ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠥᠪᠥᠷ ᠮᠣᠩᠭᠣᠯ·ᠬᠠᠢᠷ᠎ᠠ ᠬᠠᠯᠠᠮᠵᠢ

2022-02-24 09:18:45

ᠵᠣᠬᠢᠶᠠᠭ᠍ᠴᠢ᠄ ᠸᠠᠩ ᠶᠠ ᠵᠢᠩ ᠱᠢᠤᠢ ᠶᠤᠸᠠᠢ ᠣᠩᠱᠢᠭ᠍ᠰᠠᠨ ᠣᠳᠠᠭ᠎ᠠ᠄ 3

ᠬᠢᠵᠢᠭ᠎ᠦᠨ ᠪᠠᠢᠳᠠᠯ᠎ᠤᠨ ᠬᠤᠭᠤᠴᠠᠭᠠᠨ᠎ᠳᠤ᠂ ᠪᠢᠲᠡᠭᠦᠮᠵᠢᠯᠠᠨ ᠬᠠᠮᠢᠶᠠᠷᠬᠤ ᠰᠠᠭᠤᠭᠠᠯᠢ ᠲᠣᠭᠣᠷᠢᠭ᠎ᠤᠨ ᠰᠠᠭᠤᠭᠠᠯᠢ ᠠᠷᠠᠳ᠎ᠤᠨ ᠡᠪᠡᠳᠴᠢᠨ ᠦᠵᠡᠬᠦᠯᠬᠦ ᠬᠡᠷᠡᠭ᠌ᠴᠡᠭᠡ ᠱᠠᠭᠠᠷᠳᠠᠯᠭ᠎ᠠ᠎ᠵᠢ ᠪᠠᠲᠤᠯᠠᠬᠤ᠎ᠶ᠋ᠢᠨ ᠲᠥᠯᠥᠭᠡ᠂ ᠡᠮᠴᠢᠯᠡᠭᠡᠨ᠎ᠤ ᠦᠢᠯᠡᠴᠢᠯᠡᠭᠡ ᠬᠠᠩᠭᠠᠬᠤ᠎ᠳᠠᠭᠠᠨ ᠬᠥᠬᠡᠬᠣᠲᠠ᠎ᠵᠢᠨ ᠬᠢᠨ《ᠲᠦᠷᠪᠡᠨ ᠲᠦᠷᠦᠯ》᠎ᠤ᠋ᠨ ᠭᠣᠣᠯᠳᠠᠯᠭ᠎ᠠ᠎ᠲᠠᠶ ᠬᠥᠮᠦᠰ᠎ᠢ ᠲᠦᠷᠦᠯ ᠬᠤᠪᠢᠶᠠᠨ ᠬᠠᠮᠢᠶᠠᠷᠴᠤ ᠪᠠᠢᠨ᠎ᠠ᠃

ᠬᠥᠬᠡᠬᠤᠳᠠ ᠭᠤᠤᠯᠳᠠᠭᠤ ᠪᠢᠲᠡᠭᠦᠮᠵᠢᠯᠡᠨ ᠡᠵᠡᠮᠳᠡᠬᠦ᠌ ᠣᠷᠣᠨ᠂ ᠬᠠᠮᠢᠶᠠᠷᠤᠨ ᠡᠵᠡᠮᠳᠡᠬᠦ᠌ ᠣᠷᠣᠨ ᠪᠠ ᠲᠤᠰᠠᠭᠠᠷᠯᠠᠬᠤ ᠪᠠᠭᠤᠳᠠᠯ᠎ᠳᠤ ᠡᠮᠴᠢᠯᠡᠭᠡᠨ᠎ᠦ ᠪᠠᠲᠤᠯᠠᠭ᠎ᠠ᠎ᠶ᠋ᠢᠨ ᠳᠤᠭᠤᠢᠯᠠᠩ ᠪᠠᠢᠭᠤᠯᠵᠤ᠂ ᠰᠦᠯᠵᠢᠶᠡᠵᠢᠭ᠌ᠰᠡᠨ ᠬᠠᠮᠢᠶᠠᠷᠤᠯᠲᠠ᠎ᠳᠤ ᠣᠷᠣᠭᠤᠯᠤᠨ᠂ ᠰᠠᠭᠤᠭᠠᠯᠢ ᠠᠷᠠᠳ᠎ᠲᠤ ᠵᠥᠪᠯᠡᠯᠭᠡ ᠥᠭ᠌ᠬᠦ ᠦᠶ᠋ᠯᠡᠴᠢᠯᠡᠭᠡ᠂ ᠡᠪᠡᠳᠴᠢᠨ᠎ᠦ ᠪᠠᠢᠳᠠᠯ᠎ᠢ ᠦᠨᠡᠯᠡᠨ ᠵᠢᠱ᠌ᠢᠬᠦ᠌ ᠂ ᠲᠥᠬᠥᠮ ᠡᠮᠨᠡᠬᠦ ᠂ ᠡᠮ ᠬᠦᠷᠭᠡᠬᠦ᠌ ᠵᠡᠷᠭᠡ ᠬᠠᠨᠳᠤᠯᠭᠠᠲᠤ ᠴᠢᠨᠠᠷᠲᠠᠶ ᠦᠶ᠋ᠯᠡᠴᠢᠯᠡᠭᠡ ᠬᠠᠩᠭᠠᠵᠤ ᠪᠠᠢᠨ᠎ᠠ᠃ ᠭᠠᠳᠠᠭ᠍ᠰᠢ ᠭᠠᠷᠴᠤ᠌ ᠡᠮᠨᠡᠭᠦᠯᠬᠦ᠌ ᠴᠢᠬᠤᠯᠠᠲᠠᠶ ᠪᠠᠢᠪᠠᠯ᠂ ᠨᠡᠢᠭᠡᠮ ᠲᠣᠭᠣᠷᠢᠭ᠎ᠤᠨ ᠰᠡᠷᠭᠡᠢᠯᠡᠨ ᠡᠵᠡᠮᠳᠡᠬᠦ᠌ ᠠᠯᠪᠠᠨ ᠬᠡᠷ᠎ᠡᠴᠡ ᠲᠤᠰᠭᠠᠶ ᠲᠡᠷᠭᠡ ᠪᠤᠶᠤ 120 ᠲᠦᠷᠭᠡᠨ ᠠᠪᠤᠷᠠᠯᠳᠠ᠎ᠶ᠋ᠢᠨ ᠲᠡᠷᠭᠡ ᠳᠣᠭᠢᠷᠠᠭᠤᠯᠵᠤ᠂ ᠨᠢᠭᠡ ᠨᠢᠭᠡ ᠪᠡᠷ ᠡᠮᠴᠢᠯᠡᠬᠦᠯᠬᠦ ᠦᠶ᠋ᠯᠡᠴᠢᠯᠡᠭᠡ ᠬᠠᠩᠭᠠᠵᠤ᠂ ᠪᠢᠲᠡᠭᠦᠮᠵᠢᠯᠡᠭ᠌ᠰᠡᠨ ᠬᠠᠮᠢᠶᠠᠷᠤᠯᠲᠠ᠎ᠶ᠋ᠢ ᠬᠡᠷᠡᠭ᠌ᠵᠢᠭᠦᠯᠪᠡ᠃

ᠡᠮᠴᠢᠯᠡᠭᠡᠨ᠎ᠤ ᠦᠶ᠋ᠯᠡᠴᠢᠯᠡᠭᠡ ᠬᠠᠩᠭᠠᠬᠤ ᠎ᠳ᠋ᠠᠭᠠᠨ᠂ ᠬᠥᠬᠡᠬᠣᠲᠠ 《ᠳᠥᠷᠪᠡᠨ ᠲᠥᠷᠥᠯ》᠎ᠤ᠋ᠨ ᠭᠤᠤᠯᠳᠠᠯᠭ᠎ᠠ᠎ᠲᠠᠶ ᠬᠥᠮᠦᠰ᠎ᠢ ᠲᠥᠷᠥᠯ ᠬᠤᠪᠢᠶᠠᠨ ᠬᠠᠮᠢᠶᠠᠷᠴᠦ ᠪᠤᠢ᠃ ᠨᠢᠭᠡ ᠨᠢ ᠪᠠᠴᠢᠮ ᠬᠦᠨᠳᠤ ᠲᠦᠭ᠌ᠰᠢᠭᠦᠷᠢᠲᠡᠶ ᠡᠪᠡᠳᠴᠢᠲᠡᠨ᠎ᠳᠦ᠂ ᠣᠢᠷᠠᠬᠠᠨ᠂ ᠶᠠᠭᠠᠷᠠᠤ᠂ ᠲᠤᠰᠭᠠᠶ ᠮᠡᠷᠭᠡᠵᠢᠯ᠎ᠤᠨ ᠪᠠ ᠡᠪᠡᠳᠴᠢᠲᠡᠨ᠎ᠦ ᠰᠠᠨᠠᠯ ᠶᠤᠰᠤᠭᠠᠷ᠂120 ᠲᠦᠷᠭᠡᠨ ᠠᠪᠤᠷᠠᠯᠳᠠ᠎ᠶ᠋ᠢᠨ ᠲᠡᠷᠭᠡ᠎ᠪᠡᠷ ᠣᠨᠣᠱᠢᠯᠠᠨ ᠡᠮᠨᠡᠬᠦ ᠴᠢᠳᠠᠪᠤᠷᠢ᠎ᠲᠠᠶ ᠡᠮᠴᠢᠯᠡᠭᠡᠨ᠎ᠦ ᠪᠠᠢᠭᠤᠯᠤᠮᠵᠢ᠎ᠳᠤ ᠬᠦᠷᠭᠡᠵᠦ᠍ ᠡᠮᠨᠡᠭᠦᠯᠵᠤ ᠪᠠᠢᠨ᠎ᠠ; ᠬᠣᠶᠠᠷ ᠨᠢ ᠪᠥᠭᠡᠷ᠎ᠠ᠎ᠵᠢᠨ ᠠᠵᠢᠯᠯᠠᠭ᠎ᠠ ᠮᠠᠭᠤᠳᠠᠭ᠍ᠰᠠᠨ᠂ ᠬᠠᠪᠤᠳᠠᠷ ᠵᠡᠷᠭᠡ ᠦᠷᠭᠦᠯᠵᠢᠯᠡᠨ ᠡᠮᠨᠡᠨ ᠵᠠᠰᠠᠬᠤ ᠴᠢᠬᠤᠯᠠᠲᠠᠶ ᠡᠪᠡᠳᠴᠢᠲᠡᠨ᠎ᠳᠤ ᠤᠤᠯ᠎ᠤᠨ ᠡᠮᠨᠠᠵᠤ ᠪᠦᠬᠦᠢ ᠪᠠᠢᠭᠤᠯᠤᠮᠵᠢ᠎ᠠᠴᠠ ᠦᠷᠭᠦᠯᠵᠢᠯᠡᠨ ᠲᠠᠰᠤᠯᠳᠠᠭᠤᠯᠤᠯ ᠥᠬᠡᠶ ᠡᠮᠴᠢᠯᠡᠭᠡᠨ᠎ᠤ ᠦᠶ᠋ᠯᠡᠴᠢᠯᠡᠭᠡ ᠬᠠᠩᠭᠠᠵᠤ ᠪᠠᠢᠨ᠎ᠠ; ᠭᠤᠷᠪᠠ ᠨᠢ ᠵᠢᠷᠮᠦᠰᠦᠨ ᠪᠤᠶᠤ ᠬᠦᠩᠭᠡᠵᠢᠭᠰᠡᠨ ᠪᠦᠰᠡᠬᠦᠢ᠂ ᠨᠢᠷᠠᠢ ᠬᠡᠦᠬᠡᠳ᠎ᠲᠦ ᠲᠤᠭᠳᠠᠭᠰᠠᠨ ᠲᠤᠰᠬᠠᠢ ᠡᠮᠴᠢᠯᠡᠭᠡᠨ᠎ᠦ ᠪᠠᠢᠭᠤᠯᠤᠮᠵᠢ ᠡᠴᠡ ᠪᠠᠲᠤᠯᠠᠭ᠎ᠠ ᠬᠠᠡᠭᠭᠠᠬᠤ᠎ᠵᠢ ᠭᠡᠷᠡᠭᠵᠢᠬᠦᠯᠵᠤ ᠪᠠᠢᠨ᠎ᠠ; ᠳᠥᠷᠪᠡ ᠨᠢ ᠤᠵᠢᠭ ᠡᠪᠡᠳᠴᠢᠨ᠎ᠲᠡᠶ ᠡᠪᠡᠳᠴᠢᠲᠡᠨ᠎ᠢ ᠨᠡᠢᠭᠡᠮ ᠲᠣᠭᠣᠷᠢᠭ᠎ᠤᠨ ᠰᠡᠷᠭᠡᠢᠯᠡᠨ ᠡᠵᠡᠮᠳᠡᠬᠦ᠌ ᠠᠯᠪᠠᠨ ᠬᠡᠷ᠎ᠡᠴᠡ ᠲᠤᠰᠭᠠᠶ ᠲᠡᠷᠭᠡ ᠲᠣᠬᠢᠷᠠᠭᠤᠯᠤᠨ ᠦᠨᠳᠦᠰᠦᠨ ᠱᠠᠲᠤᠨ᠎ᠤ ᠡᠮᠴᠢᠯᠡᠭᠡᠨ᠎ᠦ ᠪᠠᠢᠭᠤᠯᠤᠮᠵᠢ᠂ ᠬᠣᠱᠢᠭᠤ ᠱᠢᠶᠠᠨ ᠲᠣᠭᠣᠷᠢᠭ᠎ᠤᠨ ᠡᠮᠨᠡᠯᠭᠡ᠎ᠶ᠋ᠢᠨ ᠬᠣᠷᠢᠶ᠎ᠠ᠎ᠳᠤ ᠬᠦᠷᠭᠡᠵᠤ ᠪᠠᠢᠨ᠎ᠠ; ᠪᠠᠴᠢᠮ ᠬᠦᠨᠳᠤ ᠲᠦᠭ᠌ᠰᠢᠭᠦᠷᠢᠲᠡᠶ ᠪᠤᠰᠤ ᠡᠪᠡᠳᠴᠢᠨ᠎ᠳᠦ ᠨᠡᠷᠪᠡᠭ᠌ᠳᠡᠭ᠌ᠰᠡᠳ᠎ᠢ ᠨᠡᠢᠭᠡᠮ ᠲᠣᠭᠣᠷᠢᠭ᠎ᠤᠨ ᠰᠡᠷᠭᠡᠢᠯᠡᠨ ᠡᠵᠡᠮᠳᠡᠬᠦ᠌ ᠠᠯᠪᠠᠨ ᠬᠡᠷ᠎ᠡᠴᠡ ᠲᠤᠰᠭᠠᠶ ᠲᠡᠷᠭᠡ ᠳᠣᠭᠢᠷᠠᠭᠤᠯᠤᠨ ᠬᠠᠷᠢᠶ᠎ᠠ ᠭᠠᠵᠠᠷ᠎ᠤᠨ ᠬᠠᠯᠠᠭᠤᠷᠠᠯ᠎ᠤᠨ ᠡᠭᠦᠳᠡᠨ ᠡᠮᠨᠡᠯᠭᠡ ᠲᠠᠢ ᠡᠮᠴᠢᠯᠡᠭᠡᠨ᠎ᠦ ᠪᠠᠢᠭᠤᠯᠤᠮᠵᠢ᠎ᠳᠤ ᠬᠦᠷᠭᠡᠨ ᠡᠮᠨᠡᠭᠦᠯᠵᠤ ᠪᠠᠢᠨ᠎ᠠ᠃

ᠪᠦᠷᠢᠳᠭᠡᠯ᠎ᠢ ᠦᠨᠳᠦᠰᠦᠯᠡᠪᠡᠯ᠂ ᠣᠳᠣᠬᠠᠨ᠎ᠳᠤ᠂ ᠪᠥᠬᠥ᠌ ᠬᠣᠲᠠ᠎ᠳᠤ ᠡᠮᠴᠢᠯᠡᠬᠦᠯᠬᠦ ᠪᠠᠲᠤᠯᠠᠭ᠎ᠠ᠎ᠶ᠋ᠢᠨ ᠭᠡᠷᠡᠭᠴᠡᠭᠡ ᠲᠠᠢ 《ᠳᠥᠷᠪᠡᠨ ᠲᠥᠷᠥᠯ》᠎ᠤ᠋ᠨ ᠭᠤᠤᠯᠳᠠᠯᠭ᠎ᠠ᠎ᠲᠠᠶ ᠬᠥᠮᠦᠰ ᠨᠡᠢᠲᠡ 8147 ᠪᠠᠢᠨ᠎ᠠ᠃ ᠡᠭᠦᠨ᠎ᠳᠦ᠂ ᠪᠠᠴᠢᠮ ᠬᠦᠨᠳᠦ ᠲᠦᠭ᠌ᠰᠢᠭᠦᠷᠢᠲᠡᠶ ᠡᠪᠡᠳᠴᠢᠲᠡᠨ 20 ᠬᠥᠮᠦᠨ᠂ ᠪᠥᠭᠡᠷ᠎ᠠ᠎ᠵᠢᠨ ᠠᠵᠢᠯᠯᠠᠭ᠎ᠠ᠎ᠶ᠋ᠢᠨ ᠮᠠᠭᠤᠳᠠᠭᠰᠠᠨ᠂ ᠬᠠᠪᠤᠳᠠᠷ ᠵᠡᠷᠭᠡ ᠡᠪᠡᠳᠴᠢᠨ ᠲᠠᠢ ᠦᠷᠭᠦᠯᠵᠢᠯᠡᠨ ᠡᠮᠨᠡᠬᠦᠯᠬᠦ ᠴᠢᠬᠤᠯᠠᠲᠠᠶ 21 ᠬᠥᠮᠦᠨ᠂ ᠵᠢᠷᠮᠦᠰᠦᠨ ᠪᠤᠶᠤ ᠬᠦᠩᠭᠡᠵᠢᠭᠰᠡᠨ ᠪᠦᠰᠡᠬᠦᠢ 398 ᠬᠥᠮᠦᠨ᠂ ᠤᠵᠢᠭ ᠡᠪᠡᠳᠴᠢᠨ ᠵᠡᠷᠭᠡ᠎ᠳᠦ ᠨᠡᠷᠪᠡᠭᠳᠡᠭᠰᠡᠨ ᠪᠤᠰᠤᠳ ᠡᠪᠡᠳᠴᠢᠲᠡᠨ 7708 ᠬᠥᠮᠦᠨ ᠪᠣᠶ᠃ 2 ᠰᠠᠷ᠎ᠠ᠎ᠶ᠋ᠢᠨ 15᠎ᠤ᠋ ᠡᠳᠦᠷ᠎ᠡᠴᠡ 22᠎ᠤ᠋ᠨ ᠡᠳᠦᠷ ᠪᠣᠯᠲᠠᠯ᠎ᠠ᠂ ᠪᠥᠬᠥ᠌ ᠬᠣᠲᠠ᠎ᠳᠤ ᠪᠢᠲᠡᠭᠦᠮᠵᠢᠯᠡᠨ(ᠬᠠᠮᠢᠶᠠᠷᠤᠨ)ᠡᠵᠡᠮᠳᠡᠬᠦ ᠣᠷᠣᠨ᠎ᠤ ᠭᠤᠤᠯᠳᠠᠯᠭ᠎ᠠ᠎ᠲᠠᠶ ᠬᠥᠮᠦᠰ᠎ᠢ 109 ᠬᠥᠮᠦᠨ ᠤᠳᠠᠭ᠎ᠠ ᠱᠢᠯᠵᠢᠭᠦᠯᠦᠨ ᠵᠥᠭᠡᠭᠡᠪᠦᠷᠢᠯᠡᠵᠦ᠍ ᠂ ᠡᠭᠦᠨ᠎ᠳᠦ ᠵᠢᠷᠮᠦᠰᠦᠨ ᠪᠠ ᠬᠥᠩᠭᠡᠵᠢᠭ᠌ᠰᠡᠨ ᠪᠦᠰᠡᠬᠦᠢ᠎ᠶ᠋ᠢ 49 ᠬᠥᠮᠦᠨ ᠤᠳᠠᠭ᠎ᠠ᠂ ᠨᠢᠷᠠᠢ ᠬᠡᠦᠬᠡᠳ᠎ᠢ 2 ᠬᠥᠮᠦᠨ ᠤᠳᠠᠭ᠎ᠠ᠂ ᠨᠡᠪᠳᠡᠷᠡᠬᠦᠯᠦᠨ ᠵᠠᠳᠠᠷᠠᠭᠤᠯᠵᠦ ᠠᠷᠢᠭᠤᠳᠬᠠᠬᠤ ᠡᠪᠡᠳᠴᠢᠳᠠᠨ᠎ᠢ 31 ᠬᠥᠮᠦᠨ ᠤᠳᠠᠭ᠎ᠠ᠂ ᠪᠠᠴᠢᠮ ᠬᠦᠨᠳᠦ ᠲᠦᠭ᠌ᠰᠢᠭᠦᠷᠢᠲᠡᠶ ᠡᠪᠡᠳᠴᠢᠲᠡᠨ᠎ᠢ 27 ᠬᠥᠮᠦᠨ ᠤᠳᠠᠭ᠎ᠠ ᠱᠢᠯᠵᠢᠭᠦᠯᠦᠨ ᠵᠦᠭᠡᠭᠡᠪᠦᠷᠢᠯᠡᠵᠦ᠍᠂ ᠡᠪᠡᠳᠴᠢᠲᠡᠨ᠎ᠦ ᠣᠨᠴᠠᠯᠢᠭ᠎ᠢ ᠦᠨᠳᠦᠰᠦᠯᠡᠨ ᠬᠠᠨᠳᠤᠯᠭᠠᠲᠤ ᠴᠢᠨᠠᠷᠲᠠᠶ᠎ᠪᠠᠷ ᠪᠠᠲᠤᠯᠠᠭ᠎ᠠ ᠬᠠᠡᠭᠭᠠᠬᠤ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面