2022-02-24 11:08:15
ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ ᠦᠨ ᠡᠮᠨᠡᠯᠭᠡ ᠶ᠋ᠢᠨ ᠶᠠᠪᠤᠳᠠᠯ ᠡᠮᠨᠡᠯᠭᠡ ᠶ᠋ᠢᠨ ᠬᠠᠮᠢᠶᠠᠷᠤᠯᠲᠠᠶ᠋ᠢᠨᠲᠣᠪᠴᠢᠶᠠᠠᠴᠠ ᠣᠢᠯᠠᠭᠠᠭ᠍ᠰᠠᠨ᠎ᠢᠶᠠᠷ᠂ ᠣᠳᠣᠬᠠᠨ᠎ᠳᠤ ᠮᠠᠨ᠎ᠤ ᠣᠷᠣᠨ ᠨᠢᠭᠡᠨᠲᠡ ᠡᠯ᠎ᠡ ᠠᠢᠮᠠᠭ ᠬᠣᠲᠠ᠎ᠡᠴᠠ ᠪᠥᠭᠡᠮ ᠬᠦᠴᠢᠯ ᠦᠨ ᠪᠠᠢᠴᠠᠭᠠᠯᠲᠠ ᠬᠢᠬᠦ 222 ᠠᠵᠢᠯᠲᠠᠨ ᠢ ᠲᠣᠮᠢᠯᠠᠨ ᠬᠥᠬᠡᠬᠣᠲᠠ ᠶ᠋ᠢᠨ ᠬᠢᠵᠢᠭ᠎ᠦᠨ ᠪᠠᠢᠳᠠᠯ ᠢ ᠰᠡᠷᠭᠡᠢᠯᠡᠨ ᠡᠵᠡᠮᠳᠡᠬᠦ᠌ ᠠᠵᠢᠯ᠎ᠢ ᠲᠤᠰᠠᠯᠠᠪᠠ᠃
ᠲᠠᠨᠢᠯᠴᠠᠭᠤᠯᠤᠭ᠍ᠰᠠᠨ᠎ᠢᠶᠠᠷ᠂ 2 ᠰᠠᠷ᠎ᠠ᠎ᠶ᠋ᠢᠨ 18 ᠤ ᠡᠳᠦᠷ ᠤᠯᠠᠭᠠᠨᠬᠠᠳᠠ ᠬᠣᠲᠠ᠎ᠵᠢᠨ 20᠂ ᠦᠬᠠᠶ ᠬᠣᠲᠠ᠎ᠵᠢᠨ 10᠂ ᠪᠠᠶᠠᠨᠨᠠᠭᠤᠷ ᠬᠣᠲᠠ᠎ᠵᠢᠨ 10 ᠪᠥᠭᠡᠮ ᠬᠦᠴᠢᠯ᠎ᠦᠨ ᠪᠠᠢᠴᠠᠭᠠᠯᠲᠠ ᠬᠢᠬᠦ ᠠᠵᠢᠯᠲᠠᠨ ᠬᠥᠬᠡᠬᠣᠲᠠ᠎ᠳᠤ ᠢᠷᠡᠵᠡᠢ; 2 ᠰᠠᠷ᠎ᠠ᠎ᠶ᠋ᠢᠨ 19᠎ᠦ ᠡᠳᠦᠷ ᠬᠢᠩᠭᠠᠨ ᠠᠢᠮᠠᠭ᠎ᠤᠨ 20᠂ ᠲᠦᠩᠯᠢᠶᠣᠤ ᠬᠣᠲᠠ᠎ᠶ᠋ᠢᠨ 20᠂ ᠱᠢᠯᠢ᠎ᠶ᠋ᠢᠨ ᠭᠤᠤᠯ ᠠᠢᠮᠠᠭ᠎ᠤᠨ 10 ᠪᠥᠭᠡᠮ ᠬᠦᠴᠢᠯ᠎ᠦᠨ ᠪᠠᠢᠴᠠᠭᠠᠯᠲᠠ᠎ᠬᠢᠬᠦ ᠠᠵᠢᠯᠲᠠᠨ ᠬᠥᠬᠡᠬᠣᠲᠠ᠎ᠳᠤ ᠢᠷᠡᠵᠡᠢ; 2 ᠰᠠᠷ᠎ᠠ᠎ᠶ᠋ᠢᠨ 20 ᠤ ᠡᠳᠦᠷ ᠤᠯᠠᠭᠠᠨᠴᠠᠪ ᠬᠣᠲᠠ᠎ᠶ᠋ᠢᠨ ᠪᠥᠭᠡᠮ ᠬᠦᠴᠢᠯ᠎ᠦᠨ ᠪᠠᠢᠴᠠᠭᠠᠯᠲᠠ᠎ᠬᠢᠬᠦ 9 ᠠᠵᠢᠯᠲᠠᠨ ᠬᠥᠬᠡᠬᠣᠲᠠ᠎ᠳᠤ ᠢᠷᠡᠪᠡ; ᠲᠤᠬᠠᠢ ᠵᠢᠨ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ᠎ᠶ᠋ᠢᠨ ᠬᠣᠷᠢᠶ᠎ᠠ 4᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶ᠋ᠢᠨ ᠬᠠᠷᠢᠶᠠᠲᠤ ᠡᠮᠨᠡᠯᠭᠡ᠎ᠶ᠋ᠢᠨ ᠬᠣᠷᠢᠶ᠎ᠠ 4᠂ ᠥᠪᠥᠷ ᠮᠣᠩᠭᠣᠯ᠎ᠤᠨ ᠠᠨᠠᠭᠠᠬᠤ ᠤᠬᠠᠭᠠᠨ ᠤ ᠶᠡᠬᠡ ᠰᠤᠷᠭᠠᠭᠤᠯᠢ ᠶ᠋ᠢᠨ ᠬᠣᠶᠠᠳᠤᠭᠠᠷ ᠬᠠᠷᠢᠶᠠᠲᠤ ᠡᠮᠨᠡᠯᠭᠡ᠎ᠶ᠋ᠢᠨ ᠬᠣᠷᠢᠶ᠎ᠠ 3 ᠪᠥᠭᠡᠮ ᠬᠦᠴᠢᠯ᠎ᠦᠨ ᠪᠠᠢᠴᠠᠭᠠᠯᠲᠠ ᠬᠢᠬᠦ ᠠᠵᠢᠯᠲᠠᠨ ᠲᠣᠮᠢᠯᠠᠵᠤ᠂ ᠬᠥᠬᠡᠬᠣᠲᠠ᠎ᠶ᠋ᠢᠨ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠠᠵᠢᠯ᠎ᠢ ᠲᠤᠰᠠᠯᠠᠪᠠ; 2 ᠰᠠᠷ᠎ᠠ᠎ᠶ᠋ᠢᠨ 21 ᠦ ᠡᠳᠦᠷ ᠠᠯᠠᠱᠠ ᠠᠢᠮᠠᠭ᠎ᠤᠨ 10᠂ ᠤᠯᠠᠭᠠᠨᠬᠠᠳᠠ ᠬᠣᠲᠠ᠎ᠶ᠋ᠢᠨ 60 ᠪᠥᠭᠡᠮ ᠬᠦᠴᠢᠯ᠎ᠦᠨ ᠪᠠᠢᠴᠠᠭᠠᠯᠲᠠ ᠬᠢᠬᠦ ᠠᠵᠢᠯᠲᠠᠨ ᠬᠥᠬᠡᠬᠣᠲᠠ᠎ᠳᠤ ᠢᠷᠡᠪᠡ; ᠲᠤᠬᠠᠢ ᠵᠢᠨ ᠡᠳᠦᠷ ᠣᠷᠳᠣᠰ ᠬᠣᠲᠠ ᠪᠥᠭᠡᠮ ᠬᠦᠴᠢᠯ ᠦᠨ ᠪᠠᠢᠴᠠᠭᠠᠯᠲᠠ ᠬᠢᠬᠦ 12 ᠠᠵᠢᠯᠲᠠᠨ ᠲᠣᠮᠢᠯᠠᠪᠠ᠃
ᠡᠭᠦᠨ᠎ᠡᠴᠡ ᠭᠠᠳᠠᠨ᠎ᠠ᠂ ᠱᠢᠯᠢ᠎ᠶ᠋ᠢᠨ ᠭᠤᠤᠯ ᠠᠢᠮᠠᠭ᠎ᠤᠨ 10᠂ ᠬᠥᠯᠥᠨ ᠪᠣᠢᠷ ᠬᠣᠲᠠ᠎ᠶ᠋ᠢᠨ 20 ᠪᠥᠭᠡᠮ ᠬᠦᠴᠢᠯ᠎ᠦᠨ ᠪᠠᠢᠴᠠᠭᠠᠯᠲᠠ᠎ᠬᠢᠬᠦ ᠠᠵᠢᠯᠲᠠᠨ 2 ᠰᠠᠷ᠎ᠠ᠎ᠶ᠋ᠢᠨ 22᠎ᠤᠨ ᠡᠳᠦᠷ ᠬᠦᠬᠡᠬᠤᠲᠠ ᠳ᠋ᠤ ᠢᠷᠡᠵᠡᠢ᠃ ᠪᠥᠭᠡᠮ ᠬᠦᠴᠢᠯ᠎ᠦᠨ ᠪᠠᠢᠴᠠᠭᠠᠯᠲᠠ ᠬᠢᠬᠦ ᠠᠵᠢᠯᠲᠠᠳ ᠬᠥᠬᠡᠬᠣᠲᠠ᠎ᠳᠤ ᠢᠷᠡᠭ᠌ᠰᠡᠨ᠎ᠦ ᠳᠠᠷᠠᠭ᠎ᠠ ᠲᠡᠷᠡ ᠳᠠᠷᠤᠶ᠎ᠳᠤᠨᠢ ᠪᠥᠭᠡᠮ ᠬᠦᠴᠢᠯ᠎ᠦᠨ ᠥᠯᠢᠭᠡᠷ᠎ᠢ ᠪᠠᠢᠴᠠᠭᠠᠬᠤ ᠠᠵᠢᠯᠳᠤᠣᠷᠣᠯᠴᠠᠵᠤ᠂ᠪᠥᠭᠡᠮᠬᠦᠴᠢᠯᠦᠨ ᠪᠠᠢᠴᠠᠭᠠᠯᠲᠠ᠎ᠶ᠋ᠢᠨ ᠡᠩᠨᠡᠭᠡ᠎ᠶ᠋ᠢ ᠥᠷᠭᠡᠳᠭᠡᠨ ᠲᠡᠭᠦᠯᠳᠡᠷᠵᠢᠭᠦᠯᠵᠦ᠍᠂ ᠪᠥᠭᠡᠮ ᠬᠦᠴᠢᠯ᠎ᠦᠨ ᠪᠠᠢᠴᠠᠭᠠᠯᠲᠠ ᠬᠢᠬᠦ ᠴᠢᠳᠠᠪᠤᠷᠢ᠎ᠶ᠋ᠢ ᠤᠯᠠᠮ ᠳᠡᠭᠡᠭ᠌ᠰᠢᠯᠡᠭᠦᠯᠪᠡ᠃
ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃