ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠥᠪᠥᠷ ᠮᠣᠩᠭᠣᠯ·ᠬᠠᠢᠷ᠎ᠠ ᠬᠠᠯᠠᠮᠵᠢ

2022-02-25 10:31:04

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠲᠤᠰ ᠰᠤᠨᠢᠨ᠎ᠤ ᠮᠡᠳᠡᠭᠡ ᠦᠷᠪᠢᠰᠤᠨ ᠢᠷᠡᠬᠦ ᠬᠢᠵᠢᠭ᠎ᠤᠨ ᠪᠠᠢᠳᠠᠯ᠎ᠤᠨ ᠡᠮᠦᠨ᠎ᠠ᠂ ᠦᠪᠡᠷᠳᠡᠭᠡᠨ ᠵᠠᠰᠠᠬᠤ ᠤᠷᠤᠨ᠎ᠤ ᠡᠯ᠎ᠠ ᠪᠠᠢᠭᠤᠯᠭ᠎ᠠ ᠨᠢᠭᠡᠴᠢ ᠶᠡᠷᠦᠩᠬᠡᠶ ᠱᠦᠵᠢ ᠰᠢ ᠵᠢᠨ ᠫᠢᠩ ᠎ᠦᠨ ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠎ᠶ᠋ᠢ ᠲᠡᠷᠡ ᠶᠣᠰᠣᠭᠠᠷ ᠎ᠨᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠪᠠᠢᠭᠤᠯᠭ᠎ᠠ ᠨᠢᠭᠡᠴᠢ᠎ᠶᠢᠨ ᠪᠤᠳᠠᠳᠠᠢ ᠪᠠᠨ ᠤᠶᠠᠯᠳᠤᠭᠤᠯᠤᠨ ᠬᠢᠵᠢᠭ ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠡᠮᠦᠨ᠎ᠠ ᠹᠷᠳᠲ ᠲᠸ᠋ ᠭᠠᠪᠰᠢᠭᠠᠢᠯᠡᠨ 《ᠠᠷᠡᠳ ᠲᠦᠮᠡᠨ᠎ᠢ ᠲᠡᠭᠡᠳᠤᠯᠡᠬᠦ᠂ ᠠᠮᠢ ᠨᠠᠰᠦ᠎ᠵᠢ ᠲᠡᠭᠡᠳᠤᠯᠡᠬᠦ》 ᠤᠢᠯᠠᠭᠠᠬᠳᠠᠬᠤᠨ᠎ᠢ ᠤᠢᠯᠡᠳᠦᠯᠭᠡᠵᠢᠬᠦᠯᠵᠦ ᠪᠠᠢᠨ᠎ᠠ᠃

ᠦᠪᠡᠷᠲᠡᠬᠡᠨ ᠵᠠᠰᠠᠬᠤ ᠤᠷᠤᠨ᠎ᠤ ᠤᠯᠤᠰ ᠲᠦᠷᠦ᠎ᠶᠢᠨ ᠵᠦᠪᠯᠡᠯᠬᠡᠨ ᠎ᠤ ᠠᠯᠪᠠᠨ ᠲᠢᠩᠬᠢᠮ᠄

ᠦᠪᠡᠷᠲᠡᠬᠡᠨ ᠵᠠᠰᠠᠬᠤ ᠤᠷᠤᠨ᠎ᠤ ᠤᠯᠤᠰ ᠲᠦᠷᠦ᠎ᠶᠢᠨ ᠵᠦᠪᠯᠡᠯᠬᠡᠨ᠎ᠤ ᠠᠯᠪᠠᠨ ᠲᠢᠩᠬᠢᠮ᠎ᠤᠨ ᠬᠢᠨ ᠪᠠᠢᠭᠤᠯᠭ᠎ᠠ᠎ᠶᠢᠨ ᠰᠠᠭᠤᠭ᠎ᠠ ᠨᠡᠢᠬᠡᠮ ᠲᠤᠭᠤᠷᠢᠭ ᠵᠢᠴᠢ ᠬᠤᠯᠪᠤᠭᠠᠯᠠᠨ ᠡᠬᠦᠳᠴᠦ ᠬᠠᠮᠳᠦ ᠪᠡᠷ ᠪᠠᠢᠭᠤᠯᠬᠤ ᠴᠡᠭ ᠪᠤᠯᠬᠤ ᠬᠦᠬᠡᠬᠤᠲᠠ᠎ᠶᠢᠨ ᠰᠢᠨ᠎ᠡ ᠬᠤᠲᠠ ᠲᠤᠭᠤᠷᠢᠭ᠎ᠤᠨ ᠶᠢᠩ ᠰᠢᠨ ᠵᠠᠮ᠎ᠤᠨ ᠵᠡᠭᠡᠯᠢ ᠭᠤᠲᠤᠮᠵᠢ᠎ᠶᠢᠨ ᠬᠡᠷᠡᠭ ᠡᠷᠬᠢᠯᠡᠬᠦ ᠭᠠᠵᠠᠷ᠎ᠲᠤ ᠬᠦᠷᠴᠦ᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠠᠵᠢᠯ᠎ᠳᠤ ᠤᠷᠤᠯᠴᠠᠵᠦ ᠪᠠᠢᠭ᠎ᠠ ᠠᠵᠢᠯᠲᠠᠳ᠎ᠲᠤ ᠠᠮᠠᠪᠴᠢ᠂ ᠪᠡᠭᠡᠯᠠᠢ᠂ ᠬᠦᠪᠦᠩ ᠬᠤᠪᠴᠠᠰᠦ᠂ ᠦᠨᠢᠶᠡᠨ ᠰᠦ᠂ ᠲᠦᠬᠦᠮ ᠮᠢᠶᠠᠨᠲ᠋ᠢᠶᠤᠤᠷ ᠵᠡᠷᠭᠡ 35000 ᠲᠦᠬᠦᠷᠢᠭ᠎ᠤᠨ ᠦᠷᠳᠡᠭ ᠪᠦᠬᠦᠢ ᠡᠳ᠋ ᠪᠤᠳᠠᠰ ᠬᠦᠷᠭᠡᠪᠡ᠃

ᠥᠪᠡᠷᠲᠡᠭᠡᠨ ᠵᠠᠰᠠᠬᠤ ᠣᠷᠣᠨ᠎ᠤ ᠪᠠᠢᠴᠠᠭᠠᠬᠤ ᠬᠣᠷᠢᠶ᠎ᠠ᠄

ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠤᠭᠤᠴᠠᠭᠠᠨ᠎ᠳᠦ ᠦᠪᠡᠷᠲᠡᠭᠡᠨ ᠵᠠᠰᠠᠬᠤ ᠣᠷᠣᠨ᠎ᠤ ᠪᠠᠢᠴᠠᠭᠠᠬᠤ ᠬᠣᠷᠢᠶ᠎ᠠ ᠣᠯᠠᠨ ᠲᠦᠮᠡᠨ᠎ᠦ ᠵᠠᠬᠢᠳᠡᠯ ᠰᠤᠷᠪᠤᠯᠵᠢᠯᠠᠯ ᠢ᠋ ᠎ᠭᠥᠯᠢᠶᠡᠨ ᠠᠪᠬᠤ ᠲᠠᠯᠠᠪᠤᠷ ᠭᠠᠵᠠᠷ᠎ᠢ ᠲᠦᠷ ᠴᠠᠭ ᠬᠠᠭᠠᠵᠤ᠂ ᠵᠠᠬᠢᠳᠠᠯ᠂ ᠰᠦᠯᠵᠢᠶ᠎ᠡ ᠪᠠ ᠤᠲᠠᠰᠤᠳᠠᠬᠤ ᠬᠡᠯᠪᠡᠷᠢ᠎ᠪᠡᠷ ᠣᠯᠠᠨ ᠲᠦᠮᠡᠨ᠎ᠦ ᠰᠤᠷᠪᠤᠯᠵᠢᠯᠠᠯ ᠢ᠋ ᠭᠥᠯᠢᠶᠡᠨ ᠠᠪᠤᠨ᠎ᠠ᠃ ᠡᠬᠦᠨ ᠳ᠋ᠤ᠂ ᠰᠢᠤᠳᠠᠨ ᠵᠢᠡᠷ ᠭᠤᠪᠢᠭᠤᠯᠬᠤ ᠬᠡᠪᠡᠯ ᠭᠣᠮᠣᠳᠠᠯ ᠲᠣᠭᠠᠴᠢᠬᠤ ᠪᠢᠴᠢᠭ᠂ ᠪᠡᠶ᠎ᠡ᠎ᠶ᠋ᠢᠨ ᠭᠠᠷᠤᠯ᠎ᠤᠨ ᠭᠡᠷᠡᠴᠢ᠂ ᠭᠡᠷᠡᠴᠢ ᠪᠠᠷᠢᠮᠲᠠ᠎ᠶ᠋ᠢᠨ ᠮᠠᠲ᠋ᠧᠷᠢᠶᠠᠯ ᠪᠤᠯᠤᠨ ᠪᠣᠶ ᠪᠥᠬᠥᠶ ᠬᠠᠤᠯᠢ ᠴᠠᠭᠠᠵᠠ᠎ᠶ᠋ᠢᠨ ᠪᠢᠴᠢᠭ ᠬᠠᠷ᠎ᠠ ᠵᠡᠷᠭᠡ ᠮᠠᠲ᠋ᠧᠷᠢᠶᠠᠯ᠎ᠢ ᠱᠢᠤᠳᠠᠨ᠎ᠢᠶᠠᠷ ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠶᠡᠬᠡ ᠰᠤᠷᠭᠠᠭᠤᠯᠢ᠎ᠶ᠋ᠢᠨ ᠵᠡᠭᠦᠨ ᠵᠡᠭᠡᠯᠢ᠎ᠶ᠋ᠢᠨ 61 ᠳ᠋ᠤᠬᠡᠷ ᠨᠣᠮᠧᠷ᠎ᠲᠡᠬᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠴᠠᠭᠠᠬᠤ ᠬᠣᠷᠢᠶ᠎ᠠ᠎ᠶ᠋ᠢᠨ12309 ᠪᠠᠢᠴᠠᠭᠠᠬᠤ ᠦᠶ᠋ᠯᠡᠴᠢᠯᠡᠭᠡᠨ᠎ᠦ ᠲᠥᠪ ᠲᠦ᠍ ᠭᠤᠪᠢᠭᠤᠯᠤᠨ᠎ᠠ᠃ ᠰᠦᠯᠵᠢᠶᠡᠨ᠎ᠳᠦ ᠪᠤᠯ 12309 ᠳᠤᠮᠳᠠᠳᠤ ᠤᠯᠤᠰ᠎ᠤᠨ ᠪᠠᠢᠴᠠᠭᠠᠬᠤ ᠰᠦᠯᠵᠢᠶ᠎ᠡ᠎ᠳ᠋ᠤ ᠭᠠᠷᠴᠤ᠌᠂ ᠱᠢᠰᠲ᠋ᠧᠮ᠎ᠦᠨ ᠰᠠᠨᠠᠭᠤᠯᠤᠮᠵᠢ᠎ᠶ᠋ᠢ ᠦᠨᠳᠦᠰᠦᠯᠡᠨ ᠳᠡᠭᠡᠭ᠌ᠰᠢ ᠲᠠᠮᠵᠢᠭᠤᠯᠤᠨ᠎ᠠ᠃ ᠪᠠᠰᠠ᠂ ᠪᠠᠢᠴᠠᠭᠠᠬᠤ ᠪᠠᠢᠭᠤᠯᠭ᠎ᠠ ᠵᠢᠨ ᠦᠢᠯᠡᠴᠢᠯᠡᠬᠡᠨ ᠤ᠋ ᠬᠠᠯᠠᠮᠰᠢᠯ ᠤᠳᠠᠰᠤ 0471— 12309᠎ᠶ᠋ᠢ ᠤᠲᠠᠰᠤᠳᠠᠵᠤ ᠲᠤᠬᠠᠢᠯᠠᠭ᠍ᠰᠠᠨ ᠠᠵᠢᠯ᠎ᠢ ᠬᠦᠢᠴᠡᠳᠬᠡᠵᠦ ᠪᠤᠯᠤᠨ᠎ᠠ᠃ ᠡᠬᠦᠨ ᠡᠴᠠ ᠭᠠᠳᠠᠨ᠎ᠠ᠂ ᠬᠠᠷᠢᠶ᠎ᠠ ᠭᠠᠵᠠᠷ᠎ᠤᠨ ᠪᠠᠢᠴᠠᠭᠠᠬᠤ ᠪᠠᠢᠭᠤᠯᠭ᠎ᠠ᠎ᠪᠠᠷ ᠳᠠᠮᠵᠢᠭᠤᠯᠵᠦ ᠦᠪᠡᠷᠳᠡᠬᠡᠨ ᠵᠠᠰᠠᠬᠤ ᠤᠷᠤᠨ ᠤ᠋ ᠪᠠᠢᠴᠠᠭᠠᠬᠤ ᠬᠣᠷᠢᠶ᠎ᠠ᠎ᠳᠤ ᠠᠯᠤᠰ ᠡᠵᠡᠮᠱᠢᠯᠲᠦ ᠸᠢᠳᠢᠣ᠋ ᠰᠤᠷᠪᠤᠯᠵᠢᠯᠠᠯ᠎ᠢ ᠭᠥᠯᠢᠶᠡᠨ ᠠᠪᠤᠭᠤᠯᠬᠤ᠎ᠪᠠᠷ ᠭᠤᠶᠤᠴᠢᠯᠠᠵᠦ ᠪᠤᠯᠤᠨ᠎ᠠ᠃

ᠥᠪᠡᠷᠲᠡᠭᠡᠨ ᠵᠠᠰᠠᠬᠤ ᠣᠷᠣᠨ ᠎ᠤ ᠬᠠᠤᠯᠢ ᠴᠠᠭᠠᠵᠠ ᠎ᠶ᠋ᠢᠨ ᠲᠢᠩᠬᠢᠮ᠄

ᠣᠢᠷ᠎ᠠ᠎ᠳᠤ᠂ ᠦᠪᠡᠷᠲᠡᠭᠡᠨ ᠵᠠᠰᠬᠠᠤ ᠤᠷᠤᠨ ᠤ᠋ ᠬᠠᠤᠯᠢ ᠴᠠᠭᠠᠵᠠ ᠎ᠶ᠋ᠢᠨ ᠲᠢᠩᠬᠢᠮ ᠨᠠᠮ ᠎ᠤᠨ ᠭᠡᠱᠢᠭᠦᠨ᠂ ᠵᠠᠯᠠᠭᠤ ᠰᠠᠢᠨ ᠳᠤᠷᠠᠴᠤᠳ᠎ᠢ ᠵᠣᠬᠢᠶᠠᠨ ᠪᠠᠢᠭᠤᠯᠵᠤ ᠾᠧ ᠰᠢ ᠨᠡᠢᠭᠡᠮ ᠲᠣᠭᠣᠷᠢᠭ᠎ᠤᠨ ᠰᠢᠨ ᠬᠤᠸᠠ ᠶᠤᠸᠠᠨ ᠰᠠᠭᠤᠭᠠᠯᠢ ᠠᠷᠠᠳ ᠤ᠋ᠨ ᠲᠣᠭᠣᠷᠢᠭ᠎ᠲᠤ ᠬᠦᠷᠴᠦ᠍᠂ ᠨᠡᠢᠭᠡᠮ ᠲᠣᠭᠣᠷᠢᠭ ᠎ᠤᠨ ᠠᠵᠢᠯᠲᠠᠳ᠎ᠢ ᠬᠠᠪᠰᠤᠷᠤᠨ ᠰᠠᠭᠤᠭᠠᠯᠢ ᠠᠷᠠᠳ ᠎ᠤᠨ ᠪᠡᠶ᠎ᠡ ᠎ᠶ᠋ᠢᠨ ᠬᠠᠯᠠᠭᠤᠨ ᠎ᠢ ᠬᠡᠮᠵᠢᠬᠦ᠌᠂ ᠡᠷᠡᠭᠦᠯ ᠮᠡᠨᠳᠦ᠍᠎ᠶ᠋ᠢᠨ ᠺᠣᠳ᠋᠎ᠢ ᠪᠠᠢᠴᠠᠭᠠᠨ ᠱᠢᠯᠭᠠᠬᠤ᠂ ᠡᠮᠬᠢ ᠳᠢᠭ᠌ᠯᠢᠮ ᠎ᠢ ᠬᠠᠮᠠᠭᠠᠯᠠᠬᠤ᠂ ᠪᠥᠭᠡᠮ ᠬᠦᠴᠢᠯ᠎ᠤᠨ ᠪᠠᠢᠴᠠᠭᠠᠯᠳᠠ ᠵᠢᠨ ᠮᠡᠳᠡᠭᠡ ᠵᠠᠩᠭᠢ ᠎ᠶ᠋ᠢ ᠳᠠᠩᠰᠠᠯᠠᠬᠤ ᠵᠡᠷᠭᠡ ᠲᠠᠯ᠎ᠠ᠎ᠪᠠᠷ ᠰᠠᠢᠨ ᠳᠤᠷ᠎ᠠ ᠎ᠶ᠋ᠢᠨ ᠦᠶ᠋ᠯᠡᠴᠢᠯᠡᠭᠡ ᠬᠠᠩᠭᠠᠪᠠ᠃

ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠶ ᠡᠪᠯᠡᠯ᠄

ᠬᠦᠬᠡᠬᠤᠲᠠ ᠳ᠋ᠤ ᠬᠢᠵᠢᠭ ᠤ᠋ᠨ ᠪᠠᠢᠲᠠᠯ ᠲᠡᠯᠭᠡᠷᠡᠭᠰᠡᠨ ᠤ᠋ ᠲᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠶ ᠡᠪᠯᠡᠯ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠱᠠᠭᠠᠷᠳᠠᠯᠭ᠎ᠠ᠎ᠶ᠋ᠢ ᠢᠳᠡᠪᠬᠢᠲᠡᠶ ᠴᠤᠤᠷᠢᠶᠠᠳᠤᠵᠤ᠂ ᠰᠠᠢᠨ ᠲᠤᠷᠠᠴᠤᠳ᠎ᠢ᠎ᠰᠣᠩᠭᠣᠨ᠎ᠲᠣᠮᠢᠯᠠᠵᠤ᠎ᠳᠠᠷᠤᠢᠬᠠᠨ᠎ᠳᠠᠭᠠᠭᠠᠴᠢᠯᠠᠨ ᠬᠠᠷᠢᠯᠴᠠᠵᠦ ᠪᠠᠢᠭ᠎ᠠ ᠨᠡᠢᠭᠡᠮ ᠲᠣᠭᠣᠷᠢᠭ ᠪᠤᠯᠬᠤ ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠴᠡᠯᠡᠭᠡᠷ ᠲᠠᠯ᠎ᠠ ᠵᠠᠮ᠎ᠤᠨ ᠵᠡᠭᠡᠯᠢ ᠭᠤᠳᠤᠮᠵᠢ᠎ᠶ᠋ᠢᠨ ᠴᠠᠬᠢᠯᠭᠠᠨ ᠬᠦᠴᠦᠨ᠎ᠦ ᠲᠸᠩ ᠹᠸᠢ ᠨᠡᠢᠭᠡᠮ ᠲᠣᠭᠣᠷᠢᠭ᠎ᠲᠤ ᠬᠦᠷᠴᠦ᠍ ᠰᠠᠢᠨ ᠳᠤᠷ᠎ᠠ᠎ᠶ᠋ᠢᠨ ᠦᠶ᠋ᠯᠡᠴᠢᠯᠡᠭᠡ ᠥᠷᠨᠢᠭᠦᠯᠪᠡ᠃

(ᠡᠭᠡ ᠪᠢᠴᠢᠭ᠎ᠢ ᠰᠤᠷᠪᠤᠯᠵᠢᠯᠠᠬᠴᠢ ᠰᠠᠴᠤᠷᠠᠯ ᠬᠠᠨ ᠯᠢᠡᠭ ᠯᠢᠡᠭ ᠰᠢᠨᠡᠪᠢᠯᠢᠭ ᠬᠠᠡᠭᠭᠠᠪᠠ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面