2022-02-23 10:22:17
2 ᠰᠠᠷ᠎ᠠ᠎ᠶ᠋ᠢᠨ 21 ᠤ᠋ ᠡᠳᠦᠷ᠂ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ ᠡᠮᠨᠡᠯᠭᠡ᠎ᠶ᠋ᠢᠨ ᠶᠠᠪᠤᠳᠠᠯ ᠡᠮᠨᠡᠯᠭᠡ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ᠎ᠡᠴᠡ ᠣᠢᠯᠠᠭᠠᠭ᠍ᠰᠠᠨ᠎ᠢᠶᠠᠷ᠂ ᠣᠳᠣᠬᠠᠨ᠎ᠳᠤ ᠮᠠᠨ᠎ᠤ ᠣᠷᠣᠨ ᠡᠯ᠎ᠡ ᠠᠢᠮᠠᠭ ᠬᠤᠳᠠ᠎ᠡᠴᠡ 222 ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠠᠵᠢᠯᠳᠠᠨ᠎ᠢ ᠰᠢᠯᠵᠢᠭᠦᠯᠦᠨ ᠲᠣᠮᠢᠯᠠᠵᠦ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠳ᠋ᠦ ᠲᠤᠰᠠᠯᠠᠵᠦ ᠪᠤᠢ᠃
ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ ᠡᠮᠨᠡᠯᠭᠡ᠎ᠶ᠋ᠢᠨ ᠶᠠᠪᠤᠳᠠᠯ ᠡᠮᠨᠡᠯᠭᠡ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠳᠠᠷᠤᠭ᠎ᠠ ᠼᠤᠤ ᠲᠢᠶᠸ ᠵᠢᠶᠦ᠋ᠨ᠎ᠦ ᠲᠠᠨᠢᠯᠴᠠᠭᠤᠯᠤᠭ᠍ᠰᠠᠨ᠎ᠢᠶᠠᠷ᠂ 2 ᠰᠠᠷ᠎ᠠ᠎ᠶ᠋ᠢᠨ 18 ᠤ᠋ ᠡᠳᠦᠷ᠂ ᠤᠯᠠᠭᠠᠨᠬᠠᠳᠠ ᠬᠣᠲᠠ᠎ᠶ᠋ᠢᠨ 20 ᠨᠡᠷᠡᠰ ᠂ ᠦᠬᠠᠶ ᠬᠣᠲᠠ᠎ᠶ᠋ᠢᠨ 10 ᠨᠡᠷᠡᠰ᠂ ᠪᠠᠶᠠᠨᠨᠠᠭᠤᠷ ᠬᠣᠲᠠ᠎ᠶ᠋ᠢᠨ 10 ᠨᠡᠷᠡᠰ ᠪᠥᠭᠡᠮ ᠬᠦᠴᠢᠯ᠎ᠦᠨ ᠪᠠᠢᠴᠠᠭᠠᠯᠳᠠ ᠵᠢᠨ ᠠᠵᠢᠯᠲᠠᠨ ᠬᠥᠬᠡᠬᠣᠲᠠ᠎ᠳᠤ ᠬᠥᠷᠪᠡ; 2 ᠰᠠᠷ᠎ᠠ᠎ᠶ᠋ᠢᠨ 19 ᠤ᠋ ᠡᠳᠦᠷ᠂ ᠬᠢᠩᠭᠠᠨ ᠠᠢᠮᠠᠭ᠎ᠤᠨ 20 ᠨᠡᠷᠡᠰ᠂ ᠲᠦᠩᠯᠢᠶᠣᠤ ᠬᠣᠲᠠ᠎ᠶ᠋ᠢᠨ 20 ᠨᠡᠷᠡᠰ᠂ ᠱᠢᠯᠢ᠎ᠶ᠋ᠢᠨ ᠭᠤᠤᠯ ᠠᠢᠮᠠᠭ᠎ᠤᠨ 10 ᠨᠡᠷᠡᠰ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠠᠵᠢᠯᠲᠠᠨ ᠬᠥᠬᠡᠬᠣᠲᠠ᠎ᠳᠤ ᠬᠥᠷᠪᠡ; 2 ᠰᠠᠷ᠎ᠠ᠎ᠶ᠋ᠢᠨ 20 ᠤ᠋ ᠡᠳᠦᠷ ᠂ ᠤᠯᠠᠭᠠᠨᠴᠠᠪ ᠬᠣᠲᠠ᠎ᠶ᠋ᠢᠨ 9 ᠨᠡᠷᠡᠰ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠠᠵᠢᠯᠲᠠᠨ ᠬᠥᠬᠡᠬᠣᠲᠠ᠎ᠳᠤ ᠬᠥᠷᠪᠡ ᠂ ᠲᠣᠰ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ᠎ᠶ᠋ᠢᠨ ᠬᠣᠷᠢᠶ᠎ᠠ 4 ᠨᠡᠷᠡᠰ ᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶ᠋ᠢᠨ ᠬᠠᠷᠢᠶᠠᠲᠤ ᠡᠮᠨᠡᠯᠭᠡ᠎ᠶ᠋ᠢᠨ ᠬᠣᠷᠢᠶ᠎ᠠ 4 ᠨᠡᠷᠡᠰ ᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶ᠋ᠢᠨ ᠬᠣᠶᠠᠳᠤᠭᠠᠷ ᠬᠠᠷᠢᠶᠠᠲᠤ ᠡᠮᠨᠡᠯᠭᠡ᠎ᠶ᠋ᠢᠨ ᠬᠣᠷᠢᠶ᠎ᠠ 3 ᠨᠡᠷᠡᠰ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠠᠵᠢᠯᠲᠠᠨ ᠲᠣᠮᠢᠯᠠᠵᠤ ᠬᠥᠬᠡᠬᠣᠲᠠ᠎ᠶ᠋ᠢᠨ ᠪᠥᠭᠡᠮ ᠬᠦᠴᠢᠯ᠎ᠦᠨ ᠪᠠᠢᠴᠠᠭᠠᠯᠲᠠ᠎ᠵᠢᠨ ᠠᠵᠢᠯ ᠢ ᠲᠤᠰᠠᠯᠠᠪᠠ; 2 ᠰᠠᠷ᠎ᠠ᠎ᠶ᠋ᠢᠨ 21 ᠤ᠋ ᠡᠳᠦᠷ ᠂ ᠠᠯᠠᠱᠠ ᠠᠢᠮᠠᠭ᠎ᠤᠨ 10 ᠨᠡᠷᠡᠰ᠂ ᠤᠯᠠᠭᠠᠨᠬᠠᠳᠠ ᠬᠣᠲᠠ᠎ᠶ᠋ᠢᠨ 60 ᠨᠡᠷᠡᠰ ᠪᠥᠭᠡᠮ ᠬᠦᠴᠢᠯ᠎ᠦᠨ ᠪᠠᠢᠴᠠᠭᠠᠯᠳᠠ ᠵᠢᠨ ᠠᠵᠢᠯᠲᠠᠨ ᠬᠥᠬᠡᠬᠣᠲᠠ᠎ᠳᠤ ᠬᠥᠷᠪᠡ; ᠲᠤᠰ ᠡᠳᠦᠷ᠂ ᠤᠷᠳᠤᠰ ᠬᠤᠳᠠ᠎ᠶ᠋ᠢᠨ 12 ᠨᠡᠷᠡᠰ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠠᠵᠢᠯᠳᠠᠨ ᠤᠷᠳᠤᠰ ᠬᠤᠳᠠ᠎ᠡᠴᠡ ᠮᠣᠷᠳᠠᠪᠠ᠃ ᠡᠭᠦᠨ᠎ᠡᠴᠡ ᠭᠠᠳᠠᠨ᠎ᠠ᠂ ᠱᠢᠯᠢ᠎ᠶ᠋ᠢᠨ ᠭᠤᠤᠯ ᠠᠢᠮᠠᠭ᠎ᠤᠨ 10 ᠨᠡᠷᠡᠰ᠂ ᠬᠥᠯᠥᠨ ᠪᠣᠢᠷ ᠬᠣᠲᠠ᠎ᠶ᠋ᠢᠨ 20 ᠨᠡᠷᠡᠰ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠠᠵᠢᠯᠲᠠᠨ 2 ᠰᠠᠷ᠎ᠠ᠎ᠶ᠋ᠢᠨ 22 ᠤ᠋ᠨ ᠡᠳᠦᠷ ᠬᠦᠷᠴᠦ᠍ ᠢᠷᠡᠪᠡ᠃ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠠᠵᠢᠯᠲᠠᠳ ᠬᠥᠬᠡᠬᠣᠲᠠ᠎ᠳᠤ ᠬᠦᠷᠦᠭ᠌ᠰᠡᠨ᠎ᠦ ᠳᠠᠷᠠᠭ᠎ᠠ ᠲᠡᠷᠡ ᠳᠠᠷᠤᠶ᠎ᠳᠤᠨᠢ ᠪᠥᠭᠡᠮ ᠬᠦᠴᠢᠯ᠎ᠦᠨ ᠥᠯᠢᠭᠡᠷ ᠪᠠᠢᠴᠠᠭᠠᠬᠤ ᠠᠵᠢᠯ᠎ᠳᠤ ᠣᠷᠣᠯᠴᠠᠵᠤ᠂ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠡᠩᠨᠡᠭᠡ᠎ᠶ᠋ᠢ ᠥᠷᠭᠡᠳᠭᠡᠨ ᠲᠡᠭᠦᠯᠳᠡᠷᠵᠢᠭᠦᠯᠵᠦ᠍᠂ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠴᠢᠳᠠᠪᠤᠷᠢ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠦᠭᠰᠡᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃