2022-02-22 09:29:43
ᠰᠤᠷᠪᠤᠯᠵᠢᠯᠠᠭ᠍ᠴᠢ 2 ᠰᠠᠷ᠎ᠠ᠎ᠶ᠋ᠢᠨ 21᠎ᠤ᠋ ᠡᠳᠦᠷ ᠶᠠᠪᠤᠭ᠍ᠳᠠᠭ᠍ᠰᠠᠨ ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠠᠴᠠ ᠣᠢᠯᠠᠭᠠᠭ᠍ᠰᠠᠨ᠎ᠢᠶᠠᠷ᠂ ᠣᠳᠣᠬᠠᠨ᠎ᠳᠤ᠂ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠶᠡᠷᠦᠩᠬᠡᠶ᠎ᠳᠡᠭᠡᠨ ᠡᠵᠡᠮᠳᠡᠵᠦ᠍᠂ ᠪᠥᠬᠥ᠌ ᠬᠣᠲᠠ ᠪᠡᠷᠵᠢᠡᠨᠲᠤᠰᠠᠭᠠᠷᠯᠠᠬᠤ ᠲᠠᠯᠠᠪᠤᠷ᠎ᠤᠨ ᠠᠮᠤᠷ ᠲᠦᠪᠱᠢᠨ᠎ᠦ ᠬᠠᠮᠠᠭᠠᠯᠠᠯᠲᠠ ᠪᠠ ᠳᠣᠲᠣᠭᠠᠳᠤ᠎ᠶ᠋ᠢᠨ ᠵᠢᠷᠤᠮᠵᠢᠭ᠍ᠰᠠᠨ ᠬᠠᠮᠢᠶᠠᠷᠤᠯᠲᠠ᠎ᠶ᠋ᠢᠨ ᠡᠯ᠎ᠡ ᠵᠦᠢᠯ᠎ᠤᠨ ᠲᠣᠭ᠍ᠲᠠᠭᠠᠯ᠎ᠢ ᠴᠢᠩᠭ᠎ᠠ ᠨᠠᠢᠳᠠᠪᠤᠷᠢᠵᠢᠭᠤᠯᠵᠤ᠂ ᠲᠤᠰᠠᠭᠠᠷᠯᠠᠵᠤ ᠪᠠᠢᠭ᠎ᠠ ᠬᠥᠮᠦᠰ᠎ᠦᠨ ᠠᠮᠢᠳᠤᠷᠠᠯ ᠪᠤᠯᠤᠨ ᠠᠮᠤᠷ ᠲᠦᠪᠱᠢᠨ᠎ᠦ ᠪᠠᠲᠤᠯᠠᠭ᠎ᠠ᠎ᠶ᠋ᠢᠨ ᠠᠵᠢᠯ᠎ᠢ ᠦᠨᠡᠨ ᠬᠦ᠌ ᠰᠠᠢᠲᠤᠷ ᠬᠢᠵᠦ ᠪᠤᠢ᠃
ᠠᠮᠢᠳᠤᠷᠠᠯ᠎ᠤᠨ ᠪᠠᠲᠤᠯᠠᠭ᠎ᠠ᠎ᠶ᠋ᠢᠨ ᠲᠠᠯ᠎ᠠ᠎ᠪᠠᠷ᠂ ᠢᠳᠡᠭᠡᠨ᠎ᠦ ᠵᠦᠢᠯᠡᠰ᠎ᠤᠨ ᠠᠮᠤᠷ ᠲᠦᠪᠱᠢᠨ ᠡᠷᠡᠭᠦᠯ ᠬᠠᠮᠠᠭᠠᠯᠠᠯ᠎ᠤᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠭᠤᠷᠪᠠᠨ ᠴᠠᠭ᠎ᠤᠨ ᠬᠣᠭᠣᠯᠠ᠎ᠶ᠋ᠢ ᠴᠠᠭ ᠲᠤᠬᠠᠶ᠎ᠳᠤᠨᠢ ᠬᠦᠷᠭᠡᠬᠦ᠌᠎ᠶ᠋ᠢᠨ ᠬᠠᠮᠲᠤ ᠵᠢᠷᠮᠦᠰᠦᠨ ᠪᠦᠰᠡᠬᠦᠢ᠂ ᠬᠡᠦᠬᠡᠳ᠂ ᠴᠥᠭᠡᠨ ᠲᠣᠭᠠᠲᠤ ᠦᠨᠳᠦᠰᠦᠲᠡᠨ ᠵᠡᠷᠭᠡ ᠣᠨᠴᠠᠭᠠᠶ ᠬᠥᠮᠦᠰ᠎ᠦᠨ ᠢᠳᠡᠭᠡᠨ ᠤᠮᠳᠠᠭᠠᠨ᠎ᠤ ᠳᠠᠳᠭᠠᠯ᠎ᠢ ᠠᠩᠬᠠᠷᠴᠤ᠌᠂ ᠥᠪᠡᠷᠮᠢᠴᠡ ᠬᠡᠷᠡᠭ᠌ᠴᠡᠭᠡ ᠱᠠᠭᠠᠷᠳᠠᠯᠭ᠎ᠠ᠎ᠶ᠋ᠢ ᠨᠢ ᠠᠯᠢ ᠴᠢᠳᠠᠬᠤ᠎ᠪᠠᠷ ᠬᠠᠩᠭᠠᠵᠤ ᠪᠠᠢᠨ᠎ᠠ᠃ ᠵᠠᠷᠴᠢᠮ ᠳᠡᠭᠡᠷ᠎ᠡ᠎ᠪᠡᠨ ᠭᠠᠭ᠍ᠴᠠ ᠵᠤᠷᠯᠤᠡᠭ ᠲᠠᠢ ᠭᠠᠭᠴᠠ ᠬᠦᠮᠤᠨ᠎ᠤ ᠲᠠᠰᠤᠯᠭ᠎ᠠ᠎ᠵᠢᠨ ᠪᠠᠷᠢᠮᠵᠢᠶ᠎ᠠ ᠪᠡᠷ ᠲᠣᠬᠢᠷᠠᠭᠤᠯᠵᠤ᠂ 24 ᠴᠠᠭ᠎ᠢᠶᠠᠷ ᠲᠠᠰᠤᠷᠠᠯᠲᠠ ᠥᠬᠡᠶ ᠬᠠᠯᠠᠭᠤᠨ ᠤᠰᠤ ᠬᠠᠩᠭᠠᠵᠤ᠂ WiFi ᠶ᠋ᠢ ᠪᠥᠷᠬᠥᠭᠦᠯᠤᠨ᠂ ᠲᠤᠰᠠᠭᠠᠷᠯᠠᠵᠤ ᠪᠠᠢᠭ᠎ᠠ ᠬᠥᠮᠦᠰ᠎ᠦᠨ ᠡᠳᠦᠷ ᠲᠤᠲᠤᠮ᠎ᠤᠨ ᠠᠮᠢᠳᠤᠷᠠᠯ᠎ᠤᠨ ᠦᠨᠳᠦᠰᠦᠨ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠪᠠ᠃ ᠡᠭᠦᠨ᠎ᠦ ᠬᠠᠮᠲᠤ᠂ ᠡᠯ᠎ᠡ ᠲᠤᠰᠠᠭᠠᠷᠯᠠᠬᠤ ᠲᠠᠯᠠᠪᠤᠷ᠎ᠲᠤ ᠴᠥᠮ ᠵᠢᠷᠭᠢᠢᠡᠶ᠋ᠢᠨ ᠦᠢᠯᠡᠴᠢᠯᠡᠭᠡᠨ᠎ᠦ ᠪᠦᠯᠦᠭᠵᠢᠯ᠎ᠢ ᠪᠠᠢᠭᠤᠯᠵᠤ᠂ ᠠᠳᠠᠯᠢ ᠪᠤᠰᠤ ᠬᠥᠮᠦᠰ᠎ᠦᠨ ᠳᠤᠷᠠᠳᠤᠭ᠍ᠰᠠᠨ ᠠᠮᠢᠳᠤᠷᠠᠯ᠂ ᠦᠨᠳᠦᠰᠦᠨ ᠡᠮᠴᠢᠯᠡᠭᠡᠨ᠎ᠤ ᠬᠡᠷᠡᠭ᠌ᠴᠡᠭᠡ᠎ᠶ᠋ᠢ ᠴᠢᠳᠠᠬᠤ᠎ᠶ᠋ᠢᠨ ᠬᠢᠷᠢ᠎ᠪᠡᠷ ᠬᠠᠩᠭᠠᠬᠤ᠎ᠶ᠋ᠢᠨ ᠬᠠᠮᠲᠤ ᠲᠡᠳᠡᠨ ᠲᠠᠢ ᠢᠯᠡᠬᠦᠭᠡᠨ ᠵᠤᠭᠤᠭᠳᠠᠵᠤ ᠪᠤᠳᠤᠯ ᠰᠡᠳᠬᠢᠯ᠎ᠵᠢᠡᠨ ᠤᠯᠤᠯᠴᠠᠵᠦ᠂ ᠲᠡᠳᠡᠨ᠎ᠢ ᠬᠠᠪᠰᠤᠷᠤᠨ ᠳᠠᠷᠤᠭᠠᠰᠤ᠎ᠶ᠋ᠢ ᠨᠢ ᠬᠦᠩᠭᠡᠷᠡᠬᠦᠯᠤᠨ᠂ ᠪᠠᠴᠢᠮᠳᠠᠬᠤ ᠰᠡᠳᠭᠢᠯᠭᠡ᠎ᠶ᠋ᠢ ᠨᠢ ᠨᠠᠮᠳᠠᠭᠤᠯᠪᠠ᠃
ᠠᠮᠤᠷ ᠲᠦᠪᠱᠢᠨ᠎ᠦ ᠪᠠᠲᠤᠯᠠᠭ᠎ᠠ᠎ᠶ᠋ᠢᠨ ᠲᠠᠯ᠎ᠠ᠎ᠪᠠᠷ᠂ ᠬᠥᠬᠡᠬᠣᠲᠠ᠎ᠶ᠋ᠢᠨ᠎ᠬᠢᠨ ᠲᠤᠰᠠᠭᠠᠷᠯᠠᠬᠤ ᠲᠠᠯᠠᠪᠤᠷ᠎ᠤᠨ ᠬᠠᠮᠢᠶᠠᠷᠤᠯᠲᠠ᠎ᠪᠠᠨ ᠴᠢᠩᠭᠠᠳᠭᠠᠵᠤ᠂ 《ᠨᠥᠯᠥᠭᠡᠯᠡᠬᠦ᠌ ᠬᠡᠪᠴᠢᠶ᠎ᠡ᠎ᠪᠡᠷ ᠪᠠᠭ᠎ᠠ᠂ ᠠᠮᠤᠷ ᠲᠦᠪᠱᠢᠨ᠎ᠤ ᠴᠢᠨᠠᠷ᠎ᠢᠶᠠᠷ ᠥᠨᠳᠥᠷ ᠪᠠᠢᠬᠤ》 ᠵᠠᠷᠴᠢᠮ᠎ᠢ ᠵᠢᠷᠤᠮᠯᠠᠨ᠂ ᠲᠤᠰᠠᠭᠠᠷᠯᠠᠬᠤ ᠨᠥᠬᠥᠴᠡᠯ᠎ᠳᠦ ᠨᠡᠢᠴᠡᠬᠦ᠌ ᠲᠠᠯᠠᠪᠤᠷ᠎ᠢ ᠰᠤᠩᠭᠤᠵᠦ᠂ ᠲᠠᠯᠠᠪᠤᠷ᠎ᠤᠨ ᠭᠠᠳᠠᠭᠤᠷ ᠢᠯᠡ ᠲᠡᠮᠳᠡᠭ ᠪᠠ ᠲᠤᠰᠠᠭᠠᠷᠯᠠᠬᠤ ᠪᠦᠰᠡ ᠭᠠᠷᠭᠠᠵᠤ᠂ ᠲᠠᠯᠠᠪᠤᠷ ᠭᠠᠵᠠᠷ᠎ᠲᠤ 《ᠭᠤᠷᠪᠠᠨ ᠲᠣᠭᠣᠷᠢᠭ ᠬᠣᠶᠠᠷ ᠨᠡᠪᠲᠡᠷᠡᠬᠦ᠌ ᠵᠠᠮ》᠂ ᠬᠣᠭ ᠨᠣᠪᠰᠢ ᠲᠦᠷ ᠬᠠᠳᠠᠭᠠᠯᠠᠬᠤ ᠲᠠᠰᠤᠯᠭ᠎ᠠ ᠵᠡᠷᠭᠡ᠎ᠶ᠋ᠢ ᠲᠣᠬᠢᠷᠠᠭᠤᠯᠪᠠ᠃ ᠲᠤᠰᠭᠠᠶ ᠬᠥᠮᠦᠨ ᠲᠣᠬᠢᠷᠠᠭᠤᠯᠤᠨ ᠲᠤᠰᠠᠭᠠᠷᠯᠠᠬᠤ ᠲᠠᠯᠠᠪᠤᠷ᠎ᠤᠨ ᠤᠰᠤ᠂ ᠴᠠᠬᠢᠯᠭᠠᠨ᠂ ᠬᠡᠢ᠂ ᠳᠤᠯᠠᠭᠠᠯᠠᠮᠵᠢ ᠵᠡᠷᠭᠡ ᠲᠥᠬᠥᠭᠡᠷᠦᠮᠵᠢ᠎ᠳᠦ ᠠᠮᠤᠷ ᠲᠦᠪᠱᠢᠨ᠎ᠦ ᠲᠣᠭᠣᠷᠢᠨ ᠪᠠᠢᠴᠠᠭᠠᠯᠲᠠ ᠬᠢᠵᠦ᠍᠂ ᠬᠢᠨᠠᠨ ᠡᠵᠡᠮᠳᠡᠬᠦᠷ᠂ ᠡᠭᠦᠳᠡᠨ ᠰᠣᠷᠢᠨᠵᠢᠨ ᠵᠡᠷᠭᠡ ᠴᠢᠬᠤᠯᠠ ᠪᠦᠬᠦᠢ ᠲᠦᠭᠦᠭᠡᠷᠦᠮᠵᠢ᠎ᠶ᠋ᠢ ᠤᠭ᠍ᠰᠠᠷᠠᠵᠤ᠂ ᠲᠤᠰᠠᠭᠠᠷᠯᠠᠬᠤ ᠬᠥᠮᠦᠰ᠎ᠦᠨ ᠪᠡᠶ᠎ᠡ ᠮᠠᠬᠠᠪᠣᠳ᠂ ᠡᠳ᠋ ᠪᠣᠳᠠᠰ᠎ᠤᠨ ᠠᠮᠤᠷ ᠲᠦᠪᠱᠢᠨ᠎ᠢ ᠪᠠᠲᠤᠯᠠᠵᠤ ᠪᠠᠢᠨ᠎ᠠ᠃ ᠲᠤᠰᠠᠭᠠᠷᠯᠠᠬᠤ ᠲᠠᠯᠠᠪᠤᠷ᠎ᠤᠨ ᠭᠠᠵᠠᠷ᠂ ᠣᠯᠠᠨ ᠨᠡᠢᠲᠡ᠎ᠶ᠋ᠢᠨ ᠲᠤᠭᠤᠷᠢᠭ᠎ᠢ ᠡᠳᠦᠷ ᠪᠦᠷᠢ ᠠᠷᠢᠭᠤᠳᠭᠠᠵᠤ᠂ ᠬᠢᠵᠢᠭ᠎ᠲᠦ ᠬᠣᠯᠪᠣᠭ᠍ᠳᠠᠭ᠍ᠰᠠᠨ ᠬᠣᠭ ᠨᠣᠪᠰᠢ᠎ᠶ᠋ᠢ ᠲᠤᠰᠭᠠᠶ ᠬᠥᠮᠦᠨ ᠲᠣᠬᠢᠷᠠᠭᠤᠯᠤᠨ ᠴᠠᠭ ᠲᠤᠬᠠᠶ᠎ᠳᠤᠨᠢ ᠬᠤᠷᠢᠶᠠᠵᠤ᠂ ᠡᠳᠦᠷ ᠪᠦᠷᠢ ᠲᠤᠰᠠᠭᠠᠷᠯᠠᠬᠤ ᠬᠥᠮᠦᠰ᠎ᠲᠦ ᠡᠷᠡᠭᠦᠯ ᠮᠡᠨᠳᠦ᠍᠎ᠶ᠋ᠢᠨ ᠪᠠᠢᠳᠠᠯ᠎ᠤᠨ ᠬᠢᠨᠠᠨ ᠬᠡᠮᠵᠢᠯᠲᠡ ᠬᠢᠵᠦ᠍᠂ ᠪᠡᠶ᠎ᠡ᠎ᠶ᠋ᠢᠨ ᠬᠠᠯᠠᠭᠤᠨ᠂ ᠡᠪᠡᠳᠴᠢᠨ᠎ᠦ ᠢᠯᠡᠷᠡᠯ᠂ ᠰᠡᠳᠭᠢᠴᠡ᠎ᠶ᠋ᠢᠨ ᠬᠤᠪᠢᠷᠠᠯᠲᠠ᠎ᠶ᠋ᠢ ᠨᠠᠷᠢᠨ ᠣᠢᠯᠠᠭᠠᠪᠠ᠃ 14 ᠨᠠᠰᠤᠨ᠎ᠠᠴᠠ ᠳᠣᠷᠣᠭ᠍ᠰᠢᠬᠢ ᠬᠡᠦᠬᠡᠳ᠂ 70 ᠨᠠᠰᠤᠨ᠎ᠠᠴᠠ ᠳᠡᠭᠡᠭ᠌ᠰᠢᠬᠢ ᠨᠠᠰᠤᠲᠠᠢᠴᠤᠳ ᠵᠢᠴᠢ ᠬᠦᠨᠳᠦ ᠡᠪᠡᠳᠴᠢᠲᠡᠳ᠎ᠢ ᠠᠰᠠᠷᠠᠨ ᠬᠠᠷᠠᠭᠠᠯᠵᠠᠬᠤ ᠴᠢᠬᠤᠯᠠᠲᠠᠶ᠎ᠳᠤᠨᠢ 1 ᠠᠰᠠᠷᠠᠨ ᠬᠠᠷᠠᠭᠠᠯᠵᠠᠭᠴᠢ ᠲᠣᠬᠢᠷᠠᠭᠤᠯᠵᠤ᠂ ᠡᠳᠦᠷ ᠲᠤᠲᠤᠮ᠎ᠤᠨ ᠠᠮᠢᠳᠤᠷᠠᠯ᠎ᠢ᠎ᠨᠢ ᠬᠠᠷᠠᠭᠠᠯᠵᠠᠪᠠ᠃ ᠡᠭᠦᠨ᠎ᠦ ᠬᠠᠮᠲᠤ᠂ ᠡᠳᠦᠷ ᠲᠤᠲᠤᠮ᠎ᠤᠨ ᠭᠡᠷᠡᠭᠯᠡᠭᠡᠨ᠎ᠤ ᠡᠮ᠎ᠦᠨ ᠵᠦᠶ᠋ᠯᠡᠰ᠎ᠢ ᠳᠣᠭᠢᠷᠠᠭᠤᠯᠵᠤ᠂ ᠦᠨᠳᠦᠰᠦᠨ ᠡᠮᠴᠢᠯᠡᠭᠡ ᠪᠠ ᠡᠮ ᠬᠡᠷᠡᠭ᠌ᠯᠡᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠵᠤ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃