2022-02-21 16:28:39
2 ᠰᠠᠷ᠎ᠠ᠎ᠶ᠋ᠢᠨ 15᠎ᠤ ᠡᠳᠦᠷ᠂ ᠭᠡᠨᠡᠳᠲᠡ ᠡᠭᠦᠰᠦᠭᠰᠡᠨ ᠬᠢᠵᠢᠭ᠎ᠤᠨ ᠪᠠᠢᠳᠠᠯ ᠬᠥᠬᠡᠬᠣᠲᠠ ᠶ᠋ᠢᠨ ᠬᠦᠮᠦᠨ ᠠᠷᠠᠳ ᠨᠢᠭᠡᠪᠦᠷᠢ ᠶᠢᠨ ᠰᠡᠳᠬᠢᠯ᠎ᠢ ᠰᠢᠨᠠᠯᠭᠠᠨ᠎ᠠ᠃ ᠬᠢᠵᠢᠭ᠎ᠤᠨ ᠡᠮᠦᠨ᠎ᠡ ᠡᠯ᠎ᠠ ᠠᠢᠮᠠᠭ ᠬᠤᠳᠠ ᠵᠢᠨ ᠬᠢᠨ ᠴᠡᠭᠡᠵᠢ ᠳᠦᠷᠢᠨ ᠪᠤᠰᠴᠠᠭᠠᠵᠤ᠂ ᠬᠥᠬᠡᠬᠤᠲᠠ ᠶᠢ ᠳᠤᠰᠠᠯᠠᠨ ᠳᠡᠮᠵᠢᠬᠦ ᠳᠤ ᠤᠷᠤᠯᠴᠠᠵᠠᠭᠠᠪᠠ᠃



2 ᠰᠠᠷ᠎ᠠ᠎ᠶ᠋ᠢᠨ 17᠎ᠤ ᠡᠳᠦᠷ᠎ᠦᠨ 7 ᠴᠠᠭ 30 ᠮᠢᠨᠦ᠋ᠲ᠎ᠲᠦ᠂ ᠠᠯᠠᠱᠠ ᠠᠢᠮᠠᠭ᠎ᠤᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ ᠱᠢᠯᠢᠳᠡᠭ ᠴᠠᠭ᠍ᠳᠠᠭᠠᠨ ᠤ ᠬᠦᠴᠦᠨ ᠢ ᠵᠤᠬᠢᠶᠠᠨ ᠪᠠᠢᠭᠤᠯᠤᠨ 19 ᠬᠥᠮᠦᠨ᠎ᠢᠶᠡᠷ ᠪᠦᠷᠢᠯᠳᠦᠭᠰᠡᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠭᠠᠪᠱᠢᠭᠠᠢ ᠠᠩᠬᠢ ᠪᠠᠢᠭᠤᠯᠵᠤ᠂ ᠬᠥᠬᠡᠬᠣᠲᠠ᠎ᠶᠢ ᠳᠤᠰᠠᠯᠠᠬᠤ ᠠᠶᠠᠨ᠎ᠳᠤ ᠮᠤᠷᠳᠠᠪᠠ᠃

2 ᠰᠠᠷ᠎ᠠ᠎ᠶ᠋ᠢᠨ 20᠎ᠤ ᠡᠳᠦᠷ᠎ᠦᠨ ᠦᠳᠡ᠎ᠶ᠋ᠢᠨ ᠡᠮᠦᠨ᠎ᠡ᠂ ᠪᠠᠶᠠᠨᠨᠠᠭᠤᠷ ᠬᠣᠲᠠ 95 ᠬᠥᠮᠦᠨ᠎ᠢᠶᠡᠷ ᠪᠦᠷᠢᠯᠳᠦᠭᠰᠡᠨ ᠪᠠᠴᠢᠮ ᠪᠠᠢᠳᠠᠯ ᠢ ᠠᠷᠭᠠᠴᠠᠭᠠᠬᠤ ᠡᠮᠴᠢᠯᠡᠭᠡᠨ᠎ᠦ ᠠᠩᠭᠢ᠎ᠶ᠋ᠢ ᠵᠣᠬᠢᠶᠠᠨ ᠪᠠᠢᠭᠤᠯᠤᠨ ᠬᠥᠬᠡᠬᠣᠲᠠ᠎ᠳᠤ ᠬᠦᠷᠴᠦ᠍ ᠡᠮᠨᠡᠨ ᠠᠪᠤᠷᠬᠠᠸ᠋ ᠠᠵᠢᠯ᠎ᠳᠤ ᠣᠷᠣᠯᠴᠠᠵᠤ᠂ ᠣᠢᠷ᠎ᠠ᠎ᠶ᠋ᠢᠨ ᠬᠤᠭᠤᠴᠠᠭᠠᠨ᠎ᠳᠤ ᠨᠡᠢᠲᠡ 2 ᠪᠦᠯᠦᠭ ᠤᠳᠠᠭ᠎ᠠ ᠶ᠋ᠢᠨ 105 ᠨᠡᠷᠡᠰ ᠡᠮᠴᠢᠯᠡᠭᠡᠨ᠎ᠦ ᠠᠵᠢᠯᠲᠠᠨ᠎ᠢ ᠲᠣᠮᠢᠯᠠᠭᠰᠠᠨ ᠪᠠᠢᠨ᠎ᠠ᠃

2 ᠰᠠᠷ᠎ᠠ᠎ᠶ᠋ᠢᠨ 18᠎ᠤ ᠡᠳᠦᠷ ᠦᠨ ᠦᠳᠡ ᠶ᠋ᠢᠨ ᠬᠣᠢᠨ᠎ᠠ᠂ ᠲᠦᠩᠯᠢᠶᠣᠤ ᠬᠣᠲᠠ 20 ᠬᠥᠮᠦᠨ᠎ᠢᠶᠡᠷ ᠪᠦᠷᠢᠯᠳᠦᠭᠰᠡᠨ ᠪᠥᠭᠡᠮ ᠬᠦᠴᠢᠯ᠎ᠤᠨ ᠪᠠᠢᠴᠠᠭᠠᠯᠲᠠ᠎ᠶᠢᠨ ᠡᠮᠴᠢᠯᠡᠭᠡᠨ᠎ᠦ ᠠᠩᠭᠢ ᠪᠠᠢᠭᠤᠯᠵᠤ᠂ ᠬᠥᠬᠡᠬᠣᠲᠠ ᠳᠤ ᠲᠤᠰᠠᠯᠠᠵᠤ ᠪᠥᠭᠡᠮ ᠬᠦᠴᠢᠯ᠎ᠤᠨ ᠪᠠᠢᠴᠠᠭᠠᠯᠲᠠ ᠬᠢᠬᠦ ᠡᠭᠦᠷᠭᠡ᠎ᠶ᠋ᠢ ᠳᠠᠭᠠᠭᠠᠵᠤ ᠠᠪᠤᠪᠠ᠃

2 ᠰᠠᠷ᠎ᠠ᠎ᠶ᠋ᠢᠨ 18 ᠤ ᠤᠷᠤᠢ᠂ ᠤᠷᠳᠤᠰ ᠬᠤᠳᠠ᠎ᠶ᠋ᠢᠨ 22 ᠨᠡᠷᠡᠰ ᠲᠠᠬᠤᠯ ᠡᠪᠡᠳᠴᠢᠨ᠎ᠤ ᠪᠠᠢᠴᠠᠭᠠᠯᠲᠠ᠎ᠶ᠋ᠢᠨ ᠲᠤᠬᠠᠢᠯᠠᠭ᠍ᠰᠠᠨ ᠠᠵᠢᠯ᠎ᠤᠨ ᠭᠣᠣᠯᠯᠠᠭ᠍ᠴᠢ ᠬᠦᠴᠦᠨ ᠰᠥᠨᠢ᠎ᠪᠡᠷ ᠬᠥᠬᠡᠬᠣᠲᠠ ᠵᠦᠭ ᠮᠤᠷᠳᠠᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠮᠦᠨ᠎ᠡ ᠹᠷᠣᠨᠲ᠎ᠲᠤ ᠬᠦᠷᠴᠦ᠍ ᠳᠤᠰᠠᠯᠠᠪᠠ᠃

2 ᠰᠠᠷ᠎ᠠ᠎ᠶ᠋ᠢᠨ 20᠎ᠤ ᠡᠳᠦᠷ᠎ᠦᠨ ᠦᠳᠡ᠎ᠶ᠋ᠢᠨ12 ᠴᠠᠭ ᠲᠤ᠂ ᠤᠯᠠᠭᠠᠨᠬᠠᠳᠠ᠎ᠶ᠋ᠢᠨ 93 ᠬᠥᠮᠦᠨ ᠢᠶᠡᠷ ᠪᠦᠷᠢᠯᠳᠦᠭᠰᠡᠨ ᠡᠮᠴᠢᠯᠡᠭᠡᠨ᠎ᠦ ᠠᠩᠭᠢ ᠬᠥᠬᠡᠬᠣᠲᠠ᠎ᠶᠢ ᠳᠤᠰᠠᠯᠠᠬᠤ ᠠᠶᠠᠨ᠎ᠳᠤ ᠮᠤᠷᠳᠠᠪᠠ᠃

ᠱᠢᠯᠢ᠎ᠶ᠋ᠢᠨ ᠭᠤᠤᠯ ᠠᠢᠮᠠᠭ᠎ᠡᠴᠡ ᠵᠤᠬᠢᠶᠠᠨ ᠪᠠᠢᠭᠤᠯᠤᠭᠰᠠᠨ 10 ᠰᠡᠷᠭᠡᠢᠯᠡᠨ ᠡᠵᠡᠮᠳᠡᠬᠦ᠌ ᠱᠢᠯᠭᠠᠨ ᠪᠠᠢᠴᠠᠭᠠᠬᠤ ᠠᠵᠢᠯᠲᠠᠨ ᠬᠥᠬᠡᠬᠣᠲᠠ᠎ᠳᠤ ᠬᠦᠷᠪᠡ᠃

ᠦᠬᠠᠶ ᠬᠣᠲᠠ᠎ᠶ᠋ᠢᠨ ᠪᠥᠭᠡᠮ ᠬᠦᠴᠢᠯ᠎ᠤᠨ ᠪᠠᠢᠴᠠᠭᠠᠯᠲᠠ᠎ᠶᠢᠨ 10 ᠳᠤᠰᠬᠠᠢ ᠮᠡᠷᠭᠡᠵᠢᠯᠲᠡᠨ ᠬᠥᠬᠡᠬᠣᠲᠠ᠎ᠳᠤ ᠬᠦᠷᠴᠦ᠍ ᠪᠥᠭᠡᠮ ᠬᠦᠴᠢᠯ᠎ᠤᠨ ᠪᠠᠢᠴᠠᠭᠠᠯᠲᠠ᠎ᠶᠢᠨ ᠠᠵᠢᠯ᠎ᠳᠤ ᠤᠷᠤᠯᠴᠠᠪᠠ᠃

ᠬᠢᠩᠭᠠᠨ ᠠᠢᠮᠠᠭ᠎ᠤᠨ 20 ᠲᠤᠬᠠᠢᠯᠠᠭ᠍ᠰᠠᠨ ᠠᠵᠢᠯ᠎ᠤᠨ ᠭᠤᠤᠯᠯᠠᠭ᠍ᠴᠢ ᠬᠦᠴᠦᠨ᠎ᠢᠶᠡᠷ ᠪᠦᠷᠢᠯᠳᠦᠭᠰᠡᠨ ᠪᠥᠭᠡᠮ ᠬᠦᠴᠢᠯ᠎ᠦᠨ ᠪᠠᠢᠴᠠᠭᠠᠯᠲᠠ᠎ᠶᠢᠨ ᠠᠩᠭᠢ ᠬᠥᠬᠡᠬᠣᠲᠠ᠎ᠳᠤ ᠬᠥᠷᠪᠡ᠃

2 ᠰᠠᠷ᠎ᠠ᠎ᠶ᠋ᠢᠨ 20᠎ᠤ ᠦᠳᠡ᠎ᠶ᠋ᠢᠨ ᠡᠮᠦᠨ᠎ᠡ᠂ ᠪᠡᠭᠡᠵᠢᠩ᠎ᠡᠴᠡ ᠢᠷᠡᠭ᠌ᠰᠡᠨ ᠲᠡᠷᠭᠡ ᠠᠩᠭᠢ ᠪᠦᠭᠡᠮ ᠬᠦᠴᠢᠯ᠎ᠤᠨ ᠪᠠᠢᠴᠠᠭᠠᠯᠲᠠ ᠶᠢᠨ ᠳᠥᠬᠦᠭᠡᠷᠦᠮᠵᠢ ᠵᠡᠷᠭᠡ ᠬᠢᠵᠢᠭ᠎ᠢ ᠰᠡᠷᠭᠡᠢᠯᠡᠨ ᠡᠵᠡᠮᠳᠡᠬᠦ ᠡᠳ᠋ ᠪᠣᠳᠠᠰ᠎ᠢ ᠬᠥᠬᠡᠬᠣᠲᠠ᠎ᠳᠤ ᠲᠡᠭᠡᠭᠡᠪᠦᠷᠢᠯᠡᠨ ᠬᠦᠷᠭᠡᠵᠦ᠍᠂ ᠬᠥᠬᠡᠬᠣᠲᠠ᠎ᠶ᠋ᠢᠨ ᠬᠢᠵᠢᠭ ᠲᠡᠶ ᠲᠡᠮᠡᠴᠡᠬᠦ᠌ ᠠᠵᠢᠯ᠎ᠢ ᠲᠤᠰᠠᠯᠠᠪᠠ᠃
ᠡᠬᠡ ᠤᠯᠤᠰ᠎ᠤᠨ ᠡᠯ᠎ᠡ ᠭᠠᠵᠠᠷ᠎ᠡᠴᠡ ᠥᠪᠥᠷ ᠮᠣᠩᠭᠣᠯ᠎ᠳᠤ ᠬᠠᠨᠳᠢᠪᠯᠠᠭᠰᠠᠨ ᠬᠠᠢᠷ᠎ᠠ ᠬᠠᠯᠠᠮᠵᠢ ᠨᠢ ᠡᠨᠳᠡᠬᠢ ᠬᠥᠮᠦᠨ ᠨᠢᠭᠡᠪᠦᠷᠢ᠎ᠶ᠋ᠢᠨ ᠰᠡᠳᠬᠢᠯ᠎ᠢ ᠳᠤᠯᠠᠭᠠᠴᠠᠭᠤᠯᠤᠨ᠎ᠠ᠃

ᠡᠭᠦᠨ᠎ᠦ ᠬᠠᠮᠲᠤ᠂ ᠬᠥᠬᠡᠬᠣᠲᠠ᠂ ᠪᠤᠭᠤᠲᠤ᠂ ᠮᠠᠨᠵᠤᠤᠷ᠎ᠲᠤ ᠬᠢᠵᠢᠭ ᠲᠠᠢ ᠲᠡᠮᠡᠴᠡᠬᠦ ᠠᠵᠢᠯ ᠡᠮᠬᠢ ᠵᠢᠷᠤᠮ ᠲᠠᠢ ᠶᠠᠪᠤᠭᠳᠠᠵᠤ ᠪᠠᠢᠯ᠎ᠠ᠃ ᠪᠦᠭᠡᠮ ᠬᠦᠴᠢᠯ᠎ᠤᠨ ᠪᠠᠢᠴᠠᠭᠠᠯᠲᠠ ᠡᠬᠢᠯᠡᠬᠦ᠌᠎ᠡᠴᠡ ᠡᠮᠦᠨ᠎ᠡ᠂ ᠬᠥᠬᠡᠬᠣᠲᠠ᠎ᠶ᠋ᠢᠨ ᠵᠠᠯᠠᠭᠤ ᠰᠠᠢᠨ ᠲᠤᠷᠠᠴᠤᠳ ᠬᠢᠵᠢᠭ ᠲᠡᠶ ᠲᠡᠮᠡᠴᠡᠬᠦ᠌ ᠡᠮᠦᠨ᠎ᠡ ᠹᠷᠣᠨᠲ᠎ᠲᠤ ᠣᠴᠢᠬᠤ᠎ᠪᠠᠷ ᠴᠠᠭ ᠢᠮᠠᠭ᠍ᠲᠠ ᠪᠡᠯᠡᠬᠡᠨ ᠪᠠᠢᠪᠠ᠃


ᠰᠠᠢᠨ ᠲᠤᠷᠠᠴᠤᠳ᠂ ᠡᠮᠴᠢ ᠰᠣᠪᠢᠯᠠᠭ᠍ᠴᠢᠳ ᠬᠢᠵᠢᠭ᠌᠎ᠤᠨ ᠭᠤᠤᠯ ᠲᠡᠢᠨ᠎ᠦ ᠲᠠᠯᠠᠪᠤᠷ᠎ᠢ ᠪᠠᠲᠤ ᠰᠠᠬᠢᠵᠠᠭᠠᠨᠠ᠃

ᠬᠥᠬᠡᠬᠣᠲᠠᠨ᠎ᠠ ᠶᠡᠬᠡ ᠴᠠᠰᠤ ᠬᠠᠶᠠᠯᠠᠭᠰᠠᠨᠴᠤ᠌ ᠬᠢᠵᠢᠭ᠎ᠲᠡᠶ ᠲᠡᠮᠡᠴᠡᠬᠦ᠌ ᠡᠮᠦᠨ᠎ᠡ ᠹᠷᠣᠨᠲ᠎ᠤᠨ ᠠᠵᠢᠯᠲᠠᠳ ᠮᠥᠨ ᠬᠦ᠌ ᠠᠵᠢᠯ᠎ᠤᠨ ᠪᠠᠢᠷᠢ᠎ᠪᠠᠨ ᠪᠠᠲᠤ ᠰᠠᠬᠢᠵᠤ᠂ ᠬᠠᠮᠠᠭᠠᠯᠠᠯᠲᠠ᠎ᠶ᠋ᠢᠨ ᠬᠤᠪᠴᠠᠰᠤᠨ ᠳᠡᠭᠡᠷ᠎ᠡ ᠤᠨᠠᠭᠰᠠᠨ ᠴᠠᠰᠤᠨ ᠯᠠᠪᠰᠠ᠎ᠪᠠᠨ ᠠᠷᠴᠢᠬᠤ ᠵᠠᠪ ᠦᠭᠡᠢ ᠶᠠᠭᠠᠷᠠᠨ᠎ᠠ᠃


ᠡᠯ᠎ᠡ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠴᠡᠭ᠎ᠲᠤ ᠵᠠᠯᠠᠭᠤ ᠰᠠᠢᠨ ᠳᠤᠷᠠᠴᠤᠳ ᠦᠯᠢᠭᠡᠷ ᠳᠠᠭᠤᠷᠢᠶᠠᠯ ᠪᠣᠯᠵᠤ᠂ ᠬᠣᠱᠢᠭᠤᠴᠢ ᠦᠢᠯᠡᠳᠦᠯ᠎ᠢᠶᠡᠨ ᠪᠠᠳᠠᠷᠠᠭᠤᠯᠤᠨ᠎ᠠ᠃

ᠮᠠᠨᠵᠤᠤᠷ ᠬᠣᠲᠠ᠎ᠶ᠋ᠢᠨ ᠠᠷᠠᠳ᠎ᠲᠤ ᠲᠥᠬᠥᠮ ᠦᠵᠡᠭᠦᠯᠬᠦ ᠨᠠᠰᠤᠲᠠᠢᠴᠤᠳ᠎ᠲᠤ ᠦᠶ᠋ᠯᠡᠴᠢᠯᠡᠬᠦ᠌ ᠲᠥᠪ᠎ᠦᠨ ᠠᠵᠢᠯᠲᠠᠳ ᠢᠳᠡᠪᠬᠢᠲᠡᠢ ᠪᠡᠷ ᠰᠠᠢᠨ ᠲᠤᠷᠠᠴᠤᠳ᠎ᠤᠨ ᠦᠶ᠋ᠯᠡᠴᠢᠯᠡᠭᠡᠨ᠎ᠦ ᠠᠵᠢᠯ᠎ᠳᠤ ᠨᠡᠷ᠎ᠡ ᠮᠡᠳᠡᠭᠦᠯᠵᠦ᠂ ᠠᠵᠢᠯᠯᠠᠬᠤ᠎ᠶᠢᠨ ᠵᠡᠷᠭᠡ᠎ᠪᠡᠷ ᠬᠡᠷᠡᠭ᠌ᠴᠡᠭᠡ ᠲᠡᠶ ᠣᠯᠠᠨ ᠲᠦᠮᠡᠨ᠎ᠢ ᠴᠠᠭ ᠢᠮᠠᠭᠲᠠ ᠠᠩᠬᠠᠷᠤᠨ ᠬᠠᠯᠠᠮᠵᠢᠯᠠᠵᠤ᠂ ᠲᠡᠳᠡᠨ᠎ᠳᠦ ᠪᠠᠴᠢᠮ ᠬᠡᠷᠡᠭ᠌ᠴᠡᠭᠡᠲᠦ ᠡᠮ ᠲᠠᠩ ᠵᠡᠷᠭᠡ ᠡᠳ᠋ ᠪᠣᠳᠠᠰ᠎ᠢ ᠬᠤᠳᠠᠯᠳᠤᠨ ᠠᠪᠴᠤ᠌ ᠥᠭ᠌ᠭᠦᠨ᠂ ᠲᠡᠳᠡᠨ᠎ᠦ ᠬᠦᠴᠢᠷᠳᠡᠯ᠎ᠢ ᠨᠢ ᠪᠦᠲᠦᠮᠵᠢᠲᠡᠢ ᠱᠢᠶ᠋ᠳᠪᠦᠷᠢᠯᠡᠵᠦ᠍ ᠥᠭ᠌ᠴᠡᠶ᠃

ᠪᠤᠭᠤᠲᠤ ᠬᠣᠲᠠ᠎ᠶ᠋ᠢᠨ ᠨᠠᠮ ᠪᠠ ᠣᠯᠠᠨ ᠲᠦᠮᠡᠨ᠎ᠦ ᠦᠶ᠋ᠯᠡᠴᠢᠯᠡᠭᠡᠨ᠎ᠦ ᠠᠩᠭᠢ ᠨᠢ ᠪᠤᠭᠤᠲᠤ ᠬᠣᠲᠠ᠎ᠶ᠋ᠢᠨ ᠬᠠᠢᠷ᠎ᠠ ᠬᠠᠯᠠᠮᠵᠢ ᠬᠦᠷᠭᠡᠬᠦ᠌ ᠲᠡᠷᠭᠡ ᠠᠩᠭᠢ ᠲᠠᠶ ᠬᠠᠮᠲᠤᠷᠠᠨ ᠪᠥᠬᠥ᠌ ᠬᠣᠲᠠ᠎ᠶ᠋ᠢᠨ ᠥᠷᠭᠡᠨ ᠣᠯᠠᠨ ᠨᠠᠮ᠎ᠤᠨ ᠭᠡᠱᠢᠭᠦᠨ ᠣᠯᠠᠨ ᠲᠦᠮᠡᠨ᠂ ᠬᠠᠢᠷ᠎ᠠ ᠬᠠᠯᠠᠮᠵᠢ ᠬᠦᠷᠭᠡᠬᠦ᠌ ᠠᠵᠤ ᠠᠬᠤᠢᠯᠠᠯ᠂ ᠨᠡᠢᠭᠡᠮ᠎ᠦᠨ ᠵᠣᠬᠢᠶᠠᠨ ᠪᠠᠢᠭᠤᠯᠤᠯᠲᠠ᠎ᠶ᠋ᠢ ᠢᠳᠡᠪᠬᠢᠲᠡᠶ ᠬᠥᠳᠡᠯᠦᠯᠴᠡᠵᠦ᠍᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠳᠦ ᠬᠦᠴᠦᠨ ᠴᠢᠳᠠᠯ᠎ᠢᠶᠠᠨ ᠡᠷᠭᠦᠬᠦ᠌᠎ᠶ᠋ᠢ ᠤᠷᠢᠶᠠᠯᠠᠪᠠ! ᠨᠡᠢᠲᠡ 400 ᠭᠠᠷᠤᠶ ᠰᠠᠢᠨ ᠲᠤᠷᠠᠴᠤᠳ᠎ᠢ ᠡᠯᠰᠡᠨ ᠬᠢᠵᠢᠭ ᠲᠠᠢ ᠲᠡᠮᠡᠴᠡᠬᠦ ᠠᠵᠢᠯ᠎ᠳᠤ ᠤᠷᠤᠯᠴᠠᠪᠠ᠃

ᠥᠷᠯᠥᠭᠡ ᠡᠷᠲᠡ᠂ ᠡᠮᠴᠢ ᠰᠤᠪᠢᠯᠠᠭ᠍ᠴᠢᠳ ᠪᠣᠯᠤᠨ ᠰᠠᠢᠨ ᠳᠤᠷᠠᠴᠤᠳ ᠨᠢᠭᠡᠨᠲᠡ ᠪᠥᠬᠥ᠌ ᠬᠥᠮᠦᠰ᠎ᠲᠤ ᠪᠥᠭᠡᠮ ᠬᠦᠴᠢᠯ᠎ᠦᠨ ᠪᠠᠢᠴᠠᠭᠠᠯᠲᠠ ᠬᠢᠬᠦ ᠪᠡᠯᠡᠳᠭᠡᠯ ᠠᠵᠢᠯ᠎ᠢ ᠰᠠᠢᠲᠤᠷ ᠬᠢᠪᠡ᠃

ᠬᠠᠢᠷ᠎ᠠ ᠬᠠᠯᠠᠮᠵᠢ ᠬᠦᠷᠭᠡᠬᠦ ᠠᠵᠤ ᠠᠬᠤᠢᠯᠠᠯ ᠬᠢᠵᠢᠭ᠎ᠢ ᠰᠡᠷᠭᠡᠢᠯᠡᠨ ᠡᠵᠡᠮᠳᠡᠬᠦ ᠠᠵᠢᠯᠲᠠᠳ᠎ᠲᠤ ᠬᠣᠭᠣᠯᠠ ᠪᠤᠳᠠᠭ᠎ᠠ ᠪᠡᠯᠡᠳᠭᠡᠵᠦ᠍ ᠥᠭ᠌ᠪᠡ᠃

ᠡᠳᠡᠭᠡᠷ ᠰᠥᠷᠥᠨ ᠤᠷᠤᠭ᠍ᠰᠢᠯᠠᠭᠴᠢᠳᠤᠨ ᠡᠷᠡᠰ ᠪᠠᠲᠤ ᠬᠠᠷᠠᠴᠠ᠎ᠡᠴᠡ ᠬᠡᠮᠵᠢᠶᠡᠯᠡᠰᠢ ᠦᠭᠡᠢ ᠬᠦᠴᠦᠨ ᠴᠢᠳᠠᠯ ᠲᠠᠮᠵᠢᠭᠳᠠᠨ᠎ᠠ᠃ ᠡᠳᠡᠭᠡᠷ ᠬᠠᠢᠷ᠎ᠠ ᠬᠠᠯᠠᠮᠵᠢ ᠨᠢ ᠬᠦᠴᠢᠷ ᠪᠡᠷᠬᠡᠱᠢᠶᠡᠯ ᠲᠡᠶ ᠬᠥᠮᠦᠨ ᠪᠣᠯᠭᠠᠨ᠎ᠢ ᠬᠦᠷᠢᠶᠡᠯᠡᠬᠦ ᠪᠤᠯᠤᠨ᠎ᠠ!
ᠬᠥᠬᠡᠬᠣᠲᠠ ᠴᠢᠷᠮᠠᠢ! ᠪᠤᠭᠤᠲᠤ ᠴᠢᠷᠮᠠᠢ! ᠮᠠᠨᠵᠤᠤᠷ ᠴᠢᠷᠮᠠᠢ!
ᠥᠪᠥᠷ ᠮᠣᠩᠭᠣᠯ᠂ ᠴᠢᠷᠮᠠᠶ!
ᠢᠷᠡᠯᠲᠡ᠄ ᠲᠠᠯ᠎ᠠ ᠨᠤᠲᠤᠭ᠎ᠤᠨ ᠡᠭᠦᠯᠡ ᠱᠢᠯᠵᠢᠶ᠎ᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃