2022-02-23 10:27:25
2 ᠰᠠᠷ᠎ᠠ᠎ᠶᠢᠨ 20 ᠤ᠋ ᠡᠳᠦᠷ᠂ ᠪᠠᠶᠠᠨᠨᠠᠭᠤᠷ ᠬᠣᠲᠠ ᠪᠠᠴᠢᠮ ᠪᠠᠢᠳᠠᠯ᠎ᠢ ᠠᠷᠭᠠᠴᠠᠭᠠᠬᠤ 95 ᠬᠦᠮᠦᠨ᠎ᠤ ᠡᠮᠴᠢᠯᠡᠭᠡᠨ᠎ᠦ ᠠᠩᠭᠢ᠎ᠵᠢ ᠵᠣᠬᠢᠶᠠᠨ ᠪᠠᠢᠭᠤᠯᠵᠤ ᠬᠥᠬᠡᠬᠣᠲᠠ᠎ᠳᠤ ᠬᠦᠷᠴᠦ ᠡᠮᠴᠢᠯᠡᠭᠡᠨ᠎ᠦ ᠠᠪᠤᠷᠠᠨ ᠵᠠᠰᠠᠬᠤ ᠠᠵᠢᠯ᠎ᠳᠤ ᠣᠷᠣᠯᠴᠠᠭᠤᠯᠬᠤ ᠪᠡᠷ ᠲᠤᠮᠢᠯᠠᠪᠠ᠃ ᠣᠢᠷ᠎ᠠ᠎ᠳᠤ᠂ ᠪᠠᠶᠠᠨᠨᠠᠭᠤᠷ ᠬᠣᠲᠠ ᠬᠣᠶᠠᠷ ᠪᠦᠯᠦᠭ ᠬᠤᠪᠢᠶᠠᠠ105 ᠡᠮᠴᠢ ᠰᠤᠪᠢᠯᠠᠭᠴᠢ ᠲᠣᠮᠢᠯᠠᠨ ᠬᠥᠬᠡᠬᠣᠲᠠ᠎ᠶᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠪᠠ ᠡᠮᠴᠢᠯᠡᠭᠡᠨ᠎ᠦ ᠠᠪᠤᠷᠠᠨ ᠵᠠᠰᠠᠬᠤ ᠠᠵᠢᠯ᠎ᠢ ᠲᠤᠰᠠᠯᠠᠵᠤ ᠪᠤᠢ ᠃
2 ᠰᠠᠷ᠎ᠠ᠎ᠶᠢᠨ 18 ᠤ᠋ ᠡᠳᠦᠷ᠂ ᠪᠠᠶᠠᠨᠨᠠᠭᠤᠷ ᠬᠣᠲᠠ ᠪᠥᠭᠡᠮ ᠬᠦᠴᠢᠯ᠎ᠦᠨ ᠲᠤᠷᠰᠢᠯᠲᠠ᠎ᠶᠢᠨ ᠲᠠᠰᠤᠭ᠎ᠤᠨ 10 ᠰᠢᠯᠭᠠᠨ ᠪᠠᠢᠴᠠᠭᠠᠬᠤ ᠠᠵᠢᠯᠲᠠᠨ ᠲᠣᠮᠢᠯᠠᠵᠤ᠂ ᠬᠥᠬᠡᠬᠣᠲᠠ᠎ᠶᠢᠨ ᠪᠥᠭᠡᠮ ᠬᠦᠴᠢᠯ᠎ᠦᠨ ᠪᠠᠢᠴᠠᠭᠠᠯᠳᠠ ᠵᠢᠨ ᠠᠵᠢᠯ᠎ᠢ ᠲᠤᠰᠠᠯᠠᠪᠠ᠃ 2 ᠰᠠᠷ᠎ᠠ᠎ᠶᠢᠨ 20 ᠤ᠋ ᠡᠳᠦᠷ᠂ ᠪᠠᠶᠠᠨᠨᠠᠭᠤᠷ ᠬᠣᠲᠠ᠎ᠶᠢᠨ ᠡᠮᠨᠡᠯᠭᠡ᠎ᠶᠢᠨ ᠬᠣᠷᠢᠶᠠᠪᠠᠰᠠ ᠡᠮᠴᠢᠯᠡᠭᠡ᠂ ᠰᠤᠪᠢᠯᠠᠯᠲᠠ᠂ ᠬᠠᠯᠳᠠᠪᠤᠷᠢᠯᠠᠯ᠎ᠢ ᠡᠵᠡᠮᠳᠡᠵᠦ ᠠᠷᠢᠭᠤᠳᠬᠠᠬᠤ ᠠᠵᠢᠯ᠎ᠤᠨ ᠪᠠᠢᠷᠢ᠎ᠶᠢᠨ 95 ᠡᠮᠴᠢ ᠰᠤᠪᠢᠯᠠᠭᠴᠢ ᠵᠢ ᠰᠤᠨᠭᠭᠤᠠ᠂ ᠬᠥᠬᠡᠬᠣᠲᠠ᠎ᠶᠢ ᠲᠤᠰᠠᠯᠠᠬᠤ ᠬᠢᠵᠢᠭ᠎ᠲᠡᠶ ᠲᠡᠮᠡᠴᠡᠬᠦ ᠡᠮᠴᠢᠯᠡᠭᠡᠨ᠎ᠦ ᠠᠩᠭᠢ ᠵᠢ ᠪᠠᠢᠭᠤᠯᠵᠤ᠂ ᠬᠥᠬᠡᠬᠣᠲᠠ᠎ᠳᠤ ᠬᠦᠷᠴᠦ ᠬᠢᠵᠢᠭ᠎ᠦᠨ ᠪᠠᠢᠳᠠᠯ᠎ᠢ ᠲᠤᠰᠠᠯᠠᠬᠤ ᠠᠵᠢᠯ ᠥᠷᠨᠢᠭᠦᠯᠪᠡ᠂ ᠡᠭᠦᠨ᠎ᠳᠦ ᠡᠮᠴᠢ 23᠂ ᠰᠤᠪᠢᠯᠠᠭᠴᠢ 50᠂ ᠬᠠᠯᠳᠠᠪᠤᠷᠢᠯᠠᠯ᠎ᠢ ᠡᠵᠡᠮᠳᠡᠬᠦ ᠠᠵᠢᠯᠲᠠᠨ 8᠂ ᠠᠷᠢᠭᠤᠳᠬᠠᠬᠤ ᠠᠵᠢᠯᠲᠠᠨ14 ᠪᠠᠭᠲᠠᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃