ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠥᠪᠥᠷ ᠮᠣᠩᠭᠣᠯ·ᠬᠠᠢᠷ᠎ᠠ ᠬᠠᠯᠠᠮᠵᠢ

2022-02-26 11:06:45

ᠵᠣᠬᠢᠶᠠᠭ᠍ᠴᠢ᠄ ᠸ·ᠭᠡᠷᠡᠯᠳᠤ ᠣᠩᠱᠢᠭ᠍ᠰᠠᠨ ᠣᠳᠠᠭ᠎ᠠ᠄ 3

2 ᠰᠠᠷ᠎ᠠ ᠵᠢᠨ 24 ᠎ᠤ᠋ ᠡᠳᠦᠷ᠂ ᠪᠤᠭᠤᠳᠤ ᠵᠢᠨ ᠪᠤᠯᠤᠳ ᠲᠡᠮᠦᠷ᠎ᠤᠨ ᠪᠦᠯᠦᠭ᠌ᠯᠡᠯ ᠦᠪᠡᠷᠳᠡᠭᠡᠨ ᠵᠠᠰᠠᠬᠤ ᠤᠷᠤᠨ᠎ᠤ ᠤᠯᠠᠭᠠᠨ ᠵᠠᠭᠠᠯᠮᠠᠢ᠌ᠳᠠᠨ᠎ᠤ ᠨᠡᠢ᠌ᠭᠡᠮᠯᠢᠭ᠌ ᠲᠤ᠌ 1000 ᠲᠦᠮᠡᠨ ᠲᠦᠭᠦᠷᠢᠭ ᠬᠠᠨᠳᠢᠪᠯᠡᠵᠦ᠍᠂ ᠬᠦᠬᠡᠬᠤᠳᠠ᠂ ᠪᠤᠭᠤᠳᠤ ᠵᠢᠨ ᠬᠢᠵᠢᠭ ᠲᠠᠢ ᠲᠡᠮᠡᠴᠡᠬᠦ ᠠᠵᠢᠯ᠎ᠢ ᠲᠡᠮᠵᠢᠭ᠌ᠰᠡᠨ ᠪᠠᠢ᠌ᠨ᠎ᠠ᠃

ᠤᠢ᠍ᠢᠯᠠᠭᠠᠬ᠍ᠰᠠᠨ ᠵᠢᠡᠷ᠂ ᠤᠳᠤᠬᠠᠨ ᠳ᠋ᠤ ᠡᠨᠡ᠎ᠬᠦ᠌ ᠬᠠᠨᠳᠢᠪ᠎ᠤᠨ ᠮᠦᠩᠬᠦ ᠵᠢ ᠨᠢᠭᠡᠨᠳᠡ ᠦᠪᠡᠷᠳᠡᠭᠡᠨ ᠵᠠᠰᠠᠬᠤ ᠤᠷᠤᠨ᠎ᠤ ᠤᠯᠠᠭᠠᠨ ᠵᠠᠭᠠᠯᠮᠠᠢ᠌ᠳᠠᠨ᠎ᠤ ᠨᠡᠢ᠌ᠭᠡᠮᠯᠢᠭ᠌᠎ᠤᠨ ᠲᠠᠩᠰᠠᠨ ᠳ᠋ᠤ ᠤᠷᠤᠭᠤᠯᠵᠦ᠍᠂ ᠬᠦᠬᠡᠬᠤᠳᠠ᠂ ᠪᠤᠭᠤᠳᠤ ᠬᠤᠳᠠ ᠵᠢᠨ ᠬᠢᠵᠢᠭ ᠲᠠᠢ ᠲᠡᠮᠡᠴᠡᠬᠦ ᠠᠵᠢᠯ ᠳ᠋ᠤ ᠬᠤᠪᠢᠶᠠᠵᠥ ᠬᠡᠷᠡᠭ᠌ᠯᠡᠨ᠎ᠠ᠃ ᠬᠦᠬᠡᠬᠤᠳᠠ᠂ ᠪᠤᠭᠤᠲᠤ ᠬᠤᠳᠠ ᠵᠢᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ᠌ ᠠᠵᠢᠯ ᠬᠠᠳᠠᠭᠤ ᠲᠠᠢ᠌ᠯᠠᠯᠳᠤᠭᠠᠨ᠎ᠤ ᠴᠠᠭ ᠦᠶ᠎ᠠ ᠳ᠋ᠤ ᠤᠷᠤᠬ᠍ᠰᠨᠨ ᠪᠠᠢ᠌ᠳᠠᠯ ᠲᠤᠤᠷ᠎ᠠ᠂ ᠪᠤᠭᠤᠲᠤ ᠵᠢᠨ ᠪᠤᠯᠤᠳ ᠲᠡᠮᠦᠷ᠎ᠤᠨ ᠪᠦᠯᠦᠭ᠌ᠯᠡᠯ᠎ᠤᠨ ᠬᠢᠨ ᠠᠵᠤ ᠠᠬᠤᠢ᠌ᠯᠠᠯ᠎ᠤᠨ ᠦᠢᠯᠡᠳᠪᠦᠷᠢᠯᠡᠯ ᠡᠵᠡᠩᠨᠡᠯᠳᠡ ᠳ᠋ᠤ ᠦᠵᠡᠬᠦᠯᠦᠭᠰᠡᠨ ᠬᠢᠵᠢᠭ᠎ᠤᠨ ᠪᠠᠢ᠌ᠳᠠᠯ᠎ᠤᠨ ᠠᠱᠢᠭ ᠦᠭᠡᠢ ᠨᠦᠯᠦᠭᠡ ᠵᠢ ᠲᠡᠪᠴᠢᠨ᠂ ᠠᠵᠤ ᠠᠬᠤᠢ᠌ᠯᠠᠯ᠎ᠤᠨ ᠵᠢᠡᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ᠌ ᠠᠵᠢᠯ᠎ᠢ ᠰᠠᠢ᠌ᠳᠤᠷ ᠬᠢᠬᠦ᠌ ᠵᠢᠨ ᠬᠠᠮᠳᠤ ᠦᠢᠯᠡᠳᠪᠦᠷᠢᠯᠡᠯ ᠡᠵᠡᠩᠨᠡᠯᠳᠡ ᠪᠠᠠ ᠰᠠᠢᠳᠤᠷ ᠠᠳᠭᠤᠵᠦ᠍᠂ 《ᠬᠤᠶᠠᠷ᠎ᠢ ᠥᠯᠤ ᠰᠠᠭᠠᠳᠠᠭᠠᠬᠤ》 ᠪᠡᠷ ᠬᠦᠴᠦᠯᠡᠨ ᠴᠢᠷᠮᠡᠢ᠌ᠵᠤ ᠪᠠᠢ᠌ᠨ᠎ᠠ᠃ ᠲᠡᠷᠡᠴᠢᠯᠡᠨ ᠠᠵᠢᠯᠳᠠᠳ᠎ᠤᠨ ᠲᠤᠮᠳᠠᠬᠢ ᠰᠠᠢ᠌ᠨ ᠲᠤᠷᠠᠴᠤᠳ᠎ᠢ ᠢᠳᠡᠪᠬᠢᠳᠠᠢ ᠵᠤᠬᠢᠶᠠᠨ ᠪᠠᠢ᠌ᠭᠤᠯᠵᠦ᠍᠂ ᠪᠤᠭᠤᠲᠤ ᠬᠤᠳᠠ ᠵᠢᠨ ᠪᠦᠭᠡᠮ ᠬᠦᠴᠢᠯ᠎ᠤᠨ ᠪᠠᠢ᠌ᠴᠠᠭᠠᠯᠳᠠ ᠵᠡᠷᠭᠡ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ᠌ ᠠᠵᠢᠯ᠎ᠢ ᠢᠳᠡᠪᠬᠢᠳᠠᠢ ᠲᠤᠰᠠᠯᠠᠨ ᠲᠡᠮᠵᠢᠭᠰᠡᠨ ᠪᠠᠢᠨ᠎ᠠ᠃

ᠤᠢ᠍ᠢᠯᠠᠭᠠᠬ᠍ᠰᠠᠨ ᠵᠢᠡᠷ᠂ ᠤᠢ᠍ᠢᠷ᠎ᠠ ᠵᠢᠨ ᠵᠢᠯ ᠡᠴᠡ᠂ ᠪᠤᠭᠤᠲᠤ ᠵᠢᠨ ᠪᠤᠯᠤᠳ ᠲᠡᠮᠦᠷ᠎ᠤᠨ ᠪᠦᠯᠦᠭ᠌ᠯᠡᠯ 4000 ᠭᠠᠷᠤᠢ ᠲᠦᠮᠡᠨ ᠲᠦᠭᠦᠷᠢᠭ᠎ᠤᠨ ᠬᠢᠵᠢᠭ ᠲᠠᠢ ᠲᠡᠮᠡᠴᠡᠬᠦ ᠵᠤᠭᠤᠰ ᠮᠦᠩᠬᠦ᠌ ᠪᠤᠯᠤᠨ ᠡᠳ᠋ ᠪᠤᠳᠠᠰ᠎ᠢ ᠨᠡᠢᠭᠡᠮ ᠨᠡᠢᠳᠡ ᠳ᠋ᠤ ᠲᠤᠰᠠᠯᠠᠬ᠍ᠰᠠᠨ ᠪᠠᠢ᠌ᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面