ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠥᠪᠥᠷ ᠮᠣᠩᠭᠣᠯ·ᠬᠠᠢᠷ᠎ᠠ ᠬᠠᠯᠠᠮᠵᠢ

2022-02-20 20:05:58

ᠵᠣᠬᠢᠶᠠᠭ᠍ᠴᠢ᠄ ᠬᠤᠸᠠᠩ ᠹᠦ ᠱᠢᠤ ᠯᠢᠩ ᠣᠩᠱᠢᠭ᠍ᠰᠠᠨ ᠣᠳᠠᠭ᠎ᠠ᠄ 3

2 ᠰᠠᠷ᠎ᠠ᠎ᠶ᠋ᠢᠨ 19 ᠎ᠤ᠋ ᠡᠳᠦᠷ᠎ᠦᠨ 5 ᠴᠠᠭ 21 ᠮᠢᠨᠦ᠋ᠲ᠎ᠲᠦ᠂ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠲᠤᠰᠠᠯᠠᠬᠤ ᠱᠢᠯᠢ᠎ᠶ᠋ᠢᠨ ᠭᠣᠣᠯ ᠠᠢᠮᠠᠭ᠎ᠤᠨ ᠡᠮᠴᠢᠯᠡᠭᠡᠨ᠎ᠦ ᠠᠩᠬᠢ᠎ᠶ᠋ᠢᠨ ᠤᠷᠤᠭ᠍ᠰᠢᠲᠠᠢ ᠪᠡᠷ ᠬᠦᠷᠴᠦ᠍ ᠢᠷᠡᠬᠦ᠌᠎ᠶ᠋ᠢ ᠳᠠᠭᠠᠯᠳᠤᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠠᠢᠮᠠᠭ ᠬᠤᠳᠠ᠎ᠡᠴᠡ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠲᠤᠰᠠᠯᠠᠬᠤ 6 ᠡᠮᠴᠢᠯᠡᠭᠡᠨ᠎ᠦ ᠠᠩᠬᠢ ᠪᠦᠬᠦᠨ᠎ᠢᠶᠡᠷ᠎ᠢᠶᠡᠨ ᠬᠥᠬᠡᠬᠣᠲᠠ᠎ᠳᠤ ᠬᠦᠷᠴᠤ ᠢᠷᠡᠪᠠ᠃

ᠣᠢᠯᠠᠭᠠᠭ᠍ᠰᠠᠨ᠎ᠢᠶᠠᠷ᠂ ᠲᠣᠰ ᠤᠳᠠᠭ᠎ᠠ ᠵᠢᠨ ᠬᠦᠭᠡᠬᠤᠳᠠ ᠵᠢᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠢ ᠲᠤᠰᠠᠯᠠᠬᠤ 6 ᠡᠮᠴᠢᠯᠡᠭᠡᠨ᠎ᠦ ᠠᠩᠭᠢ᠎ᠨᠢ ᠴᠥᠮ ᠡᠯ᠎ᠡ ᠠᠢᠮᠠᠭ ᠬᠣᠲᠠ᠎ᠶ᠋ᠢᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠡᠴᠡ ᠲᠤᠮᠢᠯᠡᠨ ᠢᠷᠡᠭᠦᠯᠦᠭᠰᠡᠨ ᠲᠤᠬᠠᠶ᠎ᠶ᠋ᠢᠨ ᠭᠠᠵᠠᠷ᠎ᠤᠨ ᠡᠯ᠎ᠡ ᠡᠮᠴᠢᠯᠡᠭᠡᠨ᠎ᠦ ᠪᠠᠢᠭᠤᠯᠤᠮᠵᠢ᠎ᠶ᠋ᠢᠨ PCR ᠲᠤᠷᠱᠢᠯᠲᠠ᠎ᠶ᠋ᠢᠨ ᠲᠠᠰᠤᠭ᠎ᠤᠨ ᠠᠵᠢᠯᠲᠠᠨ ᠪᠠᠢᠵᠤ᠂ ᠎ᠨᠠᠢᠳᠠ 90 ᠬᠦᠮᠦᠨ ᠪᠤᠢ᠃ ᠡᠭᠦᠨ᠎ᠳᠦ᠂ ᠲᠦᠩᠯᠢᠶᠣᠤ ᠬᠣᠲᠠ 20 ᠬᠥᠮᠦᠨ᠂ ᠬᠢᠩᠭᠠᠨ ᠠᠢᠮᠠᠭ 20 ᠬᠥᠮᠦᠨ᠂ ᠦᠬᠠᠶ ᠬᠣᠲᠠ 10 ᠬᠥᠮᠦᠨ᠂ ᠤᠯᠠᠭᠠᠨᠬᠠᠳᠠ ᠬᠣᠲᠠ 20 ᠬᠥᠮᠦᠨ᠂ ᠪᠠᠶᠠᠨᠨᠠᠭᠤᠷ ᠬᠣᠲᠠ 10 ᠬᠥᠮᠦᠨ᠂ ᠱᠢᠯᠢ᠎ᠶ᠋ᠢᠨ ᠭᠤᠤᠯ ᠠᠢᠮᠠᠭ 10 ᠬᠥᠮᠦᠨ ᠪᠠᠢᠵᠤ᠂ ᠲᠤᠰ ᠲᠤᠰ 2 ᠰᠠᠷ᠎ᠠ᠎ᠶ᠋ᠢᠨ 18 ᠎ᠤ᠋ ᠣᠷᠣᠶ ᠪᠠ 19 ᠤ᠋ ᠦᠳᠡ᠂ ᠣᠷᠣᠶ ᠵᠠᠯᠭᠠᠭ᠎ᠠ᠎ᠪᠠᠷ ᠬᠥᠬᠡᠬᠣᠲᠠ᠎ᠳᠤ ᠬᠦᠷᠴᠤ ᠢᠷᠠᠪᠠ᠃

ᠲᠤᠬᠠᠶ᠎ᠶ᠋ᠢᠨ ᠲᠠᠯᠠᠪᠠᠶ ᠳ᠋ᠡᠬᠢ ᠠᠵᠢᠯᠲᠠᠨ᠎ᠤ ᠲᠠᠨᠢᠯᠴᠠᠭᠤᠯᠤᠭ᠍ᠰᠠᠨ᠎ᠢᠶᠠᠷ᠂ 6 ᠲᠤᠰᠠᠯᠠᠬᠤ ᠡᠩᠨᠡᠭᠡ᠎ᠶ᠋ᠢᠨ ᠭᠤᠤᠯ ᠡᠭᠦᠷᠭᠡ ᠪᠣᠯ ᠬᠥᠬᠡᠬᠣᠲᠠ᠎ᠳᠤ ᠱᠢᠨ᠎ᠡ᠎ᠪᠡᠷ ᠪᠠᠢᠭᠤᠯᠤᠭ᠍ᠰᠠᠨ ᠴᠢᠩᠭᠡᠯᠢᠭ ᠲᠤᠷᠱᠢᠯᠲᠠ᠎ᠶ᠋ᠢᠨ ᠲᠠᠰᠤᠭ᠎ᠲᠤ ᠣᠷᠣᠵᠤ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠠᠵᠢᠯ ᠥᠷᠨᠢᠭᠦᠯᠤᠨ᠎ᠠ᠃ ᠣᠳᠣᠬᠠᠨ᠎ᠳᠤ᠂ ᠡᠯ᠎ᠡ ᠲᠤᠰᠠᠯᠠᠬᠤ ᠡᠩᠨᠡᠭᠡ ᠨᠢᠭᠡᠨᠲᠡ ᠴᠢᠩᠭᠡᠯᠢᠭ ᠲᠤᠷᠱᠢᠯᠲᠠ᠎ᠶ᠋ᠢᠨ ᠲᠠᠰᠤᠭ᠎ᠲᠤ ᠣᠷᠣᠵᠤ ᠰᠠᠭᠤᠵᠤ᠂ ᠲᠤᠬᠠᠶ᠎ᠶ᠋ᠢᠨ ᠭᠠᠵᠠᠷ᠎ᠤᠨ ᠪᠣᠯᠪᠠᠰᠤᠷᠠᠯ᠂ ᠶᠠᠪᠤᠴᠠ ᠵᠢᠨ ᠰᠣᠷᠢᠯᠲᠠ᠂ ᠠᠵᠢᠯᠲᠠᠨ᠎ᠤ ᠲᠤᠬᠢᠷᠠᠭᠤᠯᠤᠯᠳᠠ᠂ ᠠᠵᠢᠯ᠎ᠤᠨ ᠲᠥᠰᠦᠯ ᠲᠣᠭ᠍ᠲᠠᠭᠠᠬᠤ ᠵᠡᠷᠭᠡ ᠡᠮᠦᠨᠡᠬᠢ ᠬᠤᠭᠤᠴᠠᠭᠠᠨ᠎ᠤ ᠪᠡᠯᠡᠳᠭᠡᠯ ᠠᠵᠢᠯ᠎ᠢ ᠥᠷᠨᠢᠭᠦᠯᠦᠭᠰᠡᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面