2022-02-23 11:00:33
ᠲᠡᠳᠡᠨ᠎ᠦ ᠪᠠᠷ᠎ᠠ᠎ᠶ᠋ᠢ ᠣᠯᠵᠤ ᠬᠠᠷᠠᠬᠤ ᠪᠡᠷ ᠰᠠᠨᠠᠭ᠎ᠠ ᠠᠮᠤᠷ ᠪᠤᠯᠳᠠᠭ
2 ᠰᠠᠷ᠎ᠠ᠎ᠶ᠋ᠢᠨ 21᠎ᠦ ᠥᠷᠯᠥᠭᠡ᠂ ᠬᠥᠬᠡᠬᠣᠲᠠ ᠶ᠋ᠢᠨ ᠦᠴᠦᠸᠠᠨ ᠱᠢᠶᠠᠨ᠎ᠤ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠠᠵᠢᠯᠲᠠᠳ ᠲᠡᠭ᠎ᠡᠴᠡ ᠳᠣᠷᠣᠭ᠍ᠰᠢ 21 ᠭᠷᠠᠳᠦ᠋ᠰ᠎ᠦᠨ ᠬᠦᠶ᠋ᠲᠡᠨ ᠰᠠᠯᠬᠢ᠎ᠶ᠋ᠢ ᠰᠥᠷᠴᠦ᠍᠂ ᠵᠢᠷᠭᠤᠳᠡᠭᠢ ᠤᠳᠠᠭ᠎ᠠ ᠪᠡᠨ ᠳᠡᠭᠡᠷ᠎ᠡ ᠲᠣᠬᠣᠶ ᠱᠢᠶᠠᠩ᠎ᠤᠨ ᠱᠢᠶᠠ ᠭᠧ ᠪᠧᠨ ᠲᠣᠰᠭᠣᠨ᠎ᠳᠤ ᠬᠦᠷᠴᠦ᠍᠂ ᠲᠣᠰᠭᠣᠨ᠎ᠤ ᠠᠷᠠᠳ᠎ᠲᠤ ᠵᠢᠷᠭᠤᠳᠤᠭᠠᠷ ᠡᠭᠡᠯᠵᠢ᠎ᠶ᠋ᠢᠨ ᠪᠥᠭᠡᠮ ᠬᠦᠴᠢᠯ᠎ᠦᠨ ᠪᠠᠢᠴᠠᠭᠠᠯᠲᠠ ᠬᠢᠪᠠ᠃

ᠡᠮᠴᠢ ᠰᠤᠪᠢᠯᠠᠭ᠍ᠴᠢᠳ᠎ᠲᠠᠶ ᠬᠠᠮᠲᠤ ᠢᠷᠡᠭ᠌ᠰᠡᠨ ᠬᠥᠮᠦᠰ᠎ᠦᠨ ᠳᠣᠲᠣᠷ᠎ᠠ ᠪᠠᠰᠠ ᠲᠡᠭᠡᠷ᠎ᠡ ᠲᠤᠬᠤᠢ ᠱᠢᠶᠠᠩ᠎ᠤᠨ ᠲᠣᠮᠢᠯᠠᠭ᠍ᠰᠠᠨ ᠰᠠᠯᠪᠤᠷᠢ᠎ᠶ᠋ᠢᠨ ᠳᠡᠳ᠋ ᠳᠠᠷᠤᠭ᠎ᠠ ᠪᠠᠶ ᠵᠢᠶᠦ᠋ᠨ ᠪᠣᠯᠤᠨ ᠠᠷᠠᠳ᠎ᠤᠨ ᠴᠠᠭ᠍ᠳᠠᠭ᠎ᠠ ᠵᠧᠸ᠋ ᠱᠢᠤᠸᠠᠢ ᠱᠢᠨ ᠪᠣᠶ᠃ ᠡᠮᠴᠢ ᠰᠤᠪᠢᠯᠠᠭ᠍ᠴᠢᠨᠠᠷ ᠪᠥᠭᠡᠮ ᠬᠦᠴᠢᠯ᠎ᠦᠨ ᠦᠯᠢᠭᠡᠷᠠᠪᠬᠤᠶ᠋ᠢ ᠬᠠᠷᠢᠭᠤᠴᠠᠵᠤ᠂ ᠵᠧᠸ᠋ ᠱᠢᠤᠸᠠᠢ ᠱᠢᠨ ᠣᠷᠣᠨ ᠪᠦᠰᠡ᠎ᠶ᠋ᠢᠨ ᠠᠷᠢᠭᠤᠳᠭᠠᠯ ᠢ ᠬᠠᠷᠢᠭᠤᠴᠠᠵᠤ᠂ ᠡᠷᠦᠬᠡ ᠡᠷᠦᠬᠡ ᠪᠡᠷ ᠨᠠᠷᠢᠨ ᠬᠢᠨᠠᠮᠠᠭᠠᠶ ᠠᠷᠢᠭᠤᠳᠭᠠᠵᠤ᠂ ᠠᠯᠢ ᠨᠢᠭᠡ ᠥᠨᠴᠥᠭ ᠪᠤᠯᠤᠩ ᠢᠴᠤ ᠣᠷᠬᠢᠭ᠍ᠳᠠᠭᠤᠯᠬᠤ᠎ᠠᠴᠠ ᠬᠢᠴᠢᠶᠡᠨ᠎ᠡ᠃ ᠲᠡᠷᠡ ᠨᠢᠭᠡᠨᠲᠡ ᠬᠣᠶᠠᠷ ᠡᠳᠦᠷ ᠬᠣᠶᠠᠷ ᠰᠥᠨᠢ ᠰᠠᠢᠬᠠᠨ ᠨᠢᠳᠦ ᠬᠠᠮᠬᠢᠭᠠ ᠦᠭᠡᠢ᠂ ᠬᠡᠳᠦᠢᠪᠡᠷ 24 ᠴᠠᠭ ᠵᠢᠡᠷ ᠬᠣᠶᠠᠷ ᠡᠭᠡᠯᠵᠢ ᠡᠭᠡᠯᠵᠢᠯᠡᠨ ᠵᠢᠵᠢᠭᠦᠷᠯᠡᠵᠦ᠍ ᠪᠠᠢᠬᠤ ᠪᠣᠯᠪᠠᠴᠤ᠌᠂ ᠠᠮᠠᠷᠠᠬᠤ ᠡᠳᠦᠷ ᠨᠢ ᠪᠤᠯᠪᠠᠯ ᠮᠦᠨ ᠯᠡ ᠮᠠᠰᠢ ᠣᠯᠠᠨ ᠤᠴᠢᠷ ᠱᠢᠢᠳᠪᠦᠷᠢᠯᠡᠬᠦ ᠴᠢᠬᠤᠯᠠᠲᠠᠢ ᠪᠤᠯᠵᠤ᠂ ᠡᠭᠦᠨ᠎ᠤ ᠳᠡᠭᠡᠷ᠎ᠡ ᠨᠢ ᠲᠣᠮᠢᠯᠠᠭ᠍ᠰᠠᠨ ᠰᠠᠯᠪᠤᠷᠢ᠎ᠶ᠋ᠢᠨ ᠶᠡᠬᠡ ᠪᠠᠭ᠎ᠠ ᠤᠴᠢᠷ ᠲᠠᠰᠤᠷᠠᠬᠤ ᠦᠭᠡᠢ᠂ ᠦᠨᠳᠦᠰᠦᠨ᠎ᠳᠡᠭᠡᠨ ᠠᠮᠠᠷᠠᠬᠤ ᠴᠠᠭ ᠪᠠᠢᠬᠤ ᠦᠭᠡᠢ ᠪᠠᠢᠯ᠎ᠠ᠃

ᠱᠢᠶᠠ ᠭᠧ ᠪᠧᠨ ᠲᠣᠰᠭᠣᠨ᠎ᠤ ᠳᠠᠷᠤᠭ᠎ᠠ ᠴᠧᠨ ᠱᠤᠸᠠᠩ ᠯᠦᠩ 2 ᠰᠠᠷ᠎ᠠ᠎ᠶ᠋ᠢᠨ 20᠎ᠤ ᠡᠳᠦᠷ ᠲᠤᠰᠠᠭᠠᠷᠯᠠᠭ᠍ᠳᠠᠬᠤᠠᠴᠠ ᠡᠮᠦᠨ᠎ᠡ᠂ ᠠᠵᠢᠯᠲᠠᠳ ᠪᠣᠯᠤᠨ ᠠᠷᠠᠳ᠎ᠤᠨ ᠴᠠᠭ᠍ᠳᠠᠭ᠎ᠠ᠎ᠨᠠᠷ᠎ᠲᠤ ᠪᠠᠷ᠎ᠠ ᠪᠣᠯᠵᠣ ᠠᠵᠢᠯ ᠥᠷᠨᠢᠭᠦᠯᠵᠦ᠍ ᠪᠠᠢᠭ᠍ᠰᠠᠨ ᠶᠤᠮ᠃ ᠲᠡᠳᠡᠨ᠎ᠦ ᠪᠠᠷ᠎ᠠ᠎ᠶ᠋ᠢ ᠣᠯᠵᠤ ᠬᠠᠷᠠᠬᠤ ᠪᠡᠷ ᠯᠠ ᠪᠢᠳᠡ ᠰᠠᠨᠠᠭ᠎ᠠ ᠠᠮᠤᠷ ᠪᠤᠯᠵᠤ᠂ ᠰᠡᠳᠬᠢᠯ᠎ᠳᠦ ᠳᠤᠯᠠᠭᠠᠬᠠᠨ ᠰᠠᠨᠠᠭ᠍ᠳᠠᠳᠠᠭ ᠭᠡᠵᠤ ᠲᠡᠷᠡ ᠪᠡᠷ ᠬᠡᠯᠡᠨ᠎ᠡ᠃

ᠦᠳᠡ᠎ᠶ᠋ᠢᠨ ᠠᠯᠳᠠ᠎ᠪᠡᠷ᠂ 《ᠮᠠᠶ ᠮᠠᠶ》ᠭᠡᠬᠦ᠌ ᠬᠤᠨᠢ ᠢᠮᠠᠭᠠᠳ᠎ᠤᠨ ᠮᠠᠢᠯᠠᠬᠤ ᠳᠠᠭᠤᠨ ᠵᠢᠵᠢᠭ ᠲᠣᠰᠭᠣᠨ᠎ᠢ ᠦᠢᠮᠡᠭᠦᠯᠦᠨᠡ᠃ ᠪᠠᠢ ᠵᠢᠶᠦ᠋ᠨ᠂ ᠵᠧᠦ ᠱᠢᠤᠸᠠᠢ ᠱᠢᠨ ᠵᠡᠷᠭᠡᠯᠳᠡᠭᠡ ᠲᠣᠰᠭᠣᠨ᠎ᠤ ᠰᠠᠢ᠌ᠨ ᠳᠤᠷᠠᠴᠤᠳ ᠲᠠᠢ ᠬᠠᠮᠲᠤ ᠡᠪᠡᠰᠦ ᠪᠣᠷᠳᠣᠭ᠎ᠠ ᠲᠡᠪᠡᠷᠢᠨ ᠠᠪᠴᠢᠷᠠᠵᠤ᠂ ᠬᠤᠨᠢᠢᠮᠠᠭᠠᠳ ᠢ ᠲᠡᠵᠢᠭᠡᠵᠦ᠍ ᠪᠠᠷᠠᠭᠠᠳ᠂ ᠵᠢᠳᠬᠦᠭᠦᠷ ᠲᠡᠷᠭᠡ ᠵᠢᠳᠬᠦᠨ ᠭᠣᠣᠯ᠎ᠳᠤ ᠬᠦᠷᠴᠦ᠍ ᠮᠥᠰᠥ᠍ ᠬᠠᠭᠠᠯᠵᠤ ᠬᠤᠨᠢᠢᠮᠠᠭᠠᠳ ᠢ ᠤᠰᠤᠯᠠᠪᠠ᠃

ᠪᠠᠢ ᠵᠢᠶᠦ᠋ᠨ᠄ ᠪᠥᠭᠡᠮ ᠬᠦᠴᠢᠯ᠎ᠦᠨ ᠥᠯᠢᠭᠡᠷ ᠠᠪᠬᠤ᠂ ᠲᠤᠰᠠᠭᠠᠷᠯᠠᠨ ᠪᠢᠲᠡᠭᠦᠮᠵᠢᠯᠡᠨ ᠡᠵᠡᠮᠳᠡᠬᠦ᠌ ᠠᠵᠢᠯ ᠴᠥᠮ ᠡᠮᠬᠢ ᠵᠢᠷᠤᠮ᠎ᠲᠠᠶ ᠶᠠᠪᠤᠭ᠍ᠳᠠᠵᠤ ᠪᠠᠢᠨ᠎ᠠ᠂ ᠭᠡᠪᠡᠴᠤ ᠬᠠᠭᠠᠰ ᠲᠣᠭᠠᠨ᠎ᠤ ᠲᠣᠰᠭᠣᠨ᠎ᠤ ᠠᠷᠠᠳ᠎ᠢ ᠲᠥᠪᠯᠡᠷᠡᠭᠦᠯᠦᠨ ᠲᠤᠰᠠᠭᠠᠷᠯᠠᠵᠤ ᠪᠠᠢᠭ᠎ᠠ ᠪᠤᠯᠬᠤᠷ ᠬᠣᠨᠢ ᠢᠮᠠᠭ᠎ᠠ᠎ᠶ᠋ᠢ ᠨᠢ ᠪᠢᠳᠡ ᠨᠠᠷ ᠬᠠᠷᠠᠭᠠᠯᠵᠠᠬᠤ ᠴᠢᠬᠤᠯᠠᠲᠠᠶ ᠪᠣᠯᠵᠠᠶ᠃ ᠪᠦᠬᠦ᠌ ᠲᠣᠰᠭᠣᠨ᠎ᠳᠦ ᠪᠠᠷᠤᠭ 1000 ᠭᠠᠷᠤᠢ ᠬᠣᠨᠢ ᠪᠠᠢᠨ᠎ᠠ᠂ ᠪᠢᠳᠡᠨ ᠤᠷᠳᠤ ᠬᠤᠭᠤᠴᠠᠭᠠᠨ ᠤ ᠪᠡᠯᠡᠳᠭᠡᠯ ᠬᠢᠬᠦ᠌ ᠴᠢᠬᠤᠯᠠᠲᠠᠢ᠃ ᠪᠢᠳᠠ ᠲᠣᠰᠭᠣᠨ ᠤ ᠡᠷᠦᠬᠡ ᠪᠣᠯᠭᠠᠨ ᠤ ᠪᠠᠢᠳᠠᠯ᠎ᠢ ᠲᠡᠮᠳᠡᠭ᠌ᠯᠡᠵᠦ᠍᠂ ᠳᠠᠷᠠᠭ᠎ᠠ ᠨᠢ ᠵᠢᠭᠠᠪᠤᠷᠢ ᠠᠪᠴᠤ᠌᠂ ᠵᠣᠬᠢᠴᠠᠭᠤᠯᠵᠤ᠂ ᠬᠠᠪᠰᠤᠷᠴᠤ᠌ ᠳᠠᠷᠠᠭᠠᠴᠢ᠎ᠶ᠋ᠢᠨ ᠠᠵᠢᠯ᠎ᠢ ᠰᠠᠢᠲᠤᠷ ᠬᠢᠨ᠎ᠡ᠃
ᠬᠡᠷ ᠣᠷᠣᠨ᠎ᠢᠶᠠᠨ ᠰᠠᠬᠢᠨ ᠬᠠᠮᠠᠭᠠᠯᠠᠬᠤ᠎ᠳᠤ《ᠤᠯᠠᠭᠠᠨ ᠬᠤᠪᠴᠠᠰᠤᠲᠤ ᠰᠠᠢᠨ ᠳᠤᠷᠠᠴᠤᠳ》 ᠭᠠᠪᠰᠢᠭᠠᠢᠯᠠᠨᠠ
ᠬᠥᠬᠡᠬᠣᠲᠠ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢᠶᠡᠷ ᠣᠨᠣᠱᠢᠯᠠᠭ᠍ᠳᠠᠭ᠍ᠰᠠᠨ ᠡᠪᠡᠳᠴᠢᠲᠡᠨ᠎ᠢ ᠢᠯᠡᠷᠡᠭᠦᠯᠦᠭ᠌ᠰᠡᠨ᠎ᠡᠴᠡ ᠨᠠᠭᠠᠰᠢ᠂ ᠨᠢᠭᠡᠨᠲᠡ ᠳᠦᠷᠪᠡᠨ ᠡᠭᠡᠯᠵᠢ᠎ᠶ᠋ᠢᠨ ᠪᠥᠭᠡᠮ ᠬᠦᠴᠢᠯ᠎ᠦᠨ ᠪᠠᠢᠴᠠᠭᠠᠯᠲᠠ᠎ᠶ᠋ᠢ ᠵᠣᠬᠢᠶᠠᠨ ᠪᠠᠢᠭᠤᠯᠤᠨ ᠥᠷᠨᠢᠭᠦᠯᠪᠡ᠃ ᠨᠡᠢᠭᠡᠮ ᠲᠣᠭᠣᠷᠢᠭ ᠭᠡᠬᠦ᠌ ᠡᠨᠡ ᠬᠦ᠌ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢᠭ᠍ᠰᠠᠭᠠᠯ᠎ᠤᠨ ᠭᠠᠵᠠᠷ ᠢ ᠰᠠᠢᠲᠤᠷ ᠰᠠᠬᠢᠬᠤ᠎ᠶ᠋ᠢᠨ ᠲᠥᠯᠥᠭᠡ᠂ ᠨᠡᠢᠭᠡᠮ ᠲᠣᠭᠣᠷᠢᠭ᠎ᠤᠨ ᠠᠵᠢᠯᠲᠠᠨ᠂ ᠦᠨᠳᠦᠰᠦᠨ ᠱᠠᠲᠤᠨ᠎ᠳᠤ ᠭᠦᠨᠵᠡᠭᠡᠢᠷᠡᠭ᠌ᠰᠡᠨ ᠺᠠᠳ᠋ᠷ᠂ ᠰᠠᠭᠤᠭᠠᠯᠢ ᠠᠷᠠᠳ᠎ᠤᠨ ᠲᠣᠭᠣᠷᠢᠭ ᠤᠨ ᠰᠠᠭᠤᠭᠠᠯᠢ ᠠᠷᠠᠳ᠂ ᠬᠤᠪᠢ ᠶ᠋ᠢᠨ ᠬᠤᠳᠠᠯᠳᠤᠭᠠᠴᠢᠨ ᠡᠷᠦᠬᠡ᠂ ᠨᠡᠢᠲᠡ᠎ᠶ᠋ᠢᠨ ᠠᠰᠠᠷᠠᠮᠵᠢ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠬᠥᠮᠦᠰ ᠴᠡᠭᠡᠵᠢ ᠳᠦᠷᠢᠨ ᠡᠮᠦᠨ᠎ᠡ ᠹᠷᠣᠨᠲ ᠲᠤ ᠡᠷᠡᠯᠬᠡᠭ᠌ᠯᠡᠨ ᠲᠡᠮᠡᠴᠡᠵᠦ᠍᠂ 《ᠰᠠᠢᠨ ᠳᠤᠷᠠᠴᠤᠳ》᠎ᠢᠶᠠᠷ ᠬᠠᠷᠢᠭᠤᠴᠠᠯᠭ᠎ᠠ ᠪᠣᠯᠭᠠᠨ ᠠᠷᠠᠳ ᠲᠦᠮᠡᠨ ᠦ ᠡᠷᠡᠭᠦᠯ ᠮᠡᠨᠳᠦ᠍᠎ᠶ᠋ᠢ ᠰᠠᠬᠢᠨ ᠬᠠᠮᠠᠭᠠᠯᠠᠵᠤ᠂ ᠠᠵᠢᠯᠯᠠᠭ᠎ᠠ ᠪᠠᠷ ᠢᠶᠠᠨ ᠬᠢᠵᠢᠭ ᠦᠨ ᠪᠠᠢᠳᠠᠯ᠎ᠤᠨ ᠦᠷᠪᠢᠰᠦᠨ ᠳᠡᠯᠭᠡᠷᠡᠬᠦ᠌ ᠶ᠋ᠢ ᠬᠣᠷᠢᠭ᠍ᠯᠠᠬᠤ 《ᠰᠡᠷᠭᠡᠢᠯᠡᠯᠲᠡ ᠶ᠋ᠢᠨ ᠬᠡᠷᠡᠮ》 ᠢ ᠪᠠᠲᠤ ᠴᠣᠭ᠍ᠴᠠᠯᠠᠪᠠ᠃

ᠬᠥᠬᠡᠬᠣᠲᠠ᠎ᠶ᠋ᠢᠨ ᠡᠯ᠎ᠡ ᠨᠡᠢᠭᠡᠮ ᠲᠣᠭᠣᠷᠢᠭ᠎ᠲᠤ᠂ ᠰᠠᠢ᠌ᠨ ᠲᠤᠷᠠᠴᠤᠳ᠎ᠤᠨ ᠶᠠᠭᠠᠷᠠᠯᠲᠠᠢ ᠠᠵᠢᠯᠯᠠᠵᠤ ᠪᠠᠢᠭ᠎ᠠ ᠵᠢ ᠭᠠᠵᠠᠷ ᠪᠣᠯᠭᠠᠨ᠎ᠳᠤ ᠣᠯᠵᠤ ᠬᠠᠷᠠᠨ᠎ᠠ᠃ 2 ᠰᠠᠷ᠎ᠠ᠎ᠶ᠋ᠢᠨ 21 ᠦ ᠥᠷᠯᠥᠭᠡ ᠶ᠋ᠢᠨ 6 ᠴᠠᠭ 30 ᠮᠢᠨᠦ᠋ᠲ᠎ᠲᠦ᠂ ᠰᠠᠢᠨ ᠳᠤᠷᠠᠴᠤᠤᠯ ᠵᠠᠩ ᠪᠦᠦ ᠫᠢᠩ ᠨᠡᠢᠭᠡᠮ ᠲᠣᠭᠣᠷᠢᠭ᠎ᠲᠤ ᠬᠦᠷᠴᠦ᠍ ᠡᠳ᠋ ᠪᠣᠳᠠᠰ ᠠᠪᠴᠤ᠌᠂ 8 ᠴᠠᠭ᠎ᠲᠤ ᠸᠠᠨ ᠬᠤᠤ ᠮᠧᠶ ᠵᠤᠰᠠᠯᠠᠩ᠎ᠤᠨ ᠦᠯᠢᠭᠡᠷ ᠠᠪᠬᠤ ᠴᠡᠭ᠎ᠲᠦ ᠬᠦᠷᠴᠦ᠍ ᠰᠠᠢᠨ ᠳᠤᠷ᠎ᠠ᠎ᠶ᠋ᠢᠨ ᠠᠵᠢᠯ᠎ᠢᠶᠠᠨ ᠡᠬᠢᠯᠡᠭᠦᠯᠪᠡ᠃

ᠵᠠᠩ ᠪᠦᠦ ᠫᠢᠩ᠄ 2 ᠰᠠᠷ᠎ᠠ᠎ᠶ᠋ᠢᠨ 16 ᠤ ᠦᠳᠡ᠎ᠶ᠋ᠢᠨ ᠡᠮᠦᠨ᠎ᠡ᠂ ᠪᠢ ᠨᠡᠢᠭᠡᠮᠯᠢᠭ᠎ᠦᠨ ᠤᠷᠢᠶᠠᠯᠠᠭ᠎ᠠ᠎ᠶ᠋ᠢ ᠲᠤᠰᠴᠤ᠌᠂ ᠦᠳᠡ᠎ᠶ᠋ᠢᠨ ᠬᠣᠢᠨ᠎ᠠ ᠪᠥᠭᠡᠮ ᠬᠦᠴᠢᠯ᠎ᠤᠨ ᠪᠠᠢᠴᠠᠭᠠᠬᠤ ᠴᠡᠭ᠎ᠲᠦ ᠬᠦᠷᠴᠦ᠍ ᠰᠠᠢᠨ ᠳᠤᠷ᠎ᠠ᠎ᠶ᠋ᠢᠨ ᠦᠶ᠋ᠯᠡᠴᠢᠯᠡᠭᠡ᠎ᠪᠡᠨ ᠡᠬᠢᠯᠡᠭᠦᠯᠪᠡ᠂ ᠪᠢᠳᠡ ᠭᠤᠤᠯᠳᠠᠭᠤ ᠪᠥᠭᠡᠮ ᠬᠦᠴᠢᠯ᠎ᠤᠨ ᠪᠠᠢᠴᠠᠭᠠᠯᠳᠠ ᠵᠢᠨ ᠡᠮᠬᠢ ᠵᠢᠷᠤᠮ ᠢ ᠪᠠᠲᠤᠯᠠᠬᠤ ᠪᠠ ᠮᠡᠳᠡᠭᠡ ᠵᠠᠩᠭᠢ ᠴᠤᠭ᠍ᠯᠠᠭᠤᠯᠬᠤ ᠠᠵᠢᠯ ᠢ ᠬᠠᠷᠢᠭᠤᠴᠠᠨ᠎ᠠ᠂ ᠬᠡᠷᠪᠡ ᠬᠥᠳᠡᠯᠵᠦ᠍ ᠪᠠᠷᠢᠬᠤ᠎ᠳᠤ ᠳᠥᠭᠥᠮ ᠦᠭᠡᠢ ᠰᠠᠭᠤᠭᠠᠯᠢ ᠠᠷᠠᠳ ᠲᠤᠬᠢᠶᠠᠯᠳᠤᠪᠠᠯ᠂ ᠪᠢᠳᠡ ᠬᠡᠷᠲᠤᠨᠢ ᠬᠦᠷᠴᠦ᠍ ᠦᠶ᠋ᠯᠡᠴᠢᠯᠡᠨ᠎ᠡ᠃

ᠪᠢᠨ ᠾᠧ ᠵᠠᠮ᠎ᠤᠨ ᠨᠡᠢᠭᠡᠮ ᠲᠣᠭᠣᠷᠢᠭ᠎ᠲᠤ᠂ ᠰᠠᠢᠨ ᠳᠤᠷᠠᠴᠤᠳ ᠴᠠᠭ ᠮᠥᠴᠡ᠎ᠲᠡᠶ ᠤᠷᠤᠯᠳᠤᠨ ᠪᠠᠢᠯᠳᠤᠵᠤ᠂ 21 ᠦ ᠦᠳᠡ᠎ᠶ᠋ᠢᠨ ᠬᠣᠢᠨᠠᠬᠢ ᠭᠤᠷᠪᠠᠨ ᠴᠠᠭ᠎ᠠᠴᠠ ᠡᠮᠦᠨ᠎ᠡ ᠨᠡᠢᠭᠡᠮ ᠲᠣᠭᠣᠷᠢᠭ᠎ᠤᠨ ᠪᠥᠭᠡᠮ ᠬᠦᠴᠢᠯ᠎ᠦᠨ ᠪᠠᠢᠴᠠᠭᠠᠯᠳᠠ ᠵᠢᠨ ᠠᠵᠢᠯ᠎ᠢ ᠪᠡᠶᠡᠯᠡᠭᠦᠯᠪᠡ᠃

ᠥᠪᠥᠷ ᠮᠣᠩᠭᠣᠯ᠎ᠤᠨ ᠬᠠᠢᠷ᠎ᠠ ᠬᠠᠯᠠᠮᠵᠢ ᠭᠡᠷ ᠪᠦᠯᠢ᠎ᠶ᠋ᠢᠨ ᠨᠡᠢᠭᠡᠮᠯᠢᠭ᠎ᠦᠨ ᠰᠠᠢ᠌ᠨ ᠲᠤᠷᠠᠴᠤᠳ ᠬᠠᠨ ᠪᠢᠨ᠄ ᠣᠳᠣᠬᠠᠨ᠎ᠳᠤ ᠮᠠᠨ᠎ᠤ ᠨᠡᠢᠭᠡᠮᠯᠢᠭ᠎ᠤᠨ ᠰᠠᠢᠨ ᠲᠤᠷᠠᠴᠤᠳ ᠢᠦᠢᠴᠢᠤᠸᠠᠨ ᠲᠣᠭᠣᠷᠢᠭ᠂ ᠬᠣᠲᠣᠩ ᠠᠷᠠᠳ᠎ᠤᠨ ᠲᠣᠭᠣᠷᠢᠭ᠂ ᠰᠠᠢᠬᠠᠨ ᠲᠣᠭᠣᠷᠢᠭ᠂ ᠱᠢᠨ᠎ᠡ ᠬᠣᠲᠠ ᠲᠣᠭᠣᠷᠢᠭ᠎ᠲᠤ ᠴᠥᠮ ᠦᠶ᠋ᠯᠡᠴᠢᠯᠡᠵᠦ᠍᠂ ᠠᠯᠢ ᠨᠡᠢᠭᠡᠮ ᠲᠣᠭᠣᠷᠢᠭ᠎ᠲᠤ ᠬᠠᠪᠰᠤᠷᠤᠯᠭ᠎ᠠ ᠬᠡᠷᠡᠭ᠌ᠴᠡᠭᠡ᠎ᠲᠡᠶ ᠪᠣᠯ ᠪᠢᠳᠡ ᠳᠠᠷᠤᠶ ᠲᠦᠷᠭᠡᠨ ᠰᠠᠢᠨ ᠲᠤᠷᠠᠴᠤᠳ᠎ᠢ ᠲᠣᠬᠢᠷᠠᠭᠤᠯᠤᠨ᠎ᠠ᠃
ᠭᠡᠷ ᠣᠷᠣᠨ᠎ᠢᠶᠠᠨ ᠰᠠᠢᠲᠤᠷ ᠰᠠᠬᠢᠨ ᠬᠠᠮᠠᠭᠠᠯᠠᠬᠤ᠎ᠶ᠋ᠢᠨ ᠲᠥᠯᠥᠭᠡ᠂ ᠮᠠᠰᠢ ᠤᠯᠠᠨ ᠰᠠᠭᠤᠭᠠᠯᠢ ᠠᠷᠠᠳ᠎ᠤᠨ ᠲᠣᠭᠣᠷᠢᠭ᠎ᠤᠨ ᠥᠮᠴᠢᠲᠡᠨ ᠴᠦ᠍ ᠬᠢᠵᠢᠭ᠎ᠲᠡᠶ ᠲᠡᠮᠡᠴᠡᠬᠦ᠌ ᠳᠠᠢᠯᠠᠯᠳᠤᠭᠠᠨ᠎ᠳᠤ ᠬᠣᠢᠨ᠎ᠠ ᠬᠣᠢᠨ᠎ᠠ᠎ᠠᠴᠠ᠎ᠪᠠᠨ ᠣᠷᠣᠯᠴᠠᠪᠠ᠃

ᠪᠢ ᠪᠣᠯ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠤᠯᠠᠭᠠᠨᠮᠥ᠋ᠴᠢᠷ᠎ᠦᠨ ᠭᠡᠱᠢᠭᠦᠨ᠂ ᠨᠡᠩ ᠴᠤ᠌ ᠡᠪ ᠬᠠᠮᠲᠤ ᠨᠠᠮ᠎ᠤᠨ ᠭᠡᠱᠢᠭᠦᠨ ᠮᠥᠨ᠂ ᠬᠢᠵᠢᠭ᠎ᠦᠨ ᠪᠠᠢᠳᠠᠯ ᠢᠯᠡᠷᠡᠪᠡᠯ ᠡᠪ ᠬᠠᠮᠲᠤ ᠨᠠᠮ᠎ᠤᠨ ᠭᠡᠱᠢᠭᠦᠨ ᠪᠤᠯᠤᠭᠰᠠᠨ᠎ᠤ ᠬᠤᠪᠢ᠎ᠳᠦ ᠲᠠᠳᠠᠭᠠᠯᠵᠠᠯ ᠦᠭᠡᠢ ᠴᠡᠭᠡᠵᠢ ᠲᠦᠷᠢᠨ ᠲᠡᠮᠡᠴᠡᠨ᠎ᠡ᠂ ᠥᠪᠡᠷ᠎ᠦᠨ ᠪᠠᠭ᠎ᠠ ᠭᠡᠷ᠎ᠢᠶᠡᠨ ᠰᠠᠬᠢᠨ ᠬᠠᠮᠠᠭᠠᠯᠠᠬᠤ᠎ᠪᠠᠷ ᠪᠠᠷᠠᠬᠤ ᠦᠭᠡᠢ ᠨᠡᠩ ᠴᠤ᠌ ᠨᠡᠢᠭᠡᠮ ᠳᠠᠶᠠᠭᠠᠷ᠎ᠢᠶᠠᠨ ᠰᠠᠢᠲᠤᠷ ᠬᠠᠮᠠᠭᠠᠯᠠᠨ᠎ᠠ᠃
ᠬᠢᠵᠢᠭ᠎ᠦᠨ ᠪᠠᠢᠳᠠᠯ ᠢ ᠰᠡᠷᠭᠡᠢᠯᠡᠨ ᠡᠵᠡᠮᠳᠡᠬᠦ᠌ ᠠᠵᠢᠯ ᠡᠮᠬᠢ ᠵᠢᠷᠤᠮ᠎ᠲᠠᠶ ᠥᠷᠨᠢᠭ᠌ᠰᠡᠨ ᠨᠢ ᠰᠠᠭᠤᠭᠠᠯᠢ ᠠᠷᠠᠳ᠎ᠤᠨ ᠲᠣᠭᠣᠷᠢᠭ᠎ᠤᠨ ᠠᠳᠠᠯ ᠠᠬᠤᠶ᠎ᠶ᠋ᠢᠨ ᠠᠵᠢᠯᠲᠠᠳ᠎ᠤᠨ ᠦᠭᠡ ᠳᠠᠭᠤ ᠥᠬᠡᠶ ᠳᠡᠮᠵᠢᠯᠭᠡ ᠡᠴᠡ ᠰᠠᠯᠵᠤ ᠴᠢᠳᠠᠬᠤ ᠥᠬᠡᠶ ᠶᠤᠮ᠃ ᠪᠦᠷᠢᠳᠭᠡᠯ᠎ᠢ ᠦᠨᠳᠦᠰᠦᠯᠡᠪᠡᠯ ᠂ 2 ᠰᠠᠷ᠎ᠠ᠎ᠶ᠋ᠢᠨ 21᠎ᠦ ᠡᠳᠦᠷ ᠪᠣᠯᠲᠠᠯ᠎ᠠ᠂ ᠬᠥᠬᠡᠬᠣᠲᠠ ᠳᠤ ᠨᠡᠢ᠌ᠳᠡ 300 ᠭᠠᠷᠤᠢ ᠰᠠᠢ᠌ᠨ ᠳᠤᠷᠠᠴᠤᠳ᠎ᠤᠨ ᠦᠢᠯᠡᠴᠢᠯᠡᠭᠡᠨ᠎ᠦ ᠠᠩᠬᠢ᠂ 8000 ᠭᠠᠷᠤᠢ ᠰᠠᠢ᠌ᠨ ᠳᠤᠷᠠᠴᠤᠳ ᠨᠢ 2000 ᠰᠠᠢ᠌ᠨ ᠳᠤᠷᠠᠴᠤᠳ᠎ᠤᠨ ᠠᠩᠬᠢ ᠬᠤᠪᠢᠶᠠᠵᠤ᠂ ᠨᠡᠢᠭᠡᠮ ᠲᠣᠭᠣᠷᠢᠭ᠂ ᠬᠥᠳᠡᠭᠡ ᠲᠣᠰᠭᠣᠨ᠂ ᠬᠠᠮᠢᠶ᠎ᠠ ᠪᠦᠬᠦᠢ ᠬᠢᠵᠢᠭ᠎ᠦᠨ ᠪᠠᠢᠳᠠᠯ᠎ᠤᠨ ᠦᠢᠯᠡᠴᠢᠯᠡᠭᠡᠨ᠎ᠦ ᠴᠡᠭ᠎ᠲᠦ ᠬᠦᠷᠴᠦ᠍ ᠰᠠᠢ᠌ᠨ ᠳᠤᠷ᠎ᠠ ᠶ᠋ᠢᠨ ᠦᠢᠯᠡᠴᠢᠯᠡᠭᠡᠨ᠎ᠦ ᠠᠵᠢᠯᠯᠠᠭ᠎ᠠ ᠥᠷᠨᠢᠭᠦᠯᠪᠡ᠃

ᠭᠠᠵᠠᠷ ᠪᠣᠯᠭᠠᠨ᠎ᠳᠤ《ᠬᠦᠬᠡ ᠬᠤᠪᠴᠠᠰᠤᠲᠤ ᠴᠠᠭ᠍ᠳᠠᠭ᠎ᠠ》 ᠬᠠᠷᠠᠭᠲᠠᠨ᠎ᠠ
ᠬᠥᠬᠡᠬᠣᠲᠠ᠂ ᠪᠤᠭᠤᠲᠤ ᠵᠡᠷᠭᠡ ᠭᠠᠵᠠᠷ᠎ᠲᠤ ᠣᠨᠣᠱᠢᠯᠠᠭ᠍ᠰᠠᠨ ᠡᠪᠡᠳᠴᠢᠨ᠎ᠦ ᠵᠢᠱ᠌ᠢᠢ᠎ᠡ ᠭᠠᠷᠤᠬᠰᠠᠨ᠎ᠡᠴᠡ ᠨᠠᠭᠠᠰᠢ᠂ ᠥᠪᠥᠷ ᠮᠣᠩᠭᠣᠯ ᠤᠨ ᠡᠯ᠎ᠡ ᠭᠠᠵᠠᠷ᠎ᠤᠨ ᠳᠣᠲᠣᠭᠠᠳᠤ᠎ᠶ᠋ᠢ ᠬᠠᠮᠠᠭᠠᠯᠠᠬᠤ ᠠᠷᠠᠳ᠎ᠤᠨ ᠴᠠᠭ᠍ᠳᠠᠭ᠎ᠠ ᠬᠦᠴᠢᠷ᠎ᠢ ᠰᠦᠷᠦᠨ ᠤᠷᠤᠭ᠍ᠰᠢᠯᠠᠵᠤ᠂ ᠡᠭᠦᠷᠭᠡ ᠬᠠᠷᠢᠭᠤᠴᠠᠯᠭ᠎ᠠ᠎ᠪᠠᠨ ᠬᠢᠴᠢᠶᠡᠩᠭᠦᠢᠯᠡᠨ ᠭᠦᠢᠴᠡᠳᠭᠡᠵᠦ᠍᠂ ᠪᠦᠬᠦ᠌ ᠬᠦᠴᠦᠨ ᠢᠶᠡᠷ᠎ᠢᠶᠡᠨ ᠬᠢᠵᠢᠭ᠎ᠲᠡᠶ ᠲᠡᠮᠡᠴᠡᠵᠦ᠍᠂ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ᠎ᠢ ᠬᠠᠮᠠᠭᠠᠯᠠᠵᠤ᠂《ᠬᠦᠬᠡ ᠦᠩᠬᠡ》᠎ᠨᠢ ᠬᠠᠯᠠᠭᠤᠨ ᠳᠤᠯᠠᠭᠠᠨ ᠦᠩᠭᠡ ᠪᠤᠳᠤᠭ ᠪᠣᠯᠪᠠ᠃ ᠬᠥᠬᠡᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠰᠠᠢᠬᠠᠨ ᠲᠣᠭᠣᠷᠢᠭ᠎ᠤᠨ ᠬᠤᠪᠢᠶᠠᠷᠢ ᠲᠣᠪᠴᠢᠶ᠎ᠠ 15 ᠨᠠᠮ᠎ᠤᠨ ᠭᠡᠱᠢᠭᠦᠨ᠎ᠢᠶᠡᠷ ᠪᠦᠷᠢᠯᠳᠦᠭ᠌ᠰᠡᠨ ᠬᠢᠵᠢᠭ᠎ᠦᠨ ᠪᠠᠢᠳᠠᠯ ᠢ ᠰᠡᠷᠭᠡᠢᠯᠡᠨ ᠡᠵᠡᠮᠳᠡᠬᠦ᠌ ᠱᠢᠯᠵᠢᠭᠦᠯᠦᠨ ᠲᠡᠭᠡᠭᠡᠪᠦᠷᠢᠯᠡᠬᠦ᠌ ᠳᠤᠭᠤᠢᠯᠠᠩ᠎ᠤᠨ ᠲᠦᠷ ᠴᠠᠭ᠎ᠤᠨ ᠨᠠᠮ᠎ᠤᠨ ᠡᠭᠦᠷ ᠢ ᠪᠠᠢᠭᠤᠯᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠳᠦ ᠪᠠᠲᠤ ᠪᠠᠬᠢ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ ᠬᠠᠩᠭᠠᠪᠠ᠃ ᠲᠦᠷ ᠴᠠᠭ᠎ᠤᠨ ᠨᠠᠮ᠎ᠤᠨ ᠡᠭᠦᠷ᠎ᠦᠨ ᠪᠦᠬᠦ᠌ ᠨᠠᠮ᠎ᠤᠨ ᠭᠡᠱᠢᠭᠦᠨ ᠨᠠᠮ᠎ᠳᠤ ᠣᠷᠣᠬᠤ ᠲᠠᠩᠭᠠᠷᠢᠭ᠎ᠢᠶᠠᠨ ᠳᠠᠬᠢᠨ ᠡᠷᠭᠢᠴᠡᠭᠦᠯᠵᠦ᠍᠂ ᠬᠢᠵᠢᠭ᠎ᠢ ᠰᠡᠷᠭᠡᠢᠯᠡᠨ ᠬᠣᠷᠢᠭ᠍ᠯᠠᠬᠤ ᠳᠠᠢᠯᠠᠯᠳᠤᠭᠠᠨ᠎ᠤ ᠢᠯᠠᠯᠲᠠ᠎ᠶ᠋ᠢ ᠡᠷᠡᠰ ᠲᠡᠮᠡᠴᠡᠨ ᠤᠯᠬᠤ ᠢᠳᠡᠭᠡᠯ ᠵᠣᠷᠢᠭ᠎ᠢᠶᠠᠨ ᠢᠯᠡᠳᠭᠡᠪᠡ᠃




ᠢᠷᠡᠯᠲᠡ᠄ ᠤᠮᠠᠷᠠᠲᠤ ᠶ᠋ᠢᠨ ᠱᠢᠨ᠎ᠡ ᠰᠤᠨᠢᠨ᠎ᠤ ᠵᠢᠷᠭᠢᠶ᠎ᠡ ᠶ᠋ᠢᠨ ᠳᠠᠪᠴᠠᠡᠭ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃