ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠥᠪᠥᠷ ᠮᠣᠩᠭᠣᠯ·ᠬᠠᠢᠷ᠎ᠠ ᠬᠠᠯᠠᠮᠵᠢ

2022-02-21 16:47:23

ᠵᠣᠬᠢᠶᠠᠭ᠍ᠴᠢ᠄ ᠱᠢᠨᠡᠴᠡᠴᠡᠭ ᠣᠩᠱᠢᠭ᠍ᠰᠠᠨ ᠣᠳᠠᠭ᠎ᠠ᠄ 3

ᠣᠢᠷ᠎ᠠ᠎ᠳᠤ᠂ ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠨᠥᠯᠥᠭᠡ᠎ᠡᠴᠡ ᠪᠣᠯᠵᠣ᠂ 2 ᠰᠠᠷ᠎ᠠ᠎ᠶ᠋ᠢᠨ 19᠎ᠦ ᠡᠳᠦᠷ᠂ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ ᠶ᠋ᠢᠨ ᠲᠣᠪᠴᠢᠶ᠎ᠠ᠎ᠶ᠋ᠢᠨ ᠬᠥᠬᠡᠬᠣᠲᠠ ᠥᠷᠲᠡᠭᠡ᠎ᠶ᠋ᠢᠨ ᠬᠡᠰᠡᠭ ᠠᠵᠢᠯᠲᠠᠨ ᠠᠵᠢᠯᠴᠢᠨ᠎ᠤ ᠣᠷᠣᠱᠢᠨ ᠰᠠᠭᠤᠵᠤ ᠪᠠᠢᠭ᠎ᠠ ᠰᠠᠭᠤᠭᠠᠯᠢ ᠲᠣᠭᠣᠷᠢᠭ ᠎ᠢ ᠪᠢᠲᠡᠭᠦᠮᠵᠢᠯᠡᠨ ᠬᠠᠮᠢᠶᠠᠷᠤᠨ ᠡᠵᠡᠮᠳᠡᠪᠡ᠃ ᠬᠥᠬᠡᠬᠣᠲᠠ ᠥᠷᠲᠡᠭᠡ ᠬᠠᠢᠷ᠎ᠠ ᠬᠠᠯᠠᠮᠵᠢ ᠎ᠶ᠋ᠢᠨ ᠬᠠᠪᠰᠤᠷᠤᠨ ᠲᠡᠳᠬᠦᠬᠦ᠌ ᠳᠤᠭᠤᠢᠯᠠᠩ᠎ᠢ ᠦᠳᠲᠡᠷ ᠲᠦᠷᠭᠡᠨ ᠪᠠᠢᠭᠤᠯᠵᠤ᠂ ᠲᠤᠰᠠᠭᠠᠷᠯᠠᠭ᠍ᠳᠠᠭ᠍ᠰᠠᠨ ᠠᠵᠢᠯᠲᠠᠨ ᠠᠵᠢᠯᠴᠢᠨ᠎ᠤ ᠣᠷᠣᠨ ᠰᠠᠭᠤᠴᠠ᠎ᠶ᠋ᠢᠨ ᠭᠠᠵᠠᠷ᠎ᠢ ᠴᠠᠭ ᠲᠤᠬᠠᠶ᠎ᠳᠤᠨᠢ ᠪᠦᠷᠢᠳᠭᠡᠬᠦ᠌᠎ᠶ᠋ᠢᠨ ᠬᠠᠮᠲᠤ ᠢᠳᠡᠱᠢᠨ ᠨᠣᠭᠣᠭ᠎ᠠ ᠬᠠᠩᠭᠠᠬᠤ ᠬᠤᠳᠠᠯᠳᠤᠭᠠᠴᠢᠨ᠎ᠢ ᠢᠳᠡᠪᠬᠢᠲᠡᠶ ᠵᠣᠬᠢᠴᠠᠭᠤᠯᠵᠤ ᠨᠣᠭᠣᠭ᠎ᠠ ᠪᠡᠯᠡᠳᠭᠡᠪᠡ᠃ 20᠎ᠤ ᠡᠳᠦᠷ᠂ ᠴᠤᠭᠤᠷ ᠨᠣᠭᠣᠭ᠎ᠠ᠂ ᠥᠷᠭᠡᠰᠦᠲᠦ ᠬᠡᠮᠬᠡ᠂ ᠯᠠᠵᠤᠤ᠂ ᠲᠥᠪᠡᠳ ᠬᠠᠰᠢ ᠵᠡᠷᠭᠡ ᠠᠷᠪᠠ ᠭᠠᠷᠤᠢ ᠵᠦᠢᠯ᠎ᠦᠨ ᠢᠳᠡᠱᠢᠨ ᠨᠣᠭᠣᠭ᠎ᠠ᠎ᠶ᠋ᠢ ᠳᠦᠭᠦᠷᠲᠡᠯ᠎ᠡ ᠰᠠᠪᠠᠯᠠᠭ᠍ᠰᠠᠨ 《ᠬᠦᠬᠡᠬᠤᠲᠠ ᠦᠷᠳᠡᠬᠡ ᠶ᠋ᠢᠨ ᠬᠠᠢᠷ᠎ᠠ ᠬᠠᠯᠠᠮᠵᠢ᠎ᠶ᠋ᠢᠨ ᠨᠣᠭᠣᠭ᠎ᠠ》᠎ᠶ᠋ᠢ ᠪᠢᠲᠡᠭᠦᠮᠵᠢᠯᠡᠭ᠌ᠰᠡᠨ ᠰᠠᠭᠤᠭᠠᠯᠢ ᠠᠷᠠᠳ᠎ᠤᠨ ᠲᠣᠭᠣᠷᠢᠭ᠎ᠤᠨ ᠡᠭᠦᠳᠡᠨ᠎ᠳᠦ ᠬᠦᠷᠭᠡᠵᠦ᠍᠂ ᠰᠠᠭᠤᠭᠠᠯᠢ ᠠᠷᠠᠳ᠎ᠤᠨ ᠲᠣᠭᠣᠷᠢᠭ᠎ᠤᠨ ᠲᠡᠷᠭᠡᠨ ᠦᠷᠳᠡᠬᠡ᠎ᠡᠴᠡ ᠵᠣᠬᠢᠶᠠᠨ ᠪᠠᠢᠭᠤᠯᠤᠭ᠍ᠰᠠᠨ ᠨᠠᠮ᠎ᠤᠨ ᠭᠡᠱᠢᠭᠦᠨ᠎ᠦ ᠭᠠᠪᠱᠢᠭᠠᠢ ᠠᠩᠬᠢ ᠵᠢᠨ ᠠᠵᠢᠯᠳᠠᠨ ᠠᠵᠢᠯᠴᠢᠨ᠎ᠤ ᠭᠠᠷ᠎ᠲᠤ ᠬᠦᠷᠭᠡᠵᠠᠢ᠃


QQ截图20220221160324.png

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面