2022-02-22 10:41:19
ᠣᠳᠣᠬᠠᠨ ᠤ ᠬᠢᠵᠢᠭ᠎ᠦᠨ ᠪᠠᠢᠳᠠᠯ ᠢ ᠰᠡᠷᠭᠡᠢᠯᠡᠨ ᠡᠵᠡᠮᠳᠡᠬᠦ᠌ ᠪᠠᠢᠳᠠᠯ᠎ᠳᠤ ᠴᠢᠭᠯᠡᠭᠦᠯᠦᠨ᠂ 2 ᠰᠠᠷ᠎ᠠ᠎ᠶ᠋ᠢᠨ 20᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠠᠭᠠᠨ ᠵᠠᠭᠠᠯᠮᠠᠢᠲᠠᠨ᠎ᠤ ᠨᠡᠢᠭᠡᠮᠯᠢᠭ᠎ᠡᠴᠡ ᠬᠥᠬᠡᠬᠣᠲᠠ ᠶ᠋ᠢᠨ ᠤᠯᠠᠭᠠᠨ ᠵᠠᠭᠠᠯᠮᠠᠢᠲᠠᠨ᠎ᠤ ᠨᠡᠢᠭᠡᠮᠯᠢᠭ᠎ᠲᠦ 48300 ᠲᠥᠭᠥᠷᠢᠭ᠎ᠦᠨ ᠥᠷᠲᠡᠭ ᠪᠥᠬᠥᠶ 23 ᠮᠠᠢᠬᠠᠨᠢ ᠪᠠᠴᠢᠮ ᠱᠢᠯᠵᠢᠭᠦᠯᠦᠨ ᠥᠭ᠌ᠴᠦ᠂ ᠬᠢᠵᠢᠭ᠎ᠲᠡᠶ ᠲᠡᠮᠡᠴᠡᠬᠦ᠌ ᠡᠮᠦᠨ᠎ᠡ ᠹᠷᠣᠨᠲ᠎ᠲᠤ 《ᠳᠠᠢᠴᠢᠨ ᠪᠡᠬᠢᠯᠡᠯᠲᠡ》 ᠪᠠᠢᠭᠤᠯᠤᠨ ᠥᠭ᠌ᠪᠡ᠃

ᠲᠤᠰ ᠪᠦᠯᠦᠭ ᠡᠳ᠋ ᠪᠣᠳᠠᠰ᠎ᠢ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠳᠡᠮᠵᠢᠬᠦ᠌᠎ᠳᠦ ᠬᠡᠷᠡᠭ᠌ᠯᠡᠪᠡ᠃

ᠲᠠᠨᠢᠯᠴᠠᠭᠤᠯᠤᠭ᠍ᠰᠠᠨ᠎ᠢᠶᠠᠷ᠂ ᠬᠥᠬᠡᠬᠣᠲᠠ᠎ᠳᠤ ᠱᠢᠨ᠎ᠡ ᠨᠢᠭᠡ ᠡᠭᠡᠯᠵᠢ᠎ᠶ᠋ᠢᠨ ᠬᠢᠵᠢᠭ᠎ᠦᠨ ᠪᠠᠢᠳᠠᠯ ᠡᠭᠦᠰᠦᠭᠰᠡᠨ᠎ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠤᠯᠠᠭᠠᠨ ᠵᠠᠭᠠᠯᠮᠠᠢᠲᠠᠨ᠎ᠤ ᠨᠡᠢᠭᠡᠮᠯᠢᠭ ᠠᠮᠢ ᠨᠠᠰᠤ᠎ᠶ᠋ᠢ ᠳᠡᠭᠡᠳᠦᠯᠡᠬᠦ᠌᠂ ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠵᠤ᠂ ᠬᠢᠵᠢᠭ᠎ᠦᠨ ᠪᠠᠢᠳᠠᠯ᠎ᠢᠶᠠᠷ ᠵᠠᠷᠯᠢᠭ ᠪᠣᠯᠭᠠᠨ᠂ ᠰᠡᠷᠭᠡᠢᠯᠡᠨ ᠡᠵᠡᠮᠳᠡᠬᠦ᠌ ᠪᠡᠷ ᠬᠠᠷᠢᠭᠤᠴᠠᠯᠭ᠎ᠠ ᠪᠣᠯᠭᠠᠵᠤ᠂ ᠤᠷᠢᠳ ᠬᠣᠵᠢᠳ ᠬᠥᠬᠡᠬᠣᠲᠠ ᠣᠷᠣᠨ᠎ᠳᠤ ᠬᠥᠪᠥᠩ ᠮᠠᠢᠬᠠᠨ᠂ N95 ᠠᠮᠠᠪᠴᠢ᠂ ᠡᠮᠨᠡᠯᠭᠡ᠎ᠳᠦ ᠬᠡᠷᠡᠭ᠌ᠯᠡᠬᠦ᠌ ᠭᠠᠳᠠᠷ ᠰᠠᠯᠠᠭᠠᠨ᠎ᠤ ᠠᠮᠠᠪᠴᠢ᠂ ᠬᠠᠮᠠᠭᠠᠯᠠᠯᠲᠠ᠎ᠶ᠋ᠢᠨ ᠬᠤᠪᠴᠠᠰᠤ᠂ ᠨᠢᠭᠡ ᠤᠳᠠᠭ᠎ᠠ ᠶ᠋ᠢᠨ ᠴᠢᠨᠠᠷᠲᠠᠶ ᠪᠡᠭᠡᠯᠡᠶ᠂ ᠠᠷᠢᠭᠤᠳᠭᠠᠬᠤ ᠱᠢᠩᠭᠡᠨ᠂ ᠬᠥᠪᠥᠩ ᠳ᠋ᠠᠴᠠᠩ ᠵᠡᠷᠭᠡ ᠬᠢᠵᠢᠭ᠎ᠲᠡᠶ ᠲᠡᠮᠡᠴᠡᠬᠦ᠌ ᠡᠳ᠋ ᠪᠣᠳᠠᠰ᠎ᠢ ᠬᠤᠪᠢᠶᠠᠨ ᠥᠭ᠌ᠴᠦ᠂ ᠬᠥᠬᠡᠬᠣᠲᠠ ᠶ᠋ᠢᠨ ᠪᠥᠭᠡᠮ ᠬᠦᠴᠢᠯ᠎ᠦᠨ ᠪᠠᠢᠴᠠᠭᠠᠯᠲᠡ᠂ ᠨᠡᠢᠭᠡᠮ ᠲᠣᠭᠣᠷᠢᠭ᠎ᠤᠨ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌᠂ ᠰᠠᠢᠨ ᠳᠤᠷ᠎ᠠ᠎ᠶ᠋ᠢᠨ ᠦᠶ᠋ᠯᠡᠴᠢᠯᠡᠭᠡ ᠵᠡᠷᠭᠡ ᠠᠵᠢᠯ᠎ᠢ ᠥᠷᠨᠢᠭᠦᠯᠬᠦ᠌᠎ᠳᠦ ᠬᠡᠷᠡᠭ᠌ᠯᠡᠵᠦ᠍᠂ ᠬᠥᠬᠡᠬᠣᠲᠠ ᠣᠷᠣᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠣᠷᠢᠭ᠍ᠯᠠᠯᠲᠠ ᠶ᠋ᠢᠨ ᠳᠠᠢᠯᠠᠯᠳᠤᠭᠠᠨ᠎ᠤ ᠢᠯᠠᠯᠲᠠ᠎ᠶ᠋ᠢ ᠤᠯᠬᠤ᠎ᠳᠤ ᠤᠯᠠᠭᠠᠨ ᠵᠠᠭᠠᠯᠮᠠᠢᠲᠠᠨ᠎ᠤ ᠬᠦᠴᠦᠨ ᠴᠢᠳᠠᠯ᠎ᠢᠶᠠᠨ ᠡᠷᠭᠦᠪᠡ᠃

- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃