠢᠨ ᠲᠦᠯᠦᠭᠡ ᠂ ᠦᠪᠡᠷᠳᠡᠭᠡᠨ ᠵᠠᠰᠠᠬᠤ ᠤᠷᠤᠨ ᠤ᠋ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠳᠠ ᠶ᠋ᠢᠨ ᠲᠢᠩᠬᠢᠮ ᠭᠣᠣᠯᠳᠠᠯᠭ᠎ᠠ ᠲᠠᠶ ᠡᠮ ᠤ᠋ᠨ ᠵᠦᠢᠯ ᠤ᠋ᠨ ᠠᠵᠤ ᠠᠬᠤᠢᠯᠠᠯ ᠤ᠋ᠨ ᠦᠢᠯᠡᠳᠪᠦᠷᠢᠯᠡᠯ ᠢ᠋ ᠵᠤᠬᠢᠴᠠᠭᠤᠯᠬᠤ ᠲᠣᠭ᠍ᠲᠠᠴᠠ ᠪᠠᠢᠭᠤᠯᠵᠤ ᠂ ᠡᠳᠦᠷ ᠪᠦᠷᠢ 13 ᠠᠵᠤ ᠠᠬᠤᠢᠯᠠᠯ 13 ᠵᠦᠢᠯ ᠤ᠋ᠨ ᠡᠮ ᠤ᠋ᠨ ᠦᠢᠯᠡᠳᠪᠦᠷᠢᠯᠡᠯ ᠪᠠ ᠬᠠᠩᠭᠠᠯᠭ᠎ᠠ ᠶ᠋ᠢ ᠵᠤᠬᠢᠴᠠᠭᠤᠯᠬᠤ ᠡᠷᠴᠢᠮ ᠶ᠋ᠢᠡᠷ ᠬᠠᠯᠠᠭᠤᠨ ᠢ᠋ ᠪᠠᠭᠤᠷᠠᠭᠤᠯᠤᠨ ᠡᠪᠡᠳᠬᠦ᠌᠎ᠶ᠋ᠢ ᠵᠣᠭ᠍ᠰᠣᠭᠠᠬᠤ ᠂ ᠬᠠᠨᠢᠶᠠᠳᠤ ᠶ᠋ᠢ ᠵᠣᠭ᠍ᠰᠣᠭᠠᠬᠤ ᠂ ᠸᠢᠷᠦ᠋ᠰ ᠤ᠋ᠨ ᠬᠤᠤᠷ ᠢ᠋ ᠠᠷᠢᠯᠭᠠᠬᠤ ᠵᠡᠷᠭᠡ ᠲᠥᠷᠥᠯ ᠤ᠋ᠨ ᠡᠮ ᠤ᠋ᠨ ᠦᠢᠯᠡᠳᠪᠦᠷᠢᠯᠡᠯ ᠢ᠋ ᠪᠦᠬᠦ᠌ ᠬᠦᠴᠦᠨ ᠶ᠋ᠢᠡᠷ ᠪᠠᠳᠤᠯᠠᠵᠤ ᠂ ᠤᠷᠤᠨ ᠤ᠋ ᠲᠤᠳᠤᠷᠠᠬᠢ ᠬᠡᠷᠡᠭᠴᠡᠭᠡ ᠶ᠋ᠢ ᠪᠠᠳᠤᠯᠠᠬᠤ ᠪᠡᠷ ᠪᠦᠬᠦ ᠬᠦᠴᠦᠨ ᠶ᠋ᠢᠡᠷ ᠴᠢᠷᠮᠠᠢᠪᠠ ᠃ ᠡᠭᠦᠨ ᠤ᠋ ᠵᠡᠷᠭᠡ ᠪᠡᠷ ᠦᠪᠡᠷᠳᠡᠭᠡᠨ ᠵᠠᠰᠠᠬᠤ ᠤᠷᠤᠨ ᠬᠢᠭᠡᠳ ᠤᠯᠤᠰ ᠤ᠋ᠨ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠢᠳᠡᠪᠬᠢᠳᠠᠢ ᠬᠠᠷᠢᠯᠴᠠᠵᠤ ᠪᠠᠢᠭᠠᠳ ᠮᠠᠨ ᠤ᠋ ᠣᠷᠣᠨ ᠤ᠋ ᠦᠢᠯᠡᠳᠪᠦᠷᠢᠯᠡᠵᠤ ᠳᠡᠢᠯᠬᠦ ᠦᠭᠡᠶ ᠬᠣᠪᠣᠷ ᠴᠤᠬᠠᠭ ᠡᠮ ᠡᠮᠴᠢᠯᠡᠭᠡᠨ ᠤ᠋ ᠪᠤᠳᠠᠰ ᠢ᠋ ᠬᠤᠳᠠᠯᠳᠤᠨ ᠠᠪᠴᠢᠷᠠᠵᠤ ᠂ 《ᠤᠷᠢᠳ ᠶ᠋ᠢᠡᠷ ᠡᠮᠴᠢᠯᠡᠭᠡᠨ ᠤ᠋ ᠪᠠᠢᠭᠤᠯᠤᠮᠵᠢ ᠳ᠋ᠤ ᠳᠠᠷᠠᠭ᠎ᠠ ᠨᠢ ᠭᠦᠶ᠋ᠯᠭᠡᠭᠡᠨ ᠤ᠋ ᠵᠠᠬ᠎ᠠ ᠳᠡᠯᠭᠡᠭᠦᠷ ᠲᠦ᠍ ᠂ ᠤᠷᠢᠳ ᠶ᠋ᠢᠡᠷ ᠪᠠᠴᠢᠮ ᠱᠠᠭᠠᠷᠳᠠᠭᠳᠠᠬᠤ ᠤᠷᠤᠨ ᠳ᠋ᠤ ᠳᠠᠷᠠᠭ᠎ᠠ ᠨᠢ ᠡᠩ ᠤ᠋ᠨ ᠤᠷᠤᠨ ᠳ᠋ᠤ》 ᠬᠠᠩᠭᠠᠬᠤ ᠵᠠᠷᠴᠢᠮ ᠶ᠋ᠢᠡᠷ 《ᠠᠰ ᠠᠰ ᠶ᠋ᠢᠡᠷ ᠨᠢ ᠵᠥᠪᠯᠡᠬᠦ᠌》 ᠳᠦᠷᠢᠮ ᠶ᠋ᠢᠡᠷ ᠡᠮ ᠡᠮᠴᠢᠯᠡᠭᠡᠨ ᠤ᠋ ᠪᠣᠳᠠᠰ ᠢ᠋ ᠵᠣᠬᠢᠰᠲᠠᠶ ᠲᠣᠬᠢᠷᠠᠭᠤᠯᠤᠨ ᠬᠤᠪᠢᠶᠠᠷᠢᠯᠠᠵᠠᠢ ᠃

ᠦᠪᠡᠷᠳᠡᠭᠡᠨ ᠵᠠᠰᠠᠬᠤ ᠤᠷᠤᠨ ᠤ᠋ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠳᠠ ᠶ᠋ᠢᠨ ᠲᠢᠩᠬᠢᠮ᠎ᠪᠠᠰᠠ ᠦᠪᠡᠷᠳᠡᠭᠡᠨ ᠵᠠᠰᠠᠬᠤ ᠤᠷᠤᠨ ᠤ᠋ ᠬᠤᠳᠠᠯᠳᠤᠭᠠᠨ ᠤ᠋ ᠶᠠᠪᠤᠳᠠᠯ ᠤ᠋ᠨ ᠲᠢᠩᠬᠢᠮ ᠲᠡᠶ ᠬᠠᠮᠲᠤᠷᠠᠨ 《ᠵᠢᠩ ᠳ᠋ᠦᠩ ᠡᠷᠡᠭᠦᠯ ᠮᠡᠨᠳᠦ》 ᠳᠠᠪᠴᠠᠩ ᠳ᠋ᠤ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠭᠤᠤᠯᠳᠠᠯᠭ᠎ᠠ ᠲᠠᠶ ᠡᠮ ᠤ᠋ᠨ ᠵᠦᠶ᠋ᠯᠡᠰ ᠢ᠋ ᠪᠥᠬᠥ᠌ ᠣᠷᠣᠨ ᠪᠦᠰᠡ ᠪᠡᠷ ᠤᠨᠤᠴᠠᠳᠠᠢ ᠲᠠᠷᠬᠠᠭᠠᠬᠤ ᠲᠠᠪᠴᠠᠩ》 ᠢ᠋ ᠪᠠᠢᠭᠤᠯᠵᠤ ᠂ ᠡᠪᠡᠳᠴᠢᠲᠡᠨ ᠤ᠋ ᠮᠡᠳᠡᠭᠡ ᠵᠠᠩᠭᠢ ᠶ᠋ᠢ ᠲᠤᠳᠤᠯᠠᠬᠤ ᠪᠠ ᠦᠨᠡᠨ ᠨᠡᠷ᠎ᠡ ᠪᠡᠷ ᠳᠠᠩᠰᠠᠯᠠᠭᠤᠯᠬᠤ ᠪᠡᠷ ᠳᠠᠮᠵᠢᠨ ᠡᠮ ᠤ᠋ᠨ ᠵᠦᠢᠯᠡᠰ ᠪᠠ N95 ᠠᠮᠠᠪᠴᠢ ᠵᠡᠷᠭᠡ ᠶ᠋ᠢ ᠤᠨᠤᠴᠠᠳᠠᠢ ᠪᠡᠷ ᠲᠠᠷᠬᠠᠭᠠᠵᠤ ᠂ ᠬᠡᠷᠡᠭᠴᠡᠭᠡ ᠦᠭᠡᠢ ᠪᠡᠷ ᠬᠡᠳᠦ ᠨᠦᠭᠡᠴᠡᠯᠡᠬᠦ ᠪᠠ ᠪᠦᠷᠢᠯᠭᠡᠬᠦ᠌ ᠪᠠᠢᠳᠠᠯ ᠢ᠋ ᠴᠦᠬᠡᠳᠭᠡᠪᠡ ᠃ ᠰᠠᠷ᠎ᠠ ᠱᠢᠬᠠᠮ ᠤ᠋ᠨ ᠬᠠᠮᠲᠤ ᠶ᠋ᠢᠨ ᠴᠢᠷᠮᠠᠢᠯᠭ᠎ᠠ ᠪᠠᠷ ᠳᠠᠮᠵᠢᠭᠠᠳ ᠤᠳᠤ ᠪᠦᠬᠦ ᠤᠷᠤᠨ ᠤ᠋ ᠬᠢᠵᠢᠭ ᠤ᠋ᠨ ᠪᠠᠢᠳᠠᠯ ᠢ᠋ ᠰᠡᠷᠭᠡᠢᠯᠡᠬᠦ ᠡᠮᠴᠢᠯᠡᠭᠡᠨ ᠤ᠋ ᠪᠣᠳᠠᠰ ᠤ᠋ᠨ ᠵᠠᠬ᠎ᠠ ᠳᠡᠯᠭᠡᠭᠦᠷ ᠤ᠋ᠨ ᠬᠠᠩᠭᠠᠯᠭ᠎ᠠ ᠬᠡᠷᠡᠭ᠌ᠴᠡᠭᠡ ᠨᠢᠬᠡᠨᠳᠡ ᠲᠣᠭ᠍ᠲᠠᠪᠤᠷᠢᠵᠢᠬᠤ ᠬᠠᠨᠳᠤᠰᠢ ᠲᠠᠶ ᠪᠤᠯᠵᠠᠢ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面