ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠥᠪᠥᠷ ᠮᠣᠩᠭᠣᠯ·ᠬᠠᠢᠷ᠎ᠠ ᠬᠠᠯᠠᠮᠵᠢ

2022-02-24 09:05:31

ᠵᠣᠬᠢᠶᠠᠭ᠍ᠴᠢ᠄ ​ ᠸᠠᠩ ᠺᠦᠨ ᠣᠩᠱᠢᠭ᠍ᠰᠠᠨ ᠣᠳᠠᠭ᠎ᠠ᠄ 3

—— ᠥᠪᠡᠷᠲᠡᠭᠡᠨ ᠵᠠᠰᠠᠬᠤ ᠣᠷᠣᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠦ᠍ ᠵᠢᠨ ᠵᠥᠪᠯᠡᠯ ᠤ᠋ᠨ ᠳᠡᠳ᠋ ᠡᠷᠬᠢᠯᠡᠭ᠌ᠴᠢ ᠸᠠᠩ ᠵᠠᠨ ᠭᠦᠸᠧ ᠵᠢ ᠰᠤᠷᠪᠤᠯᠵᠢᠯᠠᠭ᠍ᠰᠠᠨ ᠨᠢ


《 ᠶᠡᠷᠦᠩᠬᠡᠢ ᠱᠦᠵᠢ ᠰᠢ ᠵᠢᠨ ᠫᠢᠩ ᠤ᠋ᠨ 〈ᠠᠷᠠᠳ ᠲᠦᠮᠡᠨ᠎ᠢ ᠳᠡᠭᠡᠳᠦᠯᠡᠬᠦ᠌᠂ ᠠᠮᠢ ᠨᠠᠰᠤ ᠵᠢ ᠳᠡᠭᠡᠳᠦᠯᠡᠬᠦ᠌ 〉ᠱᠠᠭᠠᠷᠳᠠᠯᠭ᠎ᠠ ᠵᠢ ᠨᠠᠢᠳᠠᠪᠤᠷᠢᠵᠢᠭᠤᠯᠬᠤ ᠵᠢᠨ ᠲᠥᠯᠥᠭᠡ᠂ ᠬᠥᠬᠡᠬᠣᠲᠠ ᠵᠢᠨ ᠲᠣᠰ ᠡᠭᠡᠯᠵᠢ ᠵᠢᠨ ᠲᠤᠬᠠᠢ ᠵᠢᠨ ᠭᠠᠵᠠᠷ ᠤ᠋ᠨ ᠬᠢᠵᠢᠭ᠎ᠤᠨ ᠪᠠᠢᠳᠠᠯ ᠭᠠᠷᠤᠭᠰᠠᠨ᠎ᠦ ᠳᠠᠷᠠᠭ᠎ᠠ᠂ ᠪᠢᠳᠡ ᠬᠥᠬᠡᠬᠣᠲᠠ ᠣᠷᠣᠨ ᠤ᠋ ᠬᠣᠶᠠᠳᠤᠭᠠᠷ ᠳᠡᠰ ᠡᠴᠡ ᠳᠡᠭᠡᠭ᠌ᠰᠢᠬᠢ ᠡᠮᠴᠢᠯᠡᠭᠡᠨ᠎ᠦ ᠪᠠᠢᠭᠤᠯᠤᠮᠵᠢ ᠵᠢᠨ ᠳᠠᠷᠤᠭ᠎ᠠ᠎ᠨᠠᠷ ᠤ᠋ᠨ ᠬᠤᠷᠠᠯ᠎ᠢ ᠦᠳᠲᠡᠷ ᠲᠦᠷᠭᠡᠨ ᠬᠤᠷᠠᠯᠳᠤᠭᠤᠯᠵᠤ᠂ ᠡᠮᠴᠢᠯᠡᠬᠦ ᠪᠡᠨ ᠵᠣᠭ᠍ᠰᠣᠬᠤ ᠥᠬᠡᠶ᠂ ᠡᠪᠡᠳᠴᠢᠳᠡᠨ ᠢ᠋ ᠲᠡᠪᠴᠢᠬᠦ᠌ ᠦᠭᠡᠢ᠂ ᠬᠤᠢᠰᠢ ᠤᠬᠤᠷᠢᠬᠤ ᠦᠭᠡᠢ ᠭᠤᠷᠪᠠᠨ ᠱᠠᠭᠠᠷᠳᠠᠯᠭ᠎ᠠ ᠢ᠋ᠢ ᠲᠤᠷᠠᠳᠪᠠ᠂ ᠡᠭᠦᠨ᠎ᠦ ᠬᠠᠮᠲᠤ ᠡᠮᠴᠢᠯᠡᠭᠡᠨ᠎ᠦ ᠪᠠᠢᠭᠤᠯᠤᠮᠵᠢ ᠵᠢᠨ〈ᠦᠯᠦ ᠡᠮᠴᠢᠯᠡᠬᠦ〉 〈ᠦᠯᠦ ᠲᠦᠯᠬᠢᠯᠴᠡᠬᠦ〉 ᠡᠮᠴᠢᠯᠡᠭᠡᠨ᠎ᠦ ᠦᠶ᠋ᠯᠡᠴᠢᠯᠡᠭᠡ ᠬᠠᠩᠭᠠᠬᠤ ᠎ᠵᠢ〈ᠦᠯᠦ ᠲᠠᠰᠤᠯᠳᠠᠭᠤᠯᠬᠤ〉 ᠵᠢᠴᠢ ᠡᠮᠨᠡᠯᠭᠡ ᠵᠢᠨ ᠠᠵᠢᠯᠲᠠᠨ ᠤ᠋ 〈ᠥᠯᠥ᠍ ᠬᠠᠯᠳᠠᠪᠤᠷᠢᠯᠠᠬᠤ〉 ᠳᠥᠷᠪᠡᠨ ᠥᠯᠥ᠍ ᠪᠠᠢᠬᠤ ᠠᠵᠢᠯ ᠤ᠋ᠨ ᠬᠠᠷᠠᠯᠲᠠ ᠵᠢ ᠲᠣᠭ᠍ᠲᠠᠭᠠᠵᠤ᠂ ᠥᠪᠡᠷᠲᠡᠭᠡᠨ ᠵᠠᠰᠠᠬᠤ ᠣᠷᠣᠨ ᠪᠠ ᠬᠥᠬᠡᠬᠣᠲᠠ ᠬᠣᠶᠠᠷ ᠱᠠᠲᠤᠨ ᠡᠴᠡ ᠬᠠᠮᠲᠤᠷᠠᠨ ᠵᠣᠬᠢᠶᠠᠨ ᠪᠠᠢᠭᠤᠯᠤᠭ᠍ᠰᠠᠨ ᠬᠡᠪ ᠤ᠋ᠨ ᠡᠮᠴᠢᠯᠡᠭᠡᠨ᠎ᠦ ᠦᠶ᠋ᠯᠡᠴᠢᠯᠡᠭᠡ ᠵᠢᠨ ᠪᠠᠲᠤᠯᠠᠭ᠎ᠠ ᠵᠢᠨ ᠳᠤᠭᠤᠢᠯᠠᠩ᠎ᠢ ᠪᠠᠢᠭᠤᠯᠵᠤ᠂ ᠬᠢᠵᠢᠭ ᠤ᠋ᠨ ᠪᠠᠢᠳᠠᠯ᠎ᠢ ᠰᠡᠷᠭᠡᠢᠯᠡᠨ ᠡᠵᠡᠮᠳᠡᠬᠦ᠌ ᠶᠠᠪᠤᠴᠠ᠎ᠳᠤ ᠂ ᠪᠢᠲᠡᠭᠦᠮᠵᠢᠯᠡᠨ ᠡᠵᠡᠮᠳᠡᠬᠦ᠌ ᠣᠷᠣᠨ᠂ ᠬᠠᠮᠢᠶᠠᠷᠤᠨ ᠡᠵᠡᠮᠳᠡᠬᠦ᠌ ᠣᠷᠣᠨ᠂ ᠲᠤᠰᠠᠭᠠᠷᠯᠠᠬᠤ ᠲᠠᠯᠠᠪᠤᠷ ᠤ᠋ᠨ ᠰᠠᠭᠤᠭᠠᠯᠢ ᠠᠷᠠᠳ ᠵᠢᠴᠢ ᠰᠡᠷᠭᠡᠢᠯᠡᠯᠳᠠ᠎ᠵᠢᠨ ᠣᠷᠣᠨ ᠤ᠋ ᠰᠠᠭᠤᠭᠠᠯᠢ ᠠᠷᠠᠳ ᠲᠦ᠍ ᠡᠮᠴᠢᠯᠡᠭᠡᠨ᠎ᠦ ᠦᠶ᠋ᠯᠡᠴᠢᠯᠡᠭᠡ ᠬᠠᠨᠭᠭᠠᠵᠤ᠂ ᠡᠪᠡᠳᠴᠢᠨ ᠦᠵᠡᠭᠦᠯᠵᠦ᠍ ᠡᠮᠨᠡᠭᠦᠯᠬᠦ᠌ ᠰᠠᠭᠠᠳ ᠥᠬᠡᠶ ᠵᠠᠮ᠎ᠢ ᠨᠠᠪᠳᠡᠷᠡᠬᠦᠯᠵᠤ᠂ ᠠᠷᠠᠳ ᠣᠯᠠᠨ ᠤ᠋ ᠪᠠᠴᠢᠮ ᠠᠪᠤᠷᠠᠯᠳᠠ ᠵᠢᠨ ᠪᠠᠴᠢᠮ ᠬᠡᠷᠡᠭ᠌ᠴᠡᠭᠡ ᠵᠢ ᠴᠠᠭ ᠲᠤᠬᠠᠶ᠎ᠳᠤᠨᠢ ᠪᠠᠳᠤᠯᠠᠵᠤ ᠪᠠᠢᠨ᠎ᠠ》 ᠬᠡᠵᠤ 2 ᠰᠠᠷ᠎ᠠ ᠵᠢᠨ 22 ᠤ᠋ᠨ ᠣᠷᠣᠶ᠂ ᠥᠪᠡᠷᠲᠡᠭᠡᠨ ᠵᠠᠰᠠᠬᠤ ᠣᠷᠣᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠦ᠍ ᠵᠢᠨ ᠵᠥᠪᠯᠡᠯ ᠤ᠋ᠨ ᠳᠡᠳ᠋ ᠡᠷᠬᠢᠯᠡᠭ᠌ᠴᠢ ᠸᠠᠩ ᠵᠠᠨ ᠭᠦᠸᠧ ᠲᠤᠰ ᠰᠤᠨᠢᠨ ᠤ᠋ ᠲᠤᠰᠭᠠᠶ ᠰᠤᠷᠪᠤᠯᠵᠢᠯᠠᠭ᠎ᠠ ᠵᠢ ᠬᠦᠯᠢᠶᠡᠬᠦ ᠳ᠋ᠡᠭᠡᠨ ᠬᠡᠯᠡᠯ᠎ᠠ ᠃

ᠬᠥᠬᠡᠬᠣᠲᠠ ᠵᠢᠨ ᠲᠣᠰ ᠡᠭᠡᠯᠵᠢ ᠵᠢᠨ ᠲᠤᠬᠠᠢ ᠵᠢᠨ ᠭᠠᠵᠠᠷ ᠤ᠋ᠨ ᠬᠢᠵᠢᠭ ᠤ᠋ᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠤ᠋ᠨ ᠳᠤᠮᠳᠠ ᠂ ᠮᠠᠨ ᠤ᠋ ᠣᠷᠣᠨ ᠬᠢᠵᠢᠭ ᠤ᠋ᠨ ᠪᠠᠢᠳᠠᠯ᠎ᠢ ᠪᠠᠴᠢᠮ ᠠᠷᠭᠠᠴᠠᠭᠠᠨ ᠱᠢᠶ᠋ᠳᠪᠦᠷᠢᠯᠡᠬᠦ᠌ ᠵᠢ ᠴᠢᠩᠭᠠᠳᠭᠠᠵᠤ᠂ ᠬᠢᠵᠢᠭ ᠤ᠋ᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ ᠤ᠋ᠨ ᠳᠣᠲᠣᠭᠠᠳᠤ ᠵᠢᠨ ᠡᠮᠴᠢᠯᠡᠭᠡᠨ᠎ᠦ ᠰᠡᠷᠭᠡᠢᠯᠡᠨ ᠡᠵᠡᠮᠳᠡᠬᠦ᠌ ᠳᠤᠭᠤᠢᠯᠠᠩ ᠳ᠋ᠤ ᠪᠠᠰᠠ ᠬᠡᠪ ᠤ᠋ᠨ ᠡᠮᠴᠢᠯᠡᠭᠡᠨ᠎ᠦ ᠦᠶ᠋ᠯᠡᠴᠢᠯᠡᠭᠡᠨ᠎ᠦ ᠪᠠᠲᠤᠯᠠᠭ᠎ᠠ ᠵᠢᠨ ᠳᠤᠭᠤᠢᠯᠠᠩ ᠭᠡᠵᠤ ᠲᠤᠰᠬᠠᠢᠯᠠᠨ ᠪᠠᠢᠭᠤᠯᠵᠤ᠂ ᠪᠥᠬᠥ᠌ ᠰᠠᠭᠤᠭᠠᠯᠢ ᠠᠷᠠᠳ ᠤ᠋ᠨ ᠠᠮᠢ ᠨᠠᠰᠤᠨ ᠤ᠋ ᠡᠷᠡᠭᠦᠯ ᠮᠡᠨᠳᠦ᠍ ᠵᠢ ᠪᠠᠳᠤᠯᠠᠬᠤ ᠢ᠋ᠢ ᠵᠤᠷᠢᠭᠰᠡᠨ ᠪᠠᠢᠨ᠎ᠠ᠂ ᠲᠠᠷᠤᠢ ᠬᠢᠵᠢᠭ ᠤ᠋ᠨ ᠬᠤᠭᠤᠴᠠᠭᠠᠨ᠎ᠳᠠᠬᠢ ᠱᠢᠨ᠎ᠡ ᠲᠢᠲᠢᠮᠯᠢᠭ ᠸᠢᠷᠦ᠋ᠰ᠎ᠲᠦ ᠬᠠᠯᠳᠠᠪᠤᠷᠢᠯᠠᠭ᠍ᠳᠠᠭ᠍ᠰᠠᠳ ᠤ᠋ᠨ ᠠᠮᠢ ᠨᠠᠰᠤᠨ ᠤ᠋ ᠡᠷᠡᠭᠦᠯ ᠮᠡᠨᠳᠦ᠍ ᠵᠢ ᠪᠠᠲᠤᠯᠠᠬᠤ᠎ᠪᠠᠷ ᠪᠠᠷᠠᠬᠤ ᠥᠬᠡᠶ ᠪᠠᠰᠠ ᠪᠤᠰᠤᠳ ᠰᠠᠭᠤᠭᠠᠯᠢ ᠠᠷᠠᠳ ᠤ᠋ᠨ ᠠᠮᠢ ᠨᠠᠰᠤᠨ ᠤ᠋ ᠡᠷᠡᠭᠦᠯ ᠮᠡᠨᠳᠦ᠍ ᠵᠢ ᠪᠠᠲᠤᠯᠠᠬᠤ ᠵᠢᠨ ᠬᠠᠮᠲᠤ ᠡᠮᠴᠢᠯᠡᠭᠡᠨ᠎ᠦ ᠪᠠᠢᠭᠤᠯᠤᠮᠵᠢ ᠵᠢᠨ ᠡᠮᠨᠡᠯᠭᠡ ᠵᠢᠨ ᠬᠣᠷᠢᠶᠠᠨ᠎ᠳᠤ ᠬᠠᠯᠳᠠᠪᠤᠷᠢᠯᠠᠬᠤ ᠵᠢ ᠰᠡᠷᠭᠡᠢᠯᠡᠬᠦ᠌ ᠵᠢᠨ ᠲᠥᠯᠥᠭᠡ ᠶᠤᠮ᠃

ᠸᠠᠩ ᠵᠠᠨ ᠭᠦᠸᠧ᠂ ᠪᠢᠲᠡᠭᠦᠮᠵᠢᠯᠡᠨ ᠡᠵᠡᠮᠳᠡᠬᠦ᠌ ᠣᠷᠣᠨ᠂ ᠬᠠᠮᠢᠶᠠᠷᠤᠨ ᠡᠵᠡᠮᠳᠡᠬᠦ᠌ ᠣᠷᠣᠨ᠂ ᠲᠤᠰᠠᠭᠠᠷᠯᠠᠬᠤ ᠲᠠᠯᠠᠪᠤᠷ ᠤ᠋ᠨ ᠰᠠᠭᠤᠭᠠᠯᠢ ᠠᠷᠠᠳ ᠵᠢᠴᠢ ᠰᠡᠷᠬᠡᠢᠯᠡᠯᠳᠡ ᠵᠢᠨ ᠣᠷᠣᠨ ᠤ᠋ ᠣᠯᠠᠨ ᠲᠦᠮᠡᠨ᠎ᠦ ᠡᠪᠡᠳᠴᠢᠨ ᠦᠵᠡᠭᠦᠯᠵᠦ᠍ ᠡᠮᠴᠢᠯᠠᠬᠥᠯᠬᠥ ᠵᠢ ᠪᠠᠲᠤᠯᠠᠬᠤ ᠵᠢᠨ ᠲᠥᠯᠥᠭᠡ᠂ ᠪᠢᠳᠡ ᠵᠢᠷᠮᠦᠰᠦᠨ ᠪᠤᠶᠤ ᠬᠦᠡᠭᠭᠡᠵᠢᠭᠰᠡᠨ ᠪᠦᠰᠡᠬᠦᠢ᠂ ᠨᠢᠯᠬ᠎ᠠ ᠨᠢᠷᠠᠢ ᠬᠡᠦᠬᠡᠳ᠂ ᠪᠠᠴᠢᠮ ᠬᠦᠨᠳᠦ ᠲᠦᠭ᠌ᠰᠢᠭᠦᠷᠢᠲᠡᠢ ᠡᠪᠡᠳᠴᠢᠲᠠᠨ᠂ ᠦᠷᠭᠦᠯᠵᠢᠯᠡᠨ ᠡᠮᠨᠡᠬᠦᠯᠬᠦ ᠴᠢᠬᠤᠯᠠᠳᠠᠢ ᠬᠦᠮᠤᠰ ( ᠴᠢᠰᠤ ᠨᠠᠪᠳᠡᠷᠡᠬᠦᠯᠤᠨ ᠵᠠᠳᠠᠷᠠᠭᠤᠯᠵᠤ ᠠᠷᠢᠭᠤᠳᠬᠠᠬᠤ᠂ ᠰᠠᠴᠤᠷᠠᠭ ᠬᠢᠮᠢ ᠵᠢᠨ ᠵᠠᠰᠠᠯ ᠬᠢᠬᠦ᠌ ᠦᠶ᠋ᠯᠡᠴᠢᠯᠡᠭᠡ ᠵᠡᠷᠭᠡ) ᠵᠢᠴᠢ ᠤᠵᠢᠭ ᠡᠪᠡᠳᠴᠢᠲᠡᠨ᠎ᠳᠤ ᠦᠶ᠋ᠯᠡᠴᠢᠯᠡᠬᠦ᠌ ᠬᠦᠮᠦᠰ ᠵᠡᠷᠭᠡ ᠳᠥᠷᠪᠡᠨ ᠲᠥᠷᠥᠯ ᠤ᠋ᠨ ᠬᠥᠮᠦᠰ ᠲᠦ᠍᠂ ᠲᠣᠰ ᠲᠣᠰ ᠠᠵᠢᠯ ᠤ᠋ᠨ ᠳᠤᠭᠤᠢᠯᠠᠩ ᠲᠤᠬᠢᠷᠠᠭᠤᠯᠵᠤ ᠵᠢᠷᠮᠦᠰᠦᠨ ᠪᠤᠶᠤ ᠬᠦᠡᠭᠭᠡᠵᠢᠭᠰᠡᠨ ᠪᠦᠰᠡᠬᠦᠢ᠂ ᠨᠢᠷᠠᠶ ᠬᠡᠦᠬᠡᠳ᠂ ᠪᠥᠭᠡᠷ᠎ᠡ ᠵᠢᠨ ᠠᠵᠢᠯᠯᠠᠭ᠎ᠠ ᠮᠠᠭᠤᠳᠠᠭᠰᠠᠨ᠂ ᠤᠵᠢᠭ ᠡᠪᠡᠳᠴᠢᠨ᠎ᠳᠤ ᠨᠡᠷᠪᠡᠭᠳᠡᠭᠰᠡᠨ ᠵᠡᠷᠭᠡ ᠭᠤᠤᠯᠳᠠᠯᠭ᠎ᠠ᠎ᠲᠠᠶ ᠬᠥᠮᠦᠰ ᠤ᠋ᠨ ᠡᠪᠡᠳᠴᠢᠨ ᠦᠵᠡᠭᠦᠯᠬᠦ᠌ ᠬᠡᠷᠡᠭ᠌ᠴᠡᠭᠡ ᠵᠢ ᠪᠠᠲᠤᠯᠠᠵᠤ᠂ ᠪᠠᠴᠢᠮ ᠲᠦᠭ᠌ᠰᠢᠭᠦᠷᠢᠲᠡᠶ ᠬᠦᠨᠳᠦ ᠡᠪᠡᠳᠴᠢᠲᠡᠳ᠎ᠢ ᠴᠠᠭ ᠲᠤᠬᠠᠶ᠎ᠳᠤᠨᠢ ᠠᠪᠤᠷᠠᠨ ᠡᠮᠨᠡᠬᠦ᠌ ᠵᠢ ᠪᠠᠳᠤᠯᠠᠵᠤ ᠪᠠᠢᠨ᠎ᠠ ᠬᠡᠯ᠎ᠠ ᠃

ᠣᠳᠣ ᠬᠥᠬᠡᠬᠣᠲᠠ᠎ᠳ᠋ᠤ ᠪᠢᠲᠡᠭᠦᠮᠵᠢᠯᠡᠨ ᠡᠵᠡᠮᠳᠡᠬᠦ ᠣᠷᠣᠨ᠂ ᠬᠠᠮᠢᠶᠠᠷᠤᠨ ᠡᠵᠡᠮᠳᠡᠬᠦ ᠣᠷᠣᠨ ᠨᠡᠢᠲᠡ 74 ᠪᠠᠢᠵᠤ᠂ ᠲᠤᠰᠠᠭᠠᠷᠯᠠᠬᠤ ᠪᠠᠭᠤᠳᠠᠯ 71 ᠪᠠᠢᠵᠤ᠂ ᠳᠡᠭᠡᠷᠡᠬᠢ ᠳᠥᠷᠪᠡᠨ ᠲᠥᠷᠥᠯ᠎ᠳ᠋ᠤ ᠬᠤᠯᠪᠤᠭᠳᠠᠭᠰᠠᠨ ᠬᠦᠮᠦᠰ ᠨᠡᠢᠲᠡ 8147 ᠪᠠᠢᠨ᠎ᠠ᠃ ᠡᠬᠦᠨ᠎ᠳᠤ ᠤᠵᠢᠭ ᠡᠪᠡᠳᠴᠢᠲᠡᠨ᠎ᠢᠶᠡᠷ ᠭᠤᠤᠯᠯᠠᠵᠤ᠂ ᠳᠠᠷᠠᠭᠠᠯᠠᠪᠠᠯ ᠵᠢᠷᠮᠦᠰᠦᠨ ᠪᠤᠶᠤ ᠬᠥᠩᠭᠡᠵᠢᠭ᠌ᠰᠡᠨ ᠪᠦᠰᠡᠬᠦᠢ᠎ᠵᠢᠨ ᠲᠤᠭ᠎ᠠ ᠣᠯᠠᠨ ᠪᠠᠢᠨ᠎ᠠ᠃ ᠪᠢᠳᠡ ᠡᠯ᠎ᠡ ᠪᠢᠲᠡᠭᠦᠮᠵᠢᠯᠡᠨ ᠡᠵᠡᠮᠳᠡᠬᠦ᠌ ᠣᠷᠣᠨ᠂ ᠬᠠᠮᠢᠶᠠᠷᠤᠨ ᠡᠵᠡᠮᠳᠡᠬᠦ᠌ ᠣᠷᠣᠨ ᠪᠠ ᠲᠥᠪᠯᠡᠷᠡᠭᠦᠯᠦᠨ ᠲᠤᠰᠠᠭᠠᠷᠯᠠᠬᠤ ᠪᠠᠭᠤᠳᠠᠯ ᠤ᠋ᠨ ᠬᠠᠮᠢᠶᠠᠷᠤᠯᠲᠠ᠎ᠳᠤ ᠡᠮᠨᠡᠯᠭᠡ ᠵᠢᠨ ᠠᠵᠢᠯᠲᠠᠨ ᠲᠣᠬᠢᠷᠠᠭᠤᠯᠵᠤ᠂ ᠡᠮᠨᠡᠯᠭᠡ ᠵᠢᠨ ᠠᠵᠢᠯᠲᠠᠨ ᠡᠮᠴᠢᠯᠡᠭᠡᠨ᠎ᠦ ᠪᠠᠲᠤᠯᠠᠭ᠎ᠠ ᠵᠢᠨ ᠠᠵᠢᠯ᠎ᠢ ᠬᠠᠷᠢᠭᠤᠴᠠᠨ᠂ ᠦᠨᠳᠦᠰᠦᠨ ᠡᠮᠴᠢᠯᠡᠭᠡᠨ᠎ᠦ ᠦᠶ᠋ᠯᠡᠴᠢᠯᠡᠭᠡ ᠪᠠ ᠴᠠᠭ ᠲᠤᠬᠠᠶ᠎ᠳᠤᠨᠢ ᠱᠢᠯᠵᠢᠭᠦᠯᠦᠨ ᠡᠮᠨᠡᠭᠦᠯᠬᠦ᠌ ᠵᠢ ᠬᠠᠩᠭᠠᠵᠤ᠂ ᠠᠡᠭᠬᠠᠨ᠎ᠤ ᠬᠤᠭᠤᠴᠠᠭᠠᠨ ᠤ᠋ ᠬᠥᠮᠦᠰ ᠤ᠋ᠨ ᠪᠠᠢᠳᠠᠯ᠎ᠢ ᠣᠢᠯᠠᠭᠠᠬᠤ᠎ᠠᠵᠢᠯ ᠢ᠋ ᠰᠠᠢᠲᠤᠷ ᠬᠢᠵᠦ᠍᠂ ᠭᠤᠤᠯᠳᠠᠯᠭ᠎ᠠ᠎ᠲᠠᠶ ᠬᠥᠮᠦᠰ ᠤ᠋ᠨ ᠡᠮᠴᠢᠯᠡᠭᠡᠨ᠎ᠦ ᠦᠶ᠋ᠯᠡᠴᠢᠯᠡᠭᠡ ᠵᠢᠨ ᠠᠵᠢᠯ ᠤ᠋ᠨ ᠲᠣᠭ᠍ᠲᠠᠴᠠ ᠵᠢ ᠲᠡᠭᠦᠯᠳᠡᠷᠵᠢᠭᠦᠯᠦᠨ᠂ ᠬᠡᠷ᠎ᠲᠦᠨᠢ ᠬᠦᠷᠴᠦ᠍ ᠡᠮᠴᠢᠯᠡᠭᠡᠨ᠎ᠦ ᠦᠶ᠋ᠯᠡᠴᠢᠯᠡᠭᠡ ᠬᠠᠨᠭᠭᠠᠬᠤ ᠪᠠ ᠤᠲᠠᠰᠤ ᠪᠤᠯᠤᠨ ᠰᠦᠯᠵᠢᠶ᠎ᠡ᠎ᠪᠡᠷ ᠠᠰᠠᠭᠤᠨ ᠯᠠᠪᠯᠠᠬᠤ ᠦᠶ᠋ᠯᠡᠴᠢᠯᠡᠭᠡ ᠬᠠᠩᠭᠠᠵᠤ᠂ ᠨᠢᠬᠡ ᠨᠢᠬᠡ᠎ᠪᠡᠷ ᠬᠠᠷᠢᠯᠴᠠᠵᠤ ᠲᠤᠰᠴᠤ᠌ ᠬᠦᠷᠭᠡᠬᠦ᠌ ᠦᠶ᠋ᠯᠡᠴᠢᠯᠡᠭᠡ ᠬᠠᠡᠭᠭᠠᠬᠤ᠎ᠵᠢ ᠭᠡᠷᠡᠭᠵᠢᠬᠦᠯᠵᠦ᠂ ᠰᠠᠨᠠᠭᠠᠴᠢᠯᠠᠭ᠎ᠠ ᠦᠭᠡᠢ ᠪᠠᠢᠭᠰᠠᠨ ᠡᠴᠡ ᠪᠠᠨ ᠰᠠᠨᠠᠭᠠᠴᠢᠯᠡᠭ᠎ᠠ ᠲᠠᠢ ᠪᠠᠷ ᠦᠢᠯᠡᠴᠢᠯᠡᠭᠡ ᠬᠠᠡᠭᠭᠠᠬᠤ ᠪᠤᠯᠵᠠᠢ᠃ ᠪᠢᠲᠡᠭᠦᠮᠵᠢᠯᠡᠨ ᠡᠵᠡᠮᠳᠡᠬᠦ ᠰᠠᠭᠤᠭᠠᠯᠢ ᠲᠤᠭᠤᠷᠢᠭ᠂ ᠬᠠᠮᠢᠶᠠᠷᠤᠨ ᠡᠵᠡᠮᠳᠡᠬᠦ ᠰᠠᠭᠤᠭᠠᠯᠢ ᠲᠤᠭᠤᠷᠢᠭ᠂ ᠲᠤᠰᠠᠭᠠᠷᠯᠠᠬᠤ ᠴᠡᠭ᠌᠎ᠲᠦ᠍ ᠴᠥᠮ ᠡᠬᠡ ᠲᠠᠩᠰᠠ ᠵᠢᠨ ᠬᠠᠮᠢᠶᠠᠷᠤᠯᠲᠠ ᠵᠢ ᠬᠡᠷᠡᠭ᠌ᠵᠢᠭᠦᠯᠵᠦ᠍᠂ ᠳᠡᠭᠡᠷᠡᠬᠢ ᠳᠥᠷᠪᠡᠨ ᠲᠥᠷᠥᠯ ᠤ᠋ᠨ ᠬᠥᠮᠦᠰ᠎ᠢ ᠳᠡᠩᠰᠡᠯᠡᠨ ᠲᠡᠮᠳᠡᠭ᠌ᠯᠡᠵᠦ᠍᠂ ᠤᠨᠴᠠᠭᠠᠢᠯᠠᠨ ᠦᠷᠭᠦᠯᠵᠢᠯᠡᠭ᠌ᠰᠡᠨ ᠴᠢᠨᠠᠷᠲᠠᠶ ᠦᠶ᠋ᠯᠡᠴᠢᠯᠡᠭᠡ ᠬᠠᠡᠭᠭᠠᠬᠤ ᠴᠢᠬᠤᠯᠠᠳᠠᠢ ᠪᠤᠶᠤ ᠲᠣᠭ᠍ᠲᠠᠮᠠᠯ ᠬᠤᠭᠤᠴᠠᠭ᠎ᠠ᠎ᠲᠠᠶ᠎ᠪᠠᠷ ᠦᠶ᠋ᠯᠡᠴᠢᠯᠡᠭᠡ ᠬᠠᠩᠭᠠᠬᠤ ᠴᠢᠬᠤᠯᠠᠳᠠᠢ ᠬᠦᠮᠤᠰ ᠲᠦ᠍ ᠰᠠᠨᠠᠭᠠᠴᠢᠯᠠᠭ᠎ᠠ ᠲᠠᠢ ᠬᠠᠮᠢᠶᠠᠷᠤᠯᠳᠠ ᠬᠢᠵᠤ ᠪᠤᠢ᠃

ᠲᠦᠷᠦᠭᠦᠬᠡᠨ᠂ ᠪᠢᠲᠡᠭᠦᠮᠵᠢᠯᠡᠨ ᠡᠵᠡᠮᠳᠡᠬᠦ᠌ ᠣᠷᠣᠨ ᠡᠴᠡ ᠢᠷᠡᠭ᠌ᠰᠡᠨ ᠦᠷᠭᠦᠯᠵᠢᠯᠡᠭ᠌ᠰᠡᠨ ᠴᠢᠨᠠᠷᠲᠠᠶ ᠦᠶ᠋ᠯᠡᠴᠢᠯᠡᠭᠡ ᠬᠠᠩᠭᠠᠬᠤ ᠴᠢᠬᠤᠯᠠᠳᠡᠢ ᠨᠢᠭᠡᠨ ᠴᠢᠰᠦ ᠨᠡᠪᠳᠡᠷᠡᠬᠦᠯᠤᠨ ᠵᠠᠳᠠᠷᠠᠭᠤᠯᠵᠤ ᠠᠷᠢᠭᠤᠳᠬᠠᠬᠤ ᠵᠠᠰᠠᠯ ᠬᠢᠵᠤ ᠪᠠᠢᠭ᠎ᠠ ᠡᠪᠡᠳᠴᠢᠳᠡᠨ ᠥᠪᠡᠷᠲᠡᠭᠡᠨ ᠵᠠᠰᠠᠬᠤ ᠣᠷᠣᠨ ᠤ᠋ ᠣᠯᠠᠨ ᠤᠯᠤᠰ ᠤ᠋ᠨ ᠮᠣᠩᠭᠣᠯ ᠡᠮᠨᠡᠯᠭᠡ ᠵᠢᠨ ᠬᠣᠷᠢᠶ᠎ᠠ᠎ᠳᠤ ᠱᠢᠯᠵᠢᠬᠦᠯᠤᠨ ᠡᠮᠨᠡᠭᠦᠯᠵᠦ᠍᠂ ᠡᠮᠨᠡᠯᠭᠡ ᠵᠢᠨ ᠬᠣᠷᠢᠶ᠎ᠠ᠎ᠡᠴᠡ ᠬᠠᠯᠠᠭᠤᠷᠠᠯ᠎ᠤᠨ ᠡᠭᠦᠳᠡᠨ ᠡᠮᠨᠡᠯᠭᠡ ᠳ᠋ᠤ ᠴᠢᠰᠤ ᠨᠡᠪᠳᠡᠷᠡᠬᠦᠯᠤᠨ ᠵᠠᠳᠠᠷᠠᠭᠤᠯᠵᠤ ᠠᠷᠢᠭᠤᠳᠬᠠᠬᠤ ᠮᠡᠷᠭᠡᠵᠢᠯ᠎ᠡᠴᠡ ᠨᠠᠩ ᠲᠡᠭᠡᠳᠤ ᠲᠠᠰ ᠤ᠋ᠨ ᠣᠷᠣ ᠵᠢᠨ ᠲᠡᠷᠭᠡᠳᠠᠬᠢ ᠴᠢᠰᠤ ᠱᠦᠬᠦᠬᠦ ᠦᠶ᠋ᠯᠡᠴᠢᠯᠡᠭᠡ ᠬᠠᠨᠭᠭᠠᠭᠰᠠᠨ ᠢ᠋ᠢᠡᠷ ᠪᠠᠷᠠᠬᠤ ᠦᠬᠡᠢ ᠤᠤᠯ ᠤ᠋ᠨ ᠴᠢᠰᠤ ᠨᠡᠪᠳᠡᠷᠡᠬᠦᠯᠤᠨ ᠵᠠᠳᠠᠷᠠᠭᠤᠯᠵᠤ ᠠᠷᠢᠭᠤᠳᠬᠠᠬᠤ ᠦᠨ᠎ᠡ ᠬᠠᠩᠰᠢ᠎ᠪᠠᠷ ᠰᠦᠶ᠋ᠳᠭᠡᠯ ᠬᠤᠷᠢᠶᠠᠵᠤ᠂ ᠡᠪᠡᠳᠴᠢᠲᠡᠨ᠎ᠢ ᠴᠠᠭ ᠲᠤᠬᠠᠶ᠎ᠳᠤᠨᠢ ᠡᠮᠨᠡᠨ ᠵᠠᠰᠠᠵᠤ᠂ ᠠᠮᠢ ᠨᠠᠰᠤ ᠵᠢ ᠲᠡᠭᠡᠳᠤᠯᠡᠬᠦ ᠵᠠᠷᠴᠢᠮ᠎ᠢ ᠬᠦᠢᠴᠡᠳ ᠢᠯᠡᠷᠡᠭᠦᠯᠦᠭᠰᠡᠨ ᠪᠠᠢᠨ᠎ᠠ᠃ ᠲᠦᠷᠭᠡᠨ ᠠᠪᠤᠷᠠᠯᠳᠠ᠎ᠵᠢᠨ ᠡᠪᠡᠳᠴᠢᠲᠡᠨ ᠨᠡᠯᠢᠶᠡᠳ ᠣᠯᠠᠨ ᠪᠠᠢᠭ᠎ᠠ ᠥᠪᠥᠷ ᠮᠣᠩᠭᠣᠯ ᠤ᠋ᠨ ᠠᠨᠠᠭᠠᠬᠤ ᠤᠬᠠᠭᠠᠨ ᠤ᠋ ᠶᠡᠬᠡ ᠰᠤᠷᠭᠠᠭᠤᠯᠢ ᠵᠢᠨ ᠬᠠᠷᠢᠶᠠᠲᠤ ᠡᠮᠨᠡᠯᠭᠡ ᠵᠢᠨ ᠬᠣᠷᠢᠶ᠎ᠠ᠎ᠢ᠋ᠢᠨ ᠬᠢᠨ ᠪᠠᠴᠢᠮ ᠬᠦᠨᠳᠦ ᠲᠦᠭ᠌ᠰᠢᠭᠦᠷᠢᠲᠡᠶ ᠡᠪᠡᠳᠴᠢᠲᠡᠨ ᠳ᠋ᠤ ᠮᠡᠰᠡ ᠵᠠᠰᠠᠯ ᠬᠢᠵᠤ ᠠᠪᠤᠷᠠᠨ ᠡᠮᠨᠡᠬᠦ ᠢ᠋ᠢ ᠪᠠᠲᠤᠯᠠᠬᠤ ᠵᠢᠨ ᠲᠥᠯᠥᠭᠡ᠂ ᠡᠮᠨᠡᠯᠭᠡ ᠵᠢᠨ ᠬᠣᠷᠢᠶ᠎ᠠ ᠎ᠵᠢᠨ ᠬᠢᠨ ᠲᠡᠷᠡ ᠳᠠᠷᠤᠶ᠎ᠳᠤᠨᠢ ᠠᠪᠤᠷᠠᠨ ᠡᠮᠨᠡᠬᠦ ᠰᠠᠭᠠᠳ ᠦᠭᠡᠢ ᠵᠠᠮ ᠢ᠋ ᠨᠡᠪᠲᠡᠷᠡᠭᠦᠯᠵᠦ᠍ ᠂ ᠪᠢᠳᠡᠬᠦᠮᠵᠢᠯᠡᠨ ᠬᠠᠮᠢᠶᠠᠷᠤᠨ ᠡᠵᠡᠮᠳᠡᠵᠤ ᠪᠠᠢᠭ᠎ᠠ ᠪᠠ ᠲᠤᠰᠠᠭᠠᠷᠯᠠᠵᠤ ᠪᠠᠢᠭ᠎ᠠ ᠬᠥᠮᠦᠰ᠎ᠤᠨ ᠪᠦᠭᠡᠮ ᠬᠦᠴᠢᠯ ᠤ᠋ᠨ ᠪᠠᠢᠴᠠᠭᠠᠯᠳᠡ ᠠᠪᠬᠤ ᠦᠬᠡᠢ ᠰᠠᠭᠠᠳ ᠥᠬᠡᠶ ᠨᠡᠪᠲᠡᠷᠡᠬᠦ᠌ ᠵᠠᠮ ᠭᠠᠷᠭᠠᠵᠤ᠂ ᠶᠠᠪᠤᠴᠠ ᠵᠢᠨ ᠰᠡᠷᠡᠯ ᠤ᠋ᠨ ᠡᠵᠡᠮᠳᠡᠯ ᠤ᠋ᠨ ᠬᠠᠮᠢᠶᠠᠷᠤᠯᠲᠠ ᠵᠢ ᠴᠢᠩᠭᠠᠳᠭᠠᠨ᠂ ᠮᠡᠰᠡ ᠵᠠᠰᠠᠯ ᠬᠢᠬᠦ᠌ ᠵᠢᠨ ᠳᠠᠭᠠᠤ ᠪᠥᠭᠡᠮ ᠬᠦᠴᠢᠯ ᠤ᠋ᠨ ᠪᠠᠢᠴᠠᠭᠠᠯᠲᠠ ᠵᠢᠨ ᠦᠷ᠎ᠡ ᠳ᠋ᠦᠩ᠎ᠢ ᠬᠦᠯᠢᠶᠡᠵᠦ᠍᠂ ᠮᠠᠰᠢ ᠣᠯᠠᠨ ᠪᠠᠴᠢᠮ ᠬᠦᠨᠳᠦ ᠲᠦᠭ᠌ᠰᠢᠭᠦᠷᠢᠲᠡᠶ ᠡᠪᠡᠳᠴᠢᠲᠡᠨ᠎ᠢ ᠪᠦᠲᠦᠮᠵᠢᠲᠡᠶ ᠠᠪᠤᠷᠠᠨ ᠡᠮᠨᠡᠵᠤ᠂ ᠠᠮᠢ ᠨᠠᠰᠤ ᠵᠢ ᠳᠡᠭᠡᠳᠦᠯᠡᠬᠦ᠌ ᠣᠢᠯᠠᠭᠠᠭ᠍ᠳᠠᠬᠤᠨ᠎ᠢ ᠪᠠᠷᠢᠮᠳᠠᠯᠠᠭᠰᠠᠨ ᠪᠠᠢᠨ᠎ᠠ ᠃

ᠬᠢᠵᠢᠭ ᠤ᠋ᠨ ᠬᠤᠭᠤᠴᠠᠭᠠᠨ᠎ᠳᠤ ᠵᠢᠷᠮᠦᠰᠦᠨ ᠪᠤᠶᠤ ᠬᠦᠨᠭᠬᠡᠵᠢᠭᠰᠡᠨ ᠪᠦᠰᠡᠬᠦᠢ᠂ ᠨᠢᠷᠠᠶ ᠬᠡᠦᠬᠡᠳ ᠤ᠋ᠨ ᠴᠠᠭ ᠲᠤᠬᠠᠶ᠎ᠳᠤᠨᠢ ᠡᠮᠴᠢᠯᠡᠭᠡᠨ᠎ᠦ ᠦᠶ᠋ᠯᠡᠴᠢᠯᠡᠭᠡ ᠭᠥᠷᠳᠡᠬᠦ᠌ ᠵᠢ ᠪᠠᠲᠤᠯᠠᠬᠤ ᠵᠢᠨ ᠲᠥᠯᠥᠭᠡ᠂ ᠪᠢᠳᠡ ᠬᠥᠬᠡᠬᠣᠲᠠ ᠵᠢᠨ ᠡᠬᠡ ᠨᠢᠯᠬᠠᠰ ᠤ᠋ᠨ ᠡᠷᠡᠬᠦᠯᠵᠢᠯ᠎ᠤᠨ ᠡᠮᠨᠡᠯᠭᠡ᠎ᠵᠢᠨ ᠬᠣᠷᠢᠶ᠎ᠠ ᠡᠴᠡ ᠲᠤᠰᠭᠠᠶ ᠦᠶ᠋ᠯᠡᠴᠢᠯᠡᠭᠡ ᠬᠠᠩᠭᠠᠯᠭᠠᠬᠤ᠎ᠪᠠᠷ ᠲᠣᠭ᠍ᠲᠠᠪᠠ᠃ ᠵᠢᠷᠮᠦᠰᠦᠨ ᠪᠤᠶᠤ ᠬᠦᠨᠭᠬᠡᠵᠢᠭᠰᠡᠨ ᠪᠦᠰᠡᠬᠦᠢ ᠪᠦᠷᠢ ᠳ᠋ᠤ ᠨᠢᠭᠡᠨ ᠡᠮᠨᠡᠯᠭᠡ ᠵᠢᠨ ᠠᠵᠢᠯᠲᠠᠨ ᠲᠤᠬᠢᠷᠠᠭᠤᠯᠵᠤ ᠪᠠᠢᠳᠠᠯ ᠢ᠋ ᠤᠢᠯᠠᠭᠠᠬᠤ ᠪᠠᠢᠴᠠᠭᠠᠯᠲᠠ ᠬᠢᠯᠭᠡᠵᠦ᠍᠂ ᠡᠬᠡ ᠲᠠᠩᠰᠠ ᠪᠠᠢᠭᠤᠯᠤᠨ᠂ ᠬᠦᠨᠭᠬᠡᠵᠢᠬᠦ᠎ᠡᠴᠡ ᠡᠮᠤᠨᠡᠬᠢ ᠪᠠᠢᠴᠠᠭᠠᠯᠳᠡ ᠡᠴᠡ ᠬᠦᠨᠭᠬᠡᠵᠢᠬᠦ ᠬᠦᠷᠳᠡᠯ᠎ᠠ ᠲᠠᠬᠢᠭᠠᠳ ᠨᠢᠷᠠᠢ ᠬᠡᠦᠬᠡᠳ ᠤ᠋ᠨ ᠲᠠᠷᠠᠭᠠᠴᠢ ᠵᠢᠨ ᠦᠶ᠋ᠯᠡᠴᠢᠯᠡᠭᠡ᠎ᠲᠡᠶ ᠵᠤᠯᠭᠠᠭᠤᠯᠪᠠ ᠃

ᠡᠪᠡᠳᠴᠢᠨ ᠦᠵᠡᠭᠦᠯᠬᠦ᠌ ᠰᠠᠭᠠᠳ ᠥᠬᠡᠶ ᠵᠠᠮ᠎ᠢ ᠨᠡᠪᠲᠡᠷᠡᠭᠦᠯᠬᠦ᠌ ᠵᠢᠨ ᠲᠥᠯᠥᠭᠡ᠂ ᠪᠢᠳᠡ 120 ᠵᠢᠯᠣᠭᠣᠳᠭᠤ ᠲᠥᠪ ᠤ᠋ᠨ ᠡᠪᠡᠳᠴᠢᠲᠡᠨ᠎ᠢ ᠱᠢᠯᠵᠢᠭᠦᠯᠦᠨ ᠵᠦᠭᠡᠭᠡᠪᠤᠷᠢᠯᠡᠬᠦ ᠶᠠᠪᠤᠴᠠ ᠵᠢ ᠲᠡᠭᠦᠯᠳᠡᠷᠵᠢᠭᠦᠯᠵᠦ᠍ ᠂ ᠪᠢᠲᠡᠭᠦᠮᠵᠢᠯᠡᠨ ᠡᠵᠡᠮᠳᠡᠬᠦ᠌ ᠣᠷᠣᠨ᠂ ᠬᠠᠮᠢᠶᠠᠷᠤᠨ ᠡᠵᠡᠮᠳᠡᠬᠦ᠌ ᠣᠷᠣᠨ ᠪᠠ ᠲᠥᠪᠯᠡᠷᠡᠭᠦᠯᠦᠨ ᠲᠤᠰᠠᠭᠠᠷᠯᠠᠬᠤ ᠪᠠᠭᠤᠳᠠᠯ᠎ᠲᠠᠶ ᠬᠠᠷᠢᠯᠴᠠᠬᠤ ᠲᠣᠭ᠍ᠲᠠᠴᠠ ᠵᠢ ᠪᠠᠢᠭᠤᠯᠵᠤ᠂ ᠪᠢᠲᠡᠭᠦᠮᠵᠢᠯᠡᠨ ᠡᠵᠡᠮᠳᠡᠬᠦ᠌ ᠣᠷᠣᠨ᠂ ᠬᠠᠮᠢᠶᠠᠷᠤᠨ ᠡᠵᠡᠮᠳᠡᠬᠦ᠌ ᠣᠷᠣᠨ ᠪᠠ ᠲᠥᠪᠯᠡᠷᠡᠭᠦᠯᠦᠨ ᠲᠤᠰᠠᠭᠠᠷᠯᠠᠬᠤ ᠪᠠᠭᠤᠳᠠᠯ ᠤ᠋ᠨ ᠭᠤᠤᠯᠳᠠᠯᠭ᠎ᠠ᠎ᠲᠠᠶ ᠬᠥᠮᠦᠰ ᠢ᠋ ᠲᠦᠷᠭᠡᠨ ᠠᠪᠤᠷᠠᠵᠤ ᠱᠢᠯᠵᠢᠭᠦᠯᠦᠨ ᠵᠦᠭᠡᠭᠡᠪᠤᠷᠢᠯᠡᠬᠦ ᠵᠢ ᠪᠠᠲᠤᠯᠠᠵᠤ᠂ᠡᠪᠡᠳᠴᠢᠲᠡᠨ᠎ᠢ ᠴᠠᠭ ᠲᠤᠬᠠᠶ᠎ᠳᠤᠨᠢ ᠡᠮᠨᠡᠯᠭᠡ ᠵᠢᠨ ᠬᠣᠷᠢᠶ᠎ᠠ᠎ᠳᠤ ᠱᠢᠯᠵᠢᠭᠦᠯᠦᠨ ᠬᠦᠷᠭᠡᠪᠡ ᠃

2022 ᠣᠨ ᠤ᠋ 1 ᠰᠠᠷ᠎ᠠ ᠡᠴᠡ ᠡᠬᠢᠯᠡᠨ᠂ ᠪᠥᠬᠥ᠌ ᠣᠷᠣᠨ ᠲᠤᠰᠬᠠᠢ ᠪᠢᠴᠢᠭ ᠮᠠᠲ᠋ᠧᠷᠢᠶᠠᠯ ᠳᠠᠷᠤᠮᠠᠯᠯᠠᠨ ᠲᠠᠷᠬᠠᠭᠠᠵᠤ᠂ ᠬᠤᠷᠠᠯ ᠬᠤᠷᠠᠯᠳᠤᠭᠤᠯᠤᠨ᠂ ᠬᠢᠵᠢᠭ ᠤ᠋ᠨ ᠬᠤᠭᠤᠴᠠᠭᠠᠨ᠎ᠳᠠᠬᠢ ᠡᠮᠴᠢᠯᠡᠭᠡ᠎ᠪᠡᠷ ᠠᠪᠤᠷᠠᠨ ᠵᠠᠰᠠᠬᠤ ᠪᠠ ᠬᠡᠪ ᠤ᠋ᠨ ᠡᠮᠴᠢᠯᠡᠭᠡᠨ᠎ᠦ ᠦᠶ᠋ᠯᠡᠴᠢᠯᠡᠭᠡ ᠵᠢᠨ ᠪᠠᠲᠤᠯᠠᠭ᠎ᠠ ᠵᠢᠨ ᠠᠵᠢᠯ᠎ᠢ ᠨᠢᠭᠡᠳᠦᠯᠲᠡᠶ ᠲᠥᠯᠥᠪᠵᠢᠭᠦᠯᠬᠦ᠌ ᠲᠤᠬᠠᠶ ᠲᠣᠬᠢᠷᠠᠭᠤᠯᠤᠯᠲᠠ ᠪᠠᠢᠷᠢᠯᠠᠭᠤᠯᠤᠯᠲᠠ ᠬᠢᠵᠦ᠍᠂ ᠡᠯ᠎ᠡ ᠠᠢᠮᠠᠭ ᠬᠣᠲᠠ ᠪᠣᠯᠤᠨ ᠡᠯ᠎ᠡ ᠲᠣᠭᠣᠷᠢᠭ ᠱᠢᠶᠠᠨ ᠴᠥᠮ ᠵᠣᠬᠢᠶᠠᠨ ᠪᠠᠢᠭᠤᠯᠤᠯᠲᠠ ᠵᠢᠨ ᠱᠢᠰᠲ᠋ᠧᠮ ᠪᠠᠢᠭᠤᠯᠵᠤ᠂ ᠳᠥᠷᠪᠡᠨ ᠲᠥᠷᠥᠯ ᠤ᠋ᠨ ᠭᠤᠤᠯᠳᠠᠯᠭ᠎ᠠ᠎ᠲᠠᠶ ᠬᠥᠮᠦᠰ ᠤ᠋ᠨ ᠪᠠᠢᠳᠠᠯ ᠢ᠋ ᠲᠣᠳᠣᠷᠬᠠᠶ ᠣᠢᠯᠠᠭᠠᠵᠤ᠂ ᠡᠬᠡ ᠲᠠᠩᠰᠠ ᠪᠠᠢᠭᠤᠯᠬᠤ ᠬᠡᠷᠡᠭ᠌ᠲᠡᠶ ᠭᠡᠵᠦ᠍ ᠱᠠᠭᠠᠷᠳᠠᠪᠠ᠃ 2 ᠰᠠᠷ᠎ᠠ ᠵᠢᠨ 15 ᠤ᠋ ᠡᠳᠦᠷ᠂ ᠬᠥᠬᠡᠬᠣᠲᠠ᠎ᠳᠤ ᠲᠤᠬᠠᠢ ᠵᠢᠨ ᠭᠠᠵᠠᠷ ᠤ᠋ᠨ ᠱᠢᠨ᠎ᠡ ᠲᠢᠲᠢᠮᠯᠢᠭ ᠠᠭᠤᠰᠭᠢᠨ ᠦᠷᠪᠢᠰᠦᠯ ᠤ᠋ᠨ ᠬᠢᠵᠢᠭ ᠤ᠋ᠨ ᠪᠠᠢᠳᠠᠯ ᠭᠠᠷᠤᠭ᠍ᠰᠠᠨ ᠤ᠋ ᠳᠠᠷᠠᠭ᠎ᠠ᠂ 2 ᠰᠠᠷ᠎ᠠ ᠵᠢᠨ 17 ᠤ᠋ ᠡᠳᠦᠷ᠂ ᠲᠣᠰ ᠠᠵᠢᠯ ᠤ᠋ᠨ ᠳᠤᠭᠤᠢᠯᠠᠩ ᠵᠢᠩᠬᠢᠨᠢ᠎ᠪᠡᠷ ᠠᠵᠢᠯᠯᠠᠵᠤ᠂ ᠬᠢᠵᠢᠭ ᠤ᠋ᠨ ᠪᠠᠢᠳᠠᠯ ᠤ᠋ᠨ ᠬᠤᠭᠤᠴᠠᠭᠠᠨ᠎ᠳᠤ ᠬᠡᠪ ᠤ᠋ᠨ ᠡᠮᠴᠢᠯᠡᠭᠡᠨ᠎ᠦ ᠦᠶ᠋ᠯᠡᠴᠢᠯᠡᠭᠡ ᠵᠢᠨ ᠰᠠᠭᠠᠳ ᠥᠬᠡᠶ ᠨᠡᠪᠲᠡᠷᠡᠬᠦ᠌᠎ᠵᠠᠮ ᠢ᠋ ᠨᠡᠪᠳᠡᠷᠡᠬᠦ ᠢ᠋ᠢ ᠦᠨᠡᠨ ᠬᠦ᠌ ᠪᠠᠲᠤᠯᠠᠪᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面