ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2023-02-02 19:13:13

ᠵᠣᠬᠢᠶᠠᠭ᠍ᠴᠢ᠄ ​ᠯᠢᠦ ᠴᠢᠦᠶ ᠣᠩᠱᠢᠭ᠍ᠰᠠᠨ ᠣᠳᠠᠭ᠎ᠠ᠄ 3

ᠳᠡᠯᠡᠬᠡᠶ᠎ᠶ᠋ᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ 30 ᠎ᠤ᠋ ᠡᠳᠦᠷ ᠢᠯᠡᠷᠬᠡᠢᠯᠡᠯᠲᠡ ᠨᠡᠢᠲᠡᠯᠡᠵᠦ᠍᠂ ᠬᠡᠳᠦᠢᠪᠡᠷ ᠱᠢᠨ᠎ᠡ ᠲᠢᠲᠢᠮᠯᠢᠭ ᠠᠭᠤᠰᠭᠢᠨ ᠦᠷᠪᠢᠰᠦᠯ ᠶᠡᠬᠡ᠎ᠪᠡᠷ ᠳᠡᠯᠭᠡᠷᠡᠬᠦ᠌᠎ᠨᠢ ᠡᠷᠭᠢᠯᠲᠡ᠎ᠶ᠋ᠢᠨ ᠴᠡᠭ᠎ᠲᠦ ᠣᠢᠷᠠᠳᠴᠤ ᠪᠠᠢᠵᠤ ᠮᠠᠭᠠᠳ ᠪᠣᠯᠪᠠᠴᠤ᠌ ᠣᠳᠣᠬᠠᠨ᠎ᠳᠤ ᠮᠥᠨ ᠯᠡ 《ᠣᠯᠠᠨ ᠤᠯᠤᠰ᠎ᠤᠨ ᠠᠩᠬᠠᠷᠴᠤ ᠪᠠᠢᠭ᠎ᠠ ᠭᠡᠨᠡᠳᠲᠡ ᠡᠭᠦᠰᠦᠭ᠌ᠰᠡᠨ ᠤᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠬᠡᠷᠡᠭ》 ᠪᠤᠯᠤᠨ᠎ᠠ ᠭᠡᠪᠡ᠃

ᠳᠡᠯᠡᠬᠡᠶ᠎ᠶ᠋ᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ᠎ᠶ᠋ᠢᠨ ᠪᠠᠴᠢᠮ ᠪᠠᠢᠳᠠᠯ᠎ᠤᠨ ᠺᠤᠮᠢᠰ 27 ᠎ᠤ᠋ ᠡᠳᠦᠷ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠤᠨ ᠵᠤᠷᠱᠢᠯᠲᠤ ᠤᠯᠠᠷᠢᠯ᠎ᠤᠨ ᠦᠨᠡᠯᠡᠨ ᠵᠢᠱ᠌ᠢᠬᠦ᠌ ᠬᠤᠷᠠᠯ᠎ᠢ ᠬᠤᠷᠠᠯᠳᠤᠭᠤᠯᠪᠠ᠃ ᠳᠡᠯᠡᠬᠡᠢ᠎ᠶ᠋ᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ ᠢᠯᠡᠷᠬᠡᠢᠯᠡᠯᠲᠡ᠎ᠳᠡᠭᠡᠨ᠂ ᠺᠤᠮᠢᠰ᠎ᠡᠴᠡ ᠶᠡᠷᠦᠩᠬᠡᠢ ᠠᠵᠢᠯᠯᠠᠭ᠍ᠴᠢ᠎ᠳᠤ ᠣᠳᠣᠬᠠᠨ᠎ᠤ ᠬᠢᠵᠢᠭ᠎ᠦᠨ ᠪᠠᠢᠳᠠᠯ ᠵᠢᠴᠢ ᠢᠷᠡᠭᠡᠳᠦᠢ᠎ᠶ᠋ᠢᠨ ᠰᠡᠷᠭᠡᠢᠯᠡᠨ ᠡᠵᠡᠮᠳᠡᠬᠦ᠌ ᠲᠤᠬᠠᠢ ᠠᠯᠢ ᠤᠯᠠᠨ ᠰᠠᠨᠠᠭᠤᠯᠭ᠎ᠠ ᠳᠤᠷᠠᠳᠴᠠᠢ᠂ ᠶᠡᠷᠦᠩᠬᠡᠢ ᠠᠵᠢᠯᠯᠠᠭ᠍ᠴᠢ ᠰᠠᠨᠠᠭᠤᠯᠭ᠎ᠠ᠎ᠶ᠋ᠢ ᠬᠦᠯᠢᠶᠠᠨ ᠠᠪᠤᠭ᠍ᠰᠠᠨ ᠪᠥᠭᠡᠳ ᠲᠤᠰ ᠡᠳᠦᠷ᠎ᠲᠡᠬᠡᠨ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ ᠮᠥᠨ ᠯᠡ 《ᠤᠯᠠᠨ ᠤᠯᠤᠰ᠎ᠤᠨ ᠠᠩᠬᠠᠷᠴᠤ ᠪᠠᠢᠭ᠎ᠠ ᠭᠡᠨᠡᠳᠲᠡ ᠡᠭᠦᠰᠦᠭ᠌ᠰᠡᠨ ᠤᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠬᠡᠷᠡᠭ》 ᠪᠤᠯᠤᠨ᠎ᠠ ᠭᠡᠵᠦ᠍ ᠨᠡᠢᠲᠡᠯᠡᠵᠡᠢ ᠭᠡᠪᠡ᠃ ᠡᠨᠡ ᠪᠣᠯ ᠳᠡᠯᠡᠬᠡᠶ᠎ᠶ᠋ᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ᠎ᠡᠴᠡ《ᠣᠯᠠᠨ ᠤᠯᠤᠰ᠎ᠤᠨ ᠡᠷᠡᠭᠦᠯ ᠬᠠᠮᠠᠭᠠᠯᠠᠯ᠎ᠤᠨ ᠲᠦᠷᠢᠮ》 ᠢ᠋ ᠦᠨᠳᠦᠰᠦᠯᠡᠨ ᠨᠡᠢᠲᠡᠯᠡᠵᠦ᠍ ᠪᠣᠯᠬᠤ ᠬᠠᠮᠤᠭ᠎ᠤᠨ ᠳᠡᠭᠡᠳᠦ ᠲᠠᠰ᠎ᠤᠨ ᠰᠡᠷᠡᠮᠵᠢᠯᠡᠭᠦᠯᠦᠯ ᠪᠣᠯᠤᠨ᠎ᠠ᠃

ᠺᠣᠮᠢᠰ᠎ᠤᠨ ᠪᠦᠷᠢᠯᠳᠦᠬᠦᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠡᠴᠡ ᠪᠣᠯᠤᠭ᠍ᠰᠠᠨ ᠦᠷᠭᠦᠯᠵᠢᠯᠡᠭ᠌ᠰᠡᠨ ᠠᠶᠤᠯ ᠲᠦᠭ᠌ᠰᠢᠭᠦᠷᠢ᠎ᠶ᠋ᠢ ᠠᠩᠬᠠᠷᠴᠤ᠌ ᠪᠠᠢᠬᠤ᠎ᠪᠠᠨ ᠢᠯᠡᠳᠭᠡᠪᠡ᠂ ᠤᠴᠢᠷ ᠨᠢ ᠪᠤᠰᠤᠳ ᠠᠮᠢᠰᠭᠤᠯ᠎ᠤᠨ ᠵᠠᠮ᠎ᠤᠨ ᠬᠠᠯᠳᠠᠪᠤᠷᠢᠲᠤ ᠡᠪᠡᠳᠴᠢᠨ᠎ᠲᠡᠶ ᠬᠠᠷᠢᠴᠠᠭᠤᠯᠪᠠᠯ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠡᠴᠡ ᠪᠣᠯᠤᠭ᠍ᠰᠠᠨ ᠦᠬᠦᠭ᠌ᠰᠡᠳ᠎ᠦᠨ ᠲᠣᠭ᠎ᠠ ᠮᠥᠨ ᠬᠦ᠌ ᠮᠠᠰᠢ ᠥᠨᠳᠥᠷ ᠪᠠᠢᠵᠤ᠂ ᠲᠡᠷᠡᠴᠢᠯᠡᠨ ᠳᠤᠮᠳᠠ ᠳᠣᠣᠷ᠎ᠠ ᠣᠷᠣᠯᠭ᠎ᠠ᠎ᠲᠠᠶ ᠤᠯᠤᠰ ᠵᠢᠴᠢ ᠪᠦᠬᠦ᠌ ᠪᠥᠮᠪᠥᠷᠴᠡᠭ᠎ᠦᠨ ᠦᠨᠳᠦᠷ ᠲᠦᠭ᠌ᠰᠢᠭᠦᠷᠢᠲᠡᠢ ᠬᠥᠮᠦᠰ᠎ᠦᠨ ᠸᠠᠺᠼᠢᠨ᠎ᠤ ᠪᠦᠷᠬᠦᠴᠡ᠎ᠶ᠋ᠢᠨ ᠨᠤᠷᠮ᠎ᠠ ᠮᠥᠨ ᠬᠦ᠌ ᠮᠡᠳᠡᠭ᠌ᠳᠡᠮ᠎ᠡ ᠬᠦᠷᠦᠯᠴᠡᠬᠦ᠌ ᠦᠭᠡᠢ ᠪᠠᠢᠵᠤ᠂ ᠱᠢᠨ᠎ᠡ ᠤᠨᠳᠤᠤᠰᠢᠭᠰᠠᠨ ᠸᠢᠷᠦ᠋ᠰ ᠡᠭᠦᠰᠭᠦ ᠡᠰᠡᠬᠦ᠌ ᠲᠠᠯ᠎ᠠ᠎ᠪᠠᠷ ᠮᠥᠨ ᠬᠦ᠌ ᠲᠣᠭ᠍ᠲᠠᠪᠤᠷᠢ ᠦᠭᠡᠢ ᠪᠠᠢᠳᠠᠯ ᠪᠠᠢᠭ᠍ᠰᠠᠭᠠᠷ ᠪᠠᠢᠨ᠎ᠠ᠃

ᠺᠣᠮᠢᠰ᠎ᠠᠴᠠ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ ᠶᠠᠭ ᠡᠷᠭᠢᠯᠲᠡ᠎ᠶ᠋ᠢᠨ ᠴᠡᠭ᠎ᠲᠦ ᠣᠢᠷᠠᠳᠴᠤ ᠪᠠᠢᠵᠤ ᠮᠡᠳᠡᠨ᠎ᠡ᠂ ᠭᠡᠪᠡᠴᠦ᠍ ᠱᠢᠨ᠎ᠡ ᠲᠢᠲᠢᠮᠯᠢᠭ ᠠᠭᠤᠰᠭᠢᠨ ᠦᠷᠪᠢᠰᠦᠯ ᠪᠣᠯ ᠮᠥᠨ ᠯᠡ ᠨᠢᠭᠡ ᠵᠦᠶ᠋ᠯ᠎ᠦᠨ ᠠᠶᠤᠯᠲᠠᠶ ᠬᠠᠯᠳᠠᠪᠤᠷᠢᠲᠤ ᠡᠪᠡᠳᠴᠢᠨ ᠪᠠᠢᠵᠤ᠂ ᠬᠥᠮᠦᠨ ᠲᠥᠷᠥᠯᠬᠢᠲᠡᠨ᠎ᠦ ᠡᠷᠡᠭᠦᠯ ᠮᠡᠨᠳᠦ ᠪᠠ ᠡᠯ᠎ᠡ ᠤᠯᠤᠰ᠎ᠤᠨ ᠡᠷᠡᠭᠦᠯ ᠬᠠᠮᠠᠭᠠᠯᠠᠯ᠎ᠤᠨ ᠱᠢᠰᠲ᠋ᠧᠮ᠎ᠳᠦ ᠬᠦᠨᠳᠦ ᠶᠡᠬᠡ ᠬᠣᠬᠢᠷᠠᠯ ᠤᠴᠠᠷᠠᠭᠤᠯᠤᠨ᠎ᠠ᠃ ᠬᠡᠳᠦᠢᠪᠡᠷ ᠱᠢᠨ᠎ᠡ ᠲᠢᠲᠢᠮᠯᠢᠭ ᠠᠭᠤᠰᠭᠢᠨ ᠦᠷᠪᠢᠰᠦᠯ ᠪᠤᠶᠤ ᠸᠠᠺᠼᠢᠨ᠎ᠤ ᠲᠠᠷᠢᠯᠭ᠎ᠠ ᠬᠢᠬᠦ᠌᠎ᠨᠢ ᠪᠥᠬᠥ᠌ ᠳᠡᠯᠡᠬᠡᠶ᠎ᠶ᠋ᠢᠨ ᠬᠡᠪᠴᠢᠶᠡᠨ᠎ᠳᠦ ᠨᠠᠩ ᠥᠨᠳᠥᠷ ᠬᠠᠮᠲᠤ ᠵᠢᠨ ᠡᠭᠡᠯᠢᠯᠡᠭᠡ᠎ᠶ᠋ᠢᠨ ᠲᠦᠪᠱᠢᠨ᠎ᠢ ᠪᠡᠶᠡᠯᠡᠭᠦᠯᠬᠦ᠌᠎ᠶ᠋ᠢᠨ ᠬᠠᠮᠲᠤ ᠡᠪᠡᠳᠴᠢᠨ ᠡᠭᠦᠰᠭᠦ ᠨᠣᠷᠮ᠎ᠠ ᠪᠠ ᠥᠭᠦᠬᠦ᠌ ᠨᠣᠷᠮ᠎ᠠ᠎ᠶ᠋ᠢᠨ ᠨᠦᠯᠦᠭᠡ ᠶ᠋ᠢ ᠬᠢᠵᠠᠭᠠᠷᠯᠠᠬᠤ᠎ᠳᠤ ᠠᠱᠢᠭ᠍ᠲᠠᠶ ᠪᠠᠢᠵᠤ ᠮᠡᠳᠡᠬᠦ᠌ ᠪᠣᠯᠪᠠᠴᠤ᠌ ᠤᠷᠢᠳᠴᠢᠯᠠᠨ ᠮᠡᠳᠡᠵᠦ᠍ ᠪᠣᠯᠬᠤ ᠢᠷᠡᠭᠡᠳᠦᠶ᠎ᠳᠦ᠂ ᠱᠢᠨ᠎ᠡ ᠲᠢᠲᠢᠮᠯᠢᠭ ᠸᠢᠷᠦ᠋ᠰ᠎ᠨᠢ ᠮᠥᠨ ᠯᠡ ᠬᠥᠮᠦᠨ ᠲᠥᠷᠥᠯᠬᠢᠲᠡᠨ ᠪᠠ ᠠᠮᠢᠲᠠᠨ᠎ᠤ ᠳᠤᠮᠳᠠ ᠣᠷᠳᠣ ᠬᠤᠭᠤᠴᠠᠭ᠎ᠠ᠎ᠪᠠᠷ ᠣᠷᠣᠱᠢᠬᠤ ᠨᠢᠭᠡ ᠵᠦᠶ᠋ᠯ᠎ᠦᠨ ᠡᠪᠡᠳᠴᠢᠨ ᠡᠭᠦᠰᠭᠡᠭ᠌ᠴᠢ ᠪᠣᠯᠬᠤ ᠶᠤᠮ ᠭᠡᠵᠦ᠍ ᠢᠯᠡᠳᠭᠡᠪᠡ᠃

ᠺᠣᠮᠢᠰ ᠡᠴᠡ ᠣᠷᠳᠣ ᠬᠤᠭᠤᠴᠠᠭᠠᠨ᠎ᠤ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠠᠵᠢᠯᠯᠠᠭ᠎ᠠ ᠠᠪᠴᠤ᠌᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠡᠪᠡᠳᠴᠢᠨ ᠡᠭᠦᠰᠭᠦ ᠨᠣᠷᠮ᠎ᠠ ᠪᠠ ᠥᠭᠦᠬᠦ᠌ ᠨᠣᠷᠮ᠎ᠠ᠎ᠶ᠋ᠢ ᠤᠷᠢᠳ᠎ᠢᠶᠠᠷ ᠪᠠᠭᠤᠷᠠᠭᠤᠯᠬᠤ ᠬᠡᠷᠡᠭ᠌ᠲᠡᠶ ᠭᠡᠵᠦ᠍ ᠤᠷᠢᠶᠠᠯᠠᠪᠠ᠃

(ᠱᠢᠨᠬᠤᠸᠠ ᠬᠣᠷᠢᠶᠠᠨ᠎ᠤ ᠵᠧᠨᠧᠸᠠ᠎ᠶ᠋ᠢᠨ 1 ᠰᠠᠷ᠎ᠠ᠎ᠶ᠋ᠢᠨ 30 ᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面