2022-02-23 11:04:43
2 ᠰᠠᠷ᠎ᠠ᠎ᠶ᠋ᠢᠨ 22᠎ᠤᠨ ᠡᠳᠤᠷ᠂ ᠦᠪᠤᠷ ᠮᠤᠩᠭᠤᠯ᠎ᠤᠨ ᠡᠳᠤᠷ᠎ᠤᠨ ᠰᠤᠨᠢᠨ᠎ᠤ ᠬᠤᠷᠢᠶ᠎ᠠ ᠬᠦᠬᠡᠬᠤᠳᠠ᠎ᠶ᠋ᠢᠨ ᠤᠯᠠᠭᠠᠨ ᠵᠠᠭᠠᠯᠮᠠᠢᠳᠠᠨ᠎ᠤ ᠨᠡᠢᠭᠡᠮᠯᠢᠭ ᠢᠳᠡᠪᠬᠢ ᠴᠢᠨᠠᠷᠳᠠᠢ ᠤᠰᠤᠳᠦ᠋ᠷᠦᠭ᠌ᠴᠢ ᠺᠤᠮᠫᠠᠨᠢ᠎ᠲᠠᠢ ᠬᠠᠮᠳᠤᠷᠠᠵᠦ᠂ ᠬᠦᠬᠡᠬᠤᠳᠠ᠎ᠳᠤ ᠱᠢᠨ᠎ᠡ ᠲᠢᠳᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ ᠡᠭᠦᠰᠦᠭ᠌ᠰᠡᠨ᠎ᠠᠴᠠ ᠨᠠᠭᠠᠰᠢ ᠪᠢᠳᠡᠬᠦᠮᠵᠢᠯᠡᠨ ᠡᠵᠡᠮᠳᠡᠬᠦ ᠪᠠ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠤᠬᠰᠠᠨ ᠢ ᠾᠧ ᠰᠠᠭᠤᠭᠠᠯᠢ ᠠᠷᠠᠳ᠎ᠤᠨ ᠲᠤᠭᠤᠷᠢᠭ᠂ ᠲᠡᠮᠤᠷ ᠵᠠᠮ᠎ᠤᠨ ᠰᠠᠭᠤᠭᠠᠯᠢ ᠠᠷᠠᠳ᠎ᠤᠨ ᠲᠤᠭᠤᠷᠢᠭ ᠵᠡᠷᠭᠡ 7 ᠰᠠᠭᠤᠭᠠᠯᠢ ᠠᠷᠠᠳ᠎ᠤᠨ ᠲᠤᠭᠤᠷᠢᠭ᠎ᠢᠶᠠᠷ ᠬᠦᠷᠴᠤ᠌᠂ ᠪᠦᠭᠡᠮ ᠬᠦᠴᠢᠯ᠎ᠤᠨ ᠪᠠᠢᠴᠠᠭᠠᠯᠳᠠ ᠬᠢᠵᠤ ᠪᠠᠢᠭ᠎ᠠ ᠡᠮᠴᠢ ᠰᠤᠪᠢᠯᠠᠭ᠍ᠴᠢ ᠨᠠᠷ ᠵᠢᠴᠢ ᠰᠠᠢᠨ ᠲᠤᠷᠠᠴᠤᠳ᠎ᠲᠤ ᠤᠤᠭᠤᠬᠤ ᠤᠰᠤ᠂ ᠲᠤᠯᠠᠭᠠᠨ᠎ᠢ ᠬᠠᠳᠠᠭᠠᠯᠠᠬᠤ ᠲᠡᠪᠤᠷ᠎ᠠ ᠴᠤᠮᠤ ᠵᠡᠷᠭᠡ ᠡᠳ᠋ ᠪᠤᠳᠠᠰ ᠬᠦᠷᠭᠡᠬᠦ᠌ ᠠᠵᠢᠯᠯᠠᠭ᠎ᠠ᠎ᠶ᠋ᠢ ᠦᠷᠨᠢᠬᠦᠯᠪᠡ᠃ ᠢᠳᠡᠪᠬᠢ ᠴᠢᠨᠠᠷᠳᠠᠢ ᠤᠰᠤᠳᠦ᠋ᠷᠦᠭ᠌ᠴᠢ ᠺᠤᠮᠫᠠᠨᠢ᠎ᠶ᠋ᠢᠨ ᠯᠢᠤ ᠵᠠᠬᠢᠷᠤᠯ᠄《ᠬᠢᠵᠢᠭ᠎ᠢ ᠰᠡᠷᠭᠡᠢᠯᠡᠨ ᠡᠵᠡᠮᠳᠡᠬᠦ᠌ ᠠᠵᠢᠯ ᠪᠤᠯ ᠪᠢᠳᠡ ᠬᠦᠮᠦᠨ ᠨᠢᠭᠡ ᠪᠦᠷᠢ᠎ᠶ᠋ᠢᠨ ᠠᠮᠤᠷ ᠮᠡᠨᠳᠤ᠎ᠳᠤ ᠬᠤᠯᠪᠤᠭ᠍ᠳᠠᠬᠤ ᠴᠢᠬᠤᠯᠠ ᠵᠦᠢᠯ ᠪᠤᠯᠤᠨ᠎ᠠ᠃ ᠤᠳᠤᠬᠠᠨ᠎ᠤ ᠪᠠᠢᠳᠠᠯ᠎ᠢᠶᠠᠷ ᠠᠪᠴᠤ᠌ ᠬᠡᠯᠡᠪᠡᠯ᠂ ᠬᠢᠵᠢᠭ᠎ᠤᠨ ᠡᠮᠦᠨ᠎ᠡ ᠹᠷᠤᠨᠲ᠎ᠲᠤ ᠠᠵᠢᠯᠯᠠᠵᠤ ᠪᠠᠢᠭ᠎ᠠ ᠡᠮᠴᠢ ᠰᠤᠪᠢᠯᠠᠭ᠍ᠴᠢ ᠵᠢᠴᠢ ᠰᠠᠢᠨ ᠲᠤᠷᠠᠴᠤᠳ ᠪᠤᠯ ᠬᠠᠮᠤᠭ᠎ᠠᠴᠠ ᠶᠠᠳᠠᠷᠠᠵᠤ ᠵᠦᠳᠡᠷᠡᠵᠤ ᠪᠠᠢᠭ᠎ᠠ ᠬᠦᠮᠦᠰ᠂ ᠲᠡᠭᠡᠭᠦᠯᠡᠷ ᠪᠢᠳᠡ ᠴᠢᠳᠠᠯ᠎ᠤᠨ ᠬᠢᠷᠢ᠎ᠪᠠᠷ ᠪᠠᠭ᠎ᠠ ᠴᠤ᠌ ᠭᠡᠰᠡᠨ ᠳᠤᠰᠠ ᠳᠡᠮ ᠪᠤᠯᠬᠤ᠎ᠨᠢ ᠵᠦᠢᠳᠠᠢ᠃ ᠪᠢᠳᠡ ᠡᠬᠢᠯᠡᠭᠡᠳ ᠡᠳᠡᠭᠡᠷ ᠵᠦᠢᠯᠡᠰ᠎ᠢ ᠬᠦᠬᠡᠬᠤᠳᠠ᠎ᠶ᠋ᠢᠨ ᠤᠯᠠᠭᠠᠨ ᠵᠠᠭᠠᠯᠮᠠᠢᠳᠠᠨ᠎ᠤ ᠨᠡᠢᠭᠡᠮᠯᠢᠭ᠎ᠲᠤ ᠬᠠᠨᠳᠢᠪᠯᠡᠵᠤ ᠦᠭ᠌ᠭᠦᠭ᠌ᠰᠡᠨ᠂ ᠤᠯᠠᠭᠠᠨ ᠵᠠᠭᠠᠯᠮᠠᠢᠳᠠᠨ᠎ᠤ ᠨᠡᠢᠭᠡᠮᠯᠢᠭ᠎ᠤᠨ ᠬᠢᠨ ᠡᠳᠡᠭᠡᠷ ᠡᠳ᠋ ᠪᠤᠳᠠᠰ᠎ᠤᠨ ᠦᠨ᠎ᠡ ᠬᠠᠨᠭᠰᠢ ᠵᠡᠷᠭᠡ᠎ᠶ᠋ᠢ ᠪᠠᠢᠴᠠᠭᠠᠨ ᠱᠢᠯᠭᠠᠭᠰᠡᠨᠤ ᠲᠠᠷᠠᠭ᠎ᠠ᠂ ᠪᠢᠳᠡ ᠲᠠᠬᠢᠨ ᠲᠡᠳᠡᠨ᠎ᠤ ᠨᠠᠢᠳᠠᠯᠭ᠎ᠠ᠎ᠶ᠋ᠢ ᠬᠦᠯᠢᠶᠡᠵᠤ᠂ ᠦᠪᠤᠷ ᠮᠤᠩᠭᠤᠯ᠎ᠤᠨ ᠡᠳᠤᠷ᠎ᠤᠨ ᠰᠤᠨᠢᠨ᠎ᠤ ᠬᠤᠷᠢᠶ᠎ᠠ᠎ᠶ᠋ᠢᠨ 〈ᠲᠠᠯ᠎ᠠ ᠨᠤᠳᠤᠭ᠎ᠤᠨ ᠡᠭᠦᠯᠡ〉 ᠲᠠᠪᠴᠠᠩ᠎ᠲᠠᠢ ᠬᠠᠮᠳᠤᠷᠠᠨ ᠰᠠᠭᠤᠭᠠᠯᠢ ᠠᠷᠠᠳ᠎ᠤᠨ ᠲᠤᠭᠤᠷᠢᠭ᠎ᠲᠠᠢ ᠬᠠᠷᠢᠯᠴᠠᠵᠤ ᠡᠨᠡ ᠬᠦ᠌ ᠠᠵᠢᠯᠯᠠᠭ᠎ᠠ᠎ᠪᠠᠨ ᠶᠠᠪᠤᠭ᠍ᠳᠠᠭᠤᠯᠵᠤ ᠪᠠᠢᠭ᠎ᠠ ᠪᠢᠯᠡ᠃ ᠮᠠᠨ᠎ᠤ ᠡᠨᠡ ᠬᠦ᠌ ᠠᠵᠢᠯᠯᠠᠭ᠎ᠠ᠎ᠨᠢ ᠦᠨᠦᠳᠤᠷ᠎ᠢᠶᠠᠷ ᠵᠤᠭ᠍ᠰᠤᠬᠤ ᠪᠢᠰᠢ᠂ ᠬᠢᠵᠢᠭ᠎ᠤᠨ ᠬᠤᠭᠤᠴᠠᠭᠠᠨ᠎ᠳᠤ ᠦᠷᠬᠦᠯᠵᠢᠯᠡᠨ ᠶᠠᠪᠤᠭ᠍ᠳᠠᠬᠤ ᠪᠤᠯᠤᠨ᠎ᠠ》ᠭᠡᠵᠦ ᠪᠠᠢᠯ᠎ᠡ᠃
ᠡᠭᠡ ᠪᠢᠴᠢᠭ᠄
ᠰᠡᠷᠭᠦᠯᠡᠩᠴᠡᠴᠡᠭ
ᠰᠤᠷᠪᠤᠯᠵᠢᠯᠠᠭ᠍ᠴᠢ᠂
ᠰᠡᠭᠦᠳᠡᠷᠯᠡᠭ᠌ᠴᠢ᠄
ᠠᠯᠤᠰ ᠰᠠᠨᠰᠠᠷ
ᠹᠢᠯᠢᠮ ᠦᠢᠯᠡᠳᠦᠭ᠌ᠴᠢ᠄
ᠰᠠᠨᠰᠠᠷ
ᠬᠢᠨᠠᠭ᠍ᠴᠢ᠄
ᠪᠤᠤ ᠰᠠᠷᠠᠭᠤᠯ
ᠬᠢᠨᠠᠨ ᠦᠢᠯᠡᠳᠦᠭ᠌ᠴᠢ᠄
ᠨᠠᠷᠠᠨᠬᠦᠦ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃