2022-02-24 18:02:44
2022 ᠣᠨ᠎ᠤ 2 ᠰᠠᠷ᠎ᠠ᠎ᠶ᠋ᠢᠨ 23᠎ᠤ ᠡᠳᠦᠷ᠂ ᠳᠤᠮᠳᠠᠳᠤ ᠤᠯᠤᠰ᠎ᠤᠨ ᠪᠠᠷᠢᠯᠭ᠎ᠠ᠎ᠶ᠋ᠢᠨ ᠭᠤᠷᠪᠠᠳᠤᠭᠠᠷ ᠢᠨᠵᠸᠨ᠋ᠸᠷᠢᠩ᠎ᠤᠨ ᠲᠣᠪᠴᠢᠶᠠᠨ ᠤ ᠨᠢᠭᠡᠳᠦᠭᠡᠷ ᠺᠣᠮᠫᠠᠨᠢ᠎ᠶᠢᠨ ᠬᠣᠷᠢᠨᠭᠡᠷ ᠱᠢᠨ᠎ᠡ ᠲᠣᠭᠣᠷᠢᠭ᠎ᠤᠨ ᠳᠤᠮᠳᠠᠳᠤ ᠤᠯᠤᠰ᠎ᠤᠨ ᠪᠠᠩᠬᠢ᠎ᠶ᠋ᠢᠨ ᠲᠥᠷᠥᠯ ᠵᠦᠶ᠋ᠯ᠎ᠦᠨ ᠬᠢᠨ ᠰᠠᠢᠨ ᠲᠤᠷᠠᠴᠤᠳ᠎ᠢ ᠢᠳᠡᠪᠬᠢᠲᠡᠶ ᠵᠣᠬᠢᠶᠠᠨ ᠪᠠᠢᠭᠤᠯᠵᠦ᠂ 《ᠲᠡᠷᠢᠭᠦᠨ᠎ᠦ ᠵᠠᠯᠠᠭᠤ ᠰᠠᠢᠨ ᠳᠤᠷᠠᠴᠤᠤᠯ ᠪᠤᠯᠬᠤ᠎ᠪᠠᠷ ᠴᠢᠷᠮᠠᠢᠬᠤ》ᠬᠢᠵᠢᠭ ᠲᠡᠶ ᠲᠡᠮᠡᠴᠡᠬᠦ᠌ ᠠᠵᠢᠯᠯᠠᠭ᠎ᠠ᠎ᠳᠤ ᠣᠷᠣᠯᠴᠠᠭᠤᠯᠵᠤ᠂ ᠨᠡᠢᠭᠡᠮ ᠲᠣᠭᠣᠷᠢᠭ᠎ᠤᠨ ᠪᠥᠭᠡᠮ ᠬᠦᠴᠢᠯ᠎ᠦᠨ ᠪᠠᠢᠴᠠᠭᠠᠯᠲᠠ᠎ᠳᠤ ᠬᠦᠴᠦᠨ ᠨᠡᠮᠡᠷᠢᠯᠡᠪᠡ᠃


ᠳᠤᠮᠳᠠᠳᠤ ᠤᠯᠤᠰ᠎ᠤᠨ ᠪᠠᠷᠢᠯᠭ᠎ᠠ᠎ᠶ᠋ᠢᠨ ᠭᠤᠷᠪᠠᠳᠤᠭᠠᠷ ᠢᠨᠵᠸᠨ᠋ᠸᠷᠢᠩ᠎ᠤᠨ ᠲᠣᠪᠴᠢᠶᠠᠨ᠎ᠤ ᠨᠢᠭᠡᠳᠦᠭᠡᠷ ᠺᠣᠮᠫᠠᠨᠢ᠎ᠶ᠋ᠢᠨ 《ᠲᠡᠷᠢᠭᠦᠨ᠎ᠦ ᠵᠠᠯᠠᠭᠤ ᠰᠠᠢᠨ ᠳᠤᠷᠠᠴᠤᠤᠯ ᠪᠤᠯᠬᠤ ᠪᠠᠷ ᠴᠢᠷᠮᠠᠢᠬᠤ》 ᠭᠤᠤᠯ ᠠᠵᠢᠯ ᠪᠣᠯ ᠡᠮᠴᠢ ᠰᠤᠪᠢᠯᠠᠭ᠍ᠴᠢᠳᠢ ᠬᠠᠪᠰᠤᠷᠤᠨ ᠲᠤᠬᠠᠶ᠎ᠶ᠋ᠢᠨ ᠲᠠᠯᠠᠪᠠᠶ᠎ᠶ᠋ᠢᠨ ᠡᠮᠬᠢ ᠵᠢᠷᠤᠮ ᠢ ᠬᠠᠮᠠᠭᠠᠯᠠᠵᠤ᠂ ᠰᠠᠭᠤᠭᠠᠯᠢ ᠠᠷᠠᠳ᠎ᠤᠨ ᠡᠷᠡᠭᠦᠯ ᠮᠡᠨᠳᠦ᠍᠎ᠶ᠋ᠢᠨ ᠺᠣᠳ᠋᠂ ᠠᠶᠠᠯᠠᠯ᠎ᠤᠨ ᠺᠣᠳ᠋᠂ ᠬᠤᠪᠢ ᠬᠥᠮᠦᠨ᠎ᠦ ᠮᠡᠳᠡᠭᠡ ᠵᠠᠩᠭᠢ ᠵᠡᠷᠭᠡ᠎ᠶ᠋ᠢ ᠪᠠᠢᠴᠠᠭᠠᠬᠤ ᠪᠤᠯᠤᠨ᠎ᠠ᠃ ᠲᠡᠳᠡᠨ᠎ᠤ ᠤᠷᠤᠯᠴᠠᠯᠭ᠎ᠠ ᠨᠢ ᠡᠮᠴᠢ ᠰᠤᠪᠢᠯᠠᠭ᠍ᠴᠢᠳ᠎ᠤᠨ ᠠᠵᠢᠯ ᠤᠨ ᠳᠠᠷᠤᠭᠠᠰᠤ ᠶᠢ ᠬᠥᠩᠭᠡᠷᠡᠭᠦᠯᠵᠦ᠂ ᠪᠥᠭᠡᠮ ᠬᠦᠴᠢᠯ ᠦᠨ ᠪᠠᠢᠴᠠᠭᠠᠯᠲᠠ ᠬᠢᠬᠦ ᠠᠬᠢᠴᠠ ᠶᠢ ᠶᠡᠬᠡ ᠪᠡᠷ ᠲᠦᠷᠭᠡᠳᠭᠡᠭᠰᠡᠨ ᠪᠠᠢᠨ᠎ᠠ᠃ ᠡᠭᠦᠨ᠎ᠡᠴᠡ ᠭᠠᠳᠠᠨ᠎ᠠ᠂ ᠰᠠᠢᠨ ᠳᠤᠷᠠᠴᠤᠳ ᠪᠠᠰᠠ ᠬᠢᠵᠢᠭ ᠢ ᠰᠡᠷᠭᠡᠢᠯᠡᠬᠦ᠌ ᠤᠬᠠᠭᠤᠯᠭ᠎ᠠ᠎ᠶ᠋ᠢᠨ ᠬᠠᠭᠤᠳᠠᠰᠤ ᠨᠠᠭᠠᠬᠤ᠎ᠶ᠋ᠢᠨ ᠬᠠᠮᠲᠤ ᠰᠠᠭᠤᠭᠠᠯᠢ ᠠᠷᠠᠳ᠎ᠲᠤ ᠬᠢᠵᠢᠭ ᠢ ᠰᠡᠷᠭᠡᠢᠯᠡᠬᠦ᠌ ᠮᠡᠳᠡᠯᠭᠡ᠎ᠶ᠋ᠢ ᠲᠦᠭᠡᠮᠡᠯᠵᠢᠭᠦᠯᠵᠦ᠍᠂ ᠰᠠᠭᠤᠭᠠᠯᠢ ᠠᠷᠠᠳ᠎ᠢ ᠭᠠᠳᠠᠭ᠍ᠰᠢ ᠭᠠᠷᠬᠤ᠎ᠳᠤ᠎ᠪᠠᠨ ᠠᠮᠠᠪᠴᠢ᠎ᠪᠠᠨ ᠰᠠᠢᠲᠤᠷ ᠵᠡᠭᠦᠵᠦ᠂ ᠬᠡᠷ ᠲᠡᠬᠡᠨ ᠬᠠᠷᠢᠮᠠᠭᠴᠠ ᠭᠠᠷ᠎ᠢᠶᠠᠨ ᠤᠬᠢᠶᠠᠵᠤ ᠠᠷᠢᠭᠤᠳᠭᠠᠬᠤ᠎ᠶ᠋ᠢ ᠢᠳᠭᠠᠪᠠ᠃



ᠬᠣᠷᠢᠨᠭᠡᠷ ᠱᠢᠨ᠎ᠡ ᠲᠣᠭᠣᠷᠢᠭ᠎ᠤᠨ ᠬᠠᠮᠢᠶᠠᠷᠤᠯᠲᠠ᠎ᠶ᠋ᠢᠨ ᠵᠥᠪᠯᠡᠯ᠎ᠦᠨ ᠡᠷᠬᠢᠯᠡᠭ᠌ᠴᠢ ᠵᠦ᠍ ᠵᠢᠶᠠᠨ ᠭᠦᠸᠧ ᠲᠠᠯᠠᠷᠬᠠᠯ᠎ᠤᠨ ᠰᠡᠳᠬᠢᠯ ᠢᠶᠡᠨ ᠢᠯᠡᠳᠭᠡᠬᠦ ᠶᠢᠨ ᠬᠠᠮᠲᠤ ᠡᠳᠡᠭᠡᠷ ᠰᠠᠢᠨ ᠳᠤᠷᠠᠴᠤᠳ᠎ᠤᠨ ᠦᠢᠯᠡ ᠠᠵᠢᠯᠯᠠᠭ᠎ᠠ ᠨᠢ ᠲᠣᠮᠣ ᠠᠵᠤ ᠠᠬᠤᠢᠯᠠᠯ᠎ᠤᠨ ᠬᠡᠪ ᠨᠠᠮᠪᠠ᠎ᠶᠢ ᠢᠯᠡᠷᠡᠭᠦᠯᠵᠦ᠂ ᠵᠠᠯᠠᠭᠤᠴᠤᠳ᠎ᠤᠨ ᠡᠭᠦᠷᠭᠡᠯᠡᠯ ᠢ ᠢᠯᠡᠷᠡᠭᠦᠯᠪᠡ ᠭᠡᠵᠡᠢ᠃


ᠲᠥᠷᠥᠯ ᠵᠦᠶ᠋ᠯ᠎ᠦᠨ ᠳᠠᠭᠠᠭᠠᠮᠠᠯ ᠶᠠᠩ ᠵᠢᠶ ᠴᠧᠩ᠂ ᠲᠤᠰ ᠲᠥᠷᠥᠯ ᠵᠦᠶ᠋ᠯ ᠨᠢ ᠬᠣᠷᠢᠨᠭᠡᠷ ᠱᠢᠨ᠎ᠡ ᠲᠣᠭᠣᠷᠢᠭ᠎ᠲᠤ ᠱᠢᠨ᠎ᠡ ᠪᠡᠷ ᠣᠷᠣᠭᠰᠠᠨ ᠪᠠᠷᠢᠯᠭ᠎ᠠ᠎ᠶ᠋ᠢᠨ ᠨᠢᠭᠡᠴᠢ ᠪᠣᠯᠤᠭ᠍ᠰᠠᠨ᠎ᠤ ᠬᠤᠪᠢ᠎ᠳᠤ᠂ ᠵᠠᠰᠠᠭ ᠤᠨ ᠣᠷᠳᠣᠨ᠎ᠤ ᠬᠦᠴᠦᠲᠡᠶ ᠳᠡᠮᠵᠢᠯᠭᠡ ᠪᠠ ᠬᠠᠯᠠᠮᠵᠢᠯᠠᠯ ᠢ ᠬᠦᠷᠲᠡᠭᠰᠡᠨ ᠶᠤᠮ᠃ ᠬᠤᠷᠢᠨᠭᠡᠷ ᠱᠢᠨ᠎ᠡ ᠲᠣᠭᠣᠷᠢᠭ᠎ᠤᠨ ᠵᠠᠰᠠᠭ᠎ᠤᠨ ᠣᠷᠳᠣᠨ᠎ᠤ ᠤᠳᠤᠷᠢᠳᠤᠯᠭ᠎ᠠ ᠳᠤᠤᠷ᠎ᠠ᠂ ᠲᠥᠷᠥᠯ ᠵᠦᠶ᠋ᠯ ᠨᠢ ᠯᠠᠪᠲᠠᠶ 《ᠪᠢ ᠣᠯᠠᠨ ᠲᠦᠮᠡᠨ᠎ᠳᠦ ᠪᠣᠳᠠᠲᠤ ᠶᠠᠪᠤᠳᠠᠯ ᠬᠢᠨ᠎ᠡ》 ᠭᠡᠳᠡᠭ ᠢ ᠪᠣᠳᠠᠲᠠᠶ ᠳᠤ ᠨᠠᠢᠳᠠᠪᠤᠷᠢᠵᠢᠭᠤᠯᠵᠤ᠂ ᠲᠣᠮᠣ ᠠᠵᠤ ᠠᠬᠤᠢᠯᠠᠯ᠎ᠤᠨ ᠵᠣᠷᠢᠭ ᠰᠠᠨᠠᠭ᠎ᠠ᠎ᠶ᠋ᠢ ᠭᠦᠶ᠋ᠴᠡᠳ ᠪᠠᠳᠠᠷᠠᠭᠤᠯᠤᠨ᠎ᠠ ᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃