ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠥᠪᠥᠷ ᠮᠣᠩᠭᠣᠯ·ᠬᠠᠢᠷ᠎ᠠ ᠬᠠᠯᠠᠮᠵᠢ

2022-02-22 17:27:34

ᠵᠣᠬᠢᠶᠠᠭ᠍ᠴᠢ᠄ ᠢᠤᠢ ᠬᠦᠭ᠌ᠵᠢᠯᠲᠦ ᠣᠩᠱᠢᠭ᠍ᠰᠠᠨ ᠣᠳᠠᠭ᠎ᠠ᠄ 3

ᠬᠥᠬᠡᠬᠣᠲᠠ ᠎ᠶ᠋ᠢᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠳᠥᠷᠪᠡᠳᠦᠭᠡᠷ ᠳᠡᠰ᠎ᠤᠨ ᠪᠠᠢᠴᠠᠭᠠᠨ ᠰᠤᠳᠤᠯᠤᠭ᠍ᠴᠢ ᠱᠢᠨ ᠼᠠᠢ ᠶᠦᠨ᠎ᠤ ᠲᠠᠨᠢᠯᠴᠠᠭᠤᠯᠤᠬᠰᠠᠨ ᠵᠢᠡᠷ᠂ ᠣᠢᠷ᠎ᠠ᠎ᠶ᠋ᠢᠨ ᠬᠤᠭᠤᠴᠠᠭᠠᠨ ᠎ᠳᠤ ᠠᠭᠠᠷ᠎ᠤᠨ ᠳᠤᠯᠠᠭᠠᠨ ᠲᠦᠷᠭᠡᠨ ᠪᠠᠭᠤᠷᠠᠵᠤ᠂ ᠪᠥᠭᠡᠮ ᠬᠦᠴᠢᠯ᠎ᠢ ᠪᠠᠢᠴᠠᠭᠠᠬᠤ ᠠᠵᠢᠯ᠎ᠤᠨ ᠴᠠᠭ ᠪᠠᠴᠢᠮ᠂ ᠡᠭᠦᠷᠭᠡ ᠬᠦᠨᠳᠦ ᠪᠠᠢᠵᠤ᠂ ᠨᠢᠭᠡᠳᠦᠭᠡᠷ ᠹᠷᠣᠨᠲ᠎ᠤᠨ ᠦᠢ ᠣᠯᠠᠨ ᠬᠢᠵᠢᠭ᠎ᠲᠡᠶ ᠲᠡᠮᠡᠴᠡᠵᠤ ᠪᠠᠢᠭ᠎ᠠ ᠠᠵᠢᠯᠲᠠᠳ ᠣᠷᠳᠣ ᠬᠤᠭᠤᠴᠠᠭ᠎ᠠ᠎ᠪᠠᠷ ᠬᠡᠷ᠎ᠦᠨ ᠭᠠᠳᠠᠨ᠎ᠠ ᠠᠵᠢᠯᠯᠠᠵᠤ ᠪᠠᠢᠨ᠎ᠠ᠂ ᠡᠭᠦᠨ᠎ᠦ ᠲᠤᠯᠠᠳᠠ ᠬᠥᠬᠡᠬᠣᠲᠠ ᠠᠯᠢ ᠣᠯᠠᠨ ᠠᠷᠭ᠎ᠠ ᠬᠡᠮᠵᠢᠶ᠎ᠡ ᠠᠪᠴᠤ᠌᠂ ᠨᠢᠭᠡᠳᠦᠭᠡᠷ ᠹᠷᠣᠨᠲ᠎ᠤᠨ ᠠᠵᠢᠯᠲᠠᠳ᠎ᠤᠨ ᠡᠳ᠋ ᠪᠣᠳᠠᠰ᠎ᠤᠨ ᠬᠡᠷᠡᠭ᠌ᠴᠡᠭᠡ᠎ᠶ᠋ᠢ ᠪᠥᠬᠥ᠌ ᠬᠦᠴᠦᠨ᠎ᠢᠶᠡᠷ᠎ᠢᠶᠡᠨ ᠪᠠᠲᠤᠯᠠᠵᠤ᠂ ᠠᠷᠤ ᠲᠠᠯ᠎ᠠ᠎ᠶ᠋ᠢᠨ ᠠᠵᠢᠯ᠎ᠤᠨ ᠪᠠᠲᠤᠯᠠᠭ᠎ᠠ᠎ᠶ᠋ᠢ ᠰᠠᠢᠲᠤᠷ ᠬᠢᠵᠦ᠍ ᠪᠠᠢᠨ᠎ᠠ ᠭᠡᠵᠡᠶ᠃

21 ᠎ᠦ ᠡᠳᠦᠷ᠎ᠦᠨ 9 ᠴᠠᠭ ᠪᠣᠯᠲᠠᠯ᠎ᠠ᠂ ᠡᠯ᠎ᠡ ᠬᠣᠱᠢᠭᠤ ᠱᠢᠶᠠᠨ ᠲᠣᠭᠣᠷᠢᠭ᠎ᠤᠨ ᠵᠡᠭᠡᠯᠢ ᠭᠤᠳᠤᠮᠵᠢ᠎ᠶ᠋ᠢᠨ ᠨᠡᠢᠭᠡᠮ ᠲᠣᠭᠣᠷᠢᠭ ᠎ᠲᠤ ᠬᠠᠳᠠᠭᠠᠯᠠᠵᠤ ᠪᠠᠢᠭ᠎ᠠ ᠡᠳ᠋ ᠪᠣᠳᠠᠰ᠎ᠢ ᠪᠦᠬᠦᠨ᠎ᠢ ᠲᠠᠷᠬᠠᠭᠠᠭ᠍ᠰᠠᠨ᠎ᠠᠴᠠ ᠭᠠᠳᠠᠨ᠎ᠠ᠂ ᠬᠣᠱᠢᠭᠤ ᠱᠢᠶᠠᠨ ᠲᠣᠭᠣᠷᠢᠭ᠎ᠤᠨ ᠲᠣᠰ ᠱᠠᠲᠤᠨ᠎ᠤ ᠨᠥᠭᠡᠴᠡ ᠬᠥᠮᠥᠷᠭᠡ᠎ᠳᠦ 7 ᠵᠦᠶ᠋ᠯ᠎ᠦᠨ ᠬᠦᠶ᠋ᠲᠡᠨ ᠎ᠢ ᠰᠡᠷᠭᠡᠢᠯᠡᠬᠦ᠌ ᠡᠳ᠋ ᠪᠣᠳᠠᠰ᠎ᠢ ᠨᠡᠢᠲᠡ 29185 ᠬᠤᠪᠢ ᠲᠠᠷᠬᠠᠭᠠᠪᠠ᠃ ᠡᠭᠦᠨ᠎ᠦ ᠬᠠᠮᠲᠤ᠂ ᠡᠳᠦᠷ ᠪᠦᠷᠢ᠎ᠶ᠋ᠢᠨ ᠭᠤᠷᠪᠠᠨ ᠴᠠᠭ᠎ᠲᠤ ᠲᠣᠭ᠎ᠠ ᠪᠦᠷᠢᠳᠭᠡᠯ᠎ᠦᠨ ᠡᠳ᠋ ᠪᠣᠳᠠᠰ᠎ᠤᠨ ᠬᠤᠪᠢᠷᠠᠯᠲᠠ᠎ᠶ᠋ᠢᠨ ᠪᠠᠢᠳᠠᠯ᠎ᠢ ᠪᠦᠷᠢᠳᠭᠡᠵᠦ᠍᠂ ᠡᠳ᠋ ᠪᠣᠳᠠᠰ ᠳᠤᠲᠠᠭ᠍ᠳᠠᠵᠤ ᠪᠠᠢᠭ᠎ᠠ ᠬᠣᠱᠢᠭᠤ ᠱᠢᠶᠠᠨ ᠲᠣᠭᠣᠷᠢᠭ᠎ᠲᠤ ᠳᠠᠷᠤᠢᠬᠠᠨ ᠡᠳ᠋ ᠪᠣᠳᠠᠰ ᠨᠥᠬᠥᠪᠥᠷᠢᠯᠡᠵᠦ᠍᠂ ᠡᠮᠦᠨ᠎ᠡ ᠹᠷᠣᠨᠲ᠎ᠤᠨ ᠬᠢᠵᠢᠭ᠎ᠲᠡᠶ ᠲᠡᠮᠡᠴᠡᠬᠦ᠌ ᠠᠵᠢᠯᠲᠠᠳ᠎ᠤᠨ ᠬᠡᠷᠡᠭ᠌ᠴᠡᠭᠡ᠎ᠶ᠋ᠢ ᠪᠠᠲᠤᠯᠠᠬᠤ᠎ᠶ᠋ᠢ ᠵᠢᠯᠣᠭᠣᠳᠤᠨ ᠱᠠᠯᠠᠪᠳᠠᠭᠤᠯᠪᠠ᠃ ᠬᠥᠬᠡᠬᠣᠲᠠ᠎ᠶ᠋ᠢᠨ ᠨᠢᠭᠡᠳᠦᠭᠡᠷ ᠳᠡᠰ᠎ᠤᠨ ᠡᠮᠴᠢᠯᠡᠭᠡ ᠪᠠ ᠭᠠᠮᠱᠢᠭ᠎ᠠᠴᠠ ᠠᠪᠤᠷᠬᠠᠸ᠋ ᠡᠳ᠋ ᠪᠣᠳᠠᠰ ᠨᠥᠭᠡᠴᠡᠯᠡᠬᠦ᠌ ᠬᠥᠮᠥᠷᠭᠡ ᠴᠠᠭ ᠲᠤᠬᠠᠶ᠎ᠳᠤᠨᠢ ᠰᠠᠢᠲᠤᠷ ᠪᠡᠯᠡᠳᠭᠡᠯ ᠬᠢᠵᠦ᠍᠂ ᠬᠣᠱᠢᠭᠤ ᠱᠢᠶᠠᠨ ᠲᠣᠭᠣᠷᠢᠭ᠎ᠲᠤ ᠡᠳ᠋ ᠪᠣᠳᠠᠰ ᠳᠤᠲᠠᠭ᠍ᠳᠠᠵᠤ ᠪᠠᠢᠭ᠎ᠠ ᠪᠤᠶᠤ ᠪᠠᠴᠢᠮ ᠭᠡᠨᠡᠳᠲᠡ᠎ᠶ᠋ᠢᠨ ᠬᠡᠷᠡᠭ ᠶᠠᠪᠤᠳᠠᠯ ᠲᠤᠯᠭᠠᠷᠠᠬᠤ ᠦᠶ᠎ᠡ᠎ᠳᠦ ᠡᠳ᠋ ᠪᠣᠳᠠᠰ᠎ᠢ ᠱᠢᠯᠵᠢᠭᠦᠯᠦᠨ ᠲᠡᠭᠡᠭᠡᠪᠦᠷᠢᠯᠡᠬᠦ᠌᠎ᠶ᠋ᠢ ᠪᠠᠲᠤᠯᠠᠨ᠎ᠠ᠃

ᠡᠳ᠋ ᠪᠣᠳᠠᠰ ᠨᠥᠭᠡᠴᠡᠯᠡᠬᠦ᠌ ᠲᠠᠯ᠎ᠠ᠎ᠪᠠᠷ᠂ ᠣᠢᠷ᠎ᠠ᠎ᠶ᠋ᠢᠨ ᠡᠳᠦᠷ ᠠᠭᠠᠷ᠎ᠤᠨ ᠳᠤᠯᠠᠭᠠᠨ ᠪᠠᠭᠤᠷᠠᠭ᠍ᠰᠠᠨ ᠪᠠᠢᠳᠠᠯ᠎ᠳᠤ ᠴᠢᠭ᠌ᠯᠡᠭᠦᠯᠦᠨ᠂ ᠬᠣᠲᠠ᠎ᠶ᠋ᠢᠨ ᠭᠠᠮᠱᠢᠭ᠎ᠠᠴᠠ ᠠᠪᠤᠷᠬᠠᠸ᠋ ᠪᠠᠴᠢᠮ ᠪᠠᠢᠳᠠᠯ ᠎ᠢ ᠠᠷᠭᠠᠴᠠᠭᠠᠬᠤ ᠡᠳ᠋ ᠪᠣᠳᠠᠰ ᠨᠥᠭᠡᠴᠡᠯᠡᠬᠦ᠌ ᠬᠥᠮᠥᠷᠭᠡ᠎ᠡᠴᠡ ᠪᠣᠬᠢᠷᠲᠤᠯ ᠥᠬᠡᠶ ᠬᠤᠳᠠᠯᠳᠤᠨ ᠠᠪᠬᠤ ᠲᠠᠰ ᠳᠠᠷᠠᠭᠠᠯᠠᠯ ᠎ᠢ ᠡᠬᠢᠯᠡᠭᠦᠯᠵᠦ᠍᠂ ᠨᠢᠭᠡ ᠪᠦᠯᠦᠭ ᠬᠥᠪᠥᠩ ᠳ᠋ᠠᠴᠠᠩ᠂ ᠬᠥᠪᠥᠩ ᠪᠡᠭᠡᠯᠡᠶ᠂ ᠴᠠᠬᠢᠯᠭᠠᠨ ᠲᠤᠯᠠᠭᠠᠯᠠᠭᠤᠷ ᠵᠡᠷᠭᠡ ᠬᠦᠶ᠋ᠲᠡᠨ ᠎ᠢ ᠰᠡᠷᠭᠡᠢᠯᠡᠬᠦ ᠡᠳ᠋ ᠪᠣᠳᠠᠰ᠎ᠢ ᠪᠠᠴᠢᠮ ᠬᠤᠳᠠᠯᠳᠤᠨ ᠠᠪᠴᠤ᠌᠂ ᠪᠠᠴᠢᠮ ᠪᠠᠢᠳᠠᠯ ᠎ᠢ ᠠᠷᠭᠠᠴᠠᠭᠠᠨ ᠱᠢᠯᠵᠢᠭᠦᠯᠦᠨ ᠬᠡᠷᠡᠭ᠌ᠯᠡᠬᠦ᠌ ᠪᠡᠯᠡᠳᠭᠡᠯ ᠠᠵᠢᠯ᠎ᠢ ᠰᠠᠢᠲᠤᠷ ᠬᠢᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面