ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠥᠪᠥᠷ ᠮᠣᠩᠭᠣᠯ·ᠬᠠᠢᠷ᠎ᠠ ᠬᠠᠯᠠᠮᠵᠢ

2022-02-25 13:37:59

ᠵᠣᠬᠢᠶᠠᠭ᠍ᠴᠢ᠄ ᠸ·ᠭᠡᠷᠡᠯᠳᠤ ᠣᠩᠱᠢᠭ᠍ᠰᠠᠨ ᠣᠳᠠᠭ᠎ᠠ᠄ 3

2 ᠰᠠᠷ᠎ᠠ ᠵᠢᠨ 24᠎ᠤ ᠡᠳᠦᠷ᠂ ᠪᠤᠭᠤᠳᠤ ᠵᠢᠨ ᠪᠤᠯᠤᠳ ᠲᠡᠮᠦᠷ᠎ᠤᠨ ᠪᠦᠯᠦᠭ᠌ᠯᠡᠯ ᠦᠪᠡᠷᠳᠡᠭᠡᠨ ᠵᠠᠰᠠᠬᠤ ᠤᠷᠤᠨ᠎ᠤ ᠤᠯᠠᠭᠠᠨ ᠵᠠᠭᠠᠯᠮᠠᠢ᠌ᠳᠠᠨ᠎ᠤ ᠨᠡᠢ᠌ᠭᠡᠮᠯᠢᠭ᠌ ᠲᠤ᠌ 1000 ᠲᠦᠮᠡᠨ ᠲᠦᠭᠦᠷᠢᠭ ᠵᠤᠭᠤᠰ ᠬᠠᠨᠳᠢᠪᠯᠡᠵᠦ᠍᠂ ᠱᠢᠨ᠎ᠠ ᠲᠢᠳᠢᠮᠯᠢᠭ᠌ ᠠᠭᠤᠰᠭᠢᠨ ᠦᠷᠪᠢᠰᠤᠯ᠎ᠤᠨ ᠬᠢᠵᠢᠭ᠎ᠤᠨ ᠪᠠᠢ᠌ᠳᠠᠯ᠎ᠢ ᠰᠡᠷᠭᠡᠢᠯᠡᠨ ᠡᠵᠡᠮᠳᠡᠬᠦ ᠠᠵᠢᠯ᠎ᠢ ᠲᠡᠮᠵᠢᠭ᠌ᠰᠡᠨ ᠪᠠᠢ᠌ᠨ᠎ᠠ᠃ ᠤᠢ᠍ᠢᠯᠠᠭᠠᠬ᠍ᠰᠠᠨ ᠵᠢᠡᠷ᠂ ᠡᠨᠡᠬᠦ᠌ ᠪᠡᠯᠡ ᠮᠦᠩᠬᠦ᠌ ᠨᠢ ᠨᠢᠭᠡᠨᠳᠡ ᠦᠪᠡᠷᠳᠡᠭᠡᠨ ᠵᠠᠰᠠᠬᠤ ᠤᠷᠤᠨ ᠎ᠤ ᠤᠯᠠᠭᠠᠨ ᠵᠠᠭᠠᠯᠮᠠᠢ᠌ᠳᠠᠨ ᠎ᠤ ᠨᠡᠢ᠌ᠭᠡᠮᠯᠢᠭ᠌ ᠎ᠤᠨ ᠲᠠᠩᠰᠠᠨ ᠳ᠋ᠤ ᠤᠷᠤᠵᠦ᠍᠂ ᠬᠦᠬᠡᠬᠤᠳᠠ ᠪᠤᠯᠤᠨ ᠪᠤᠭᠤᠳᠤ ᠬᠤᠳᠠ ᠵᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢᠯᠡᠨ ᠡᠵᠡᠮᠳᠡᠬᠦ ᠠᠵᠢᠯ ᠳ᠋ᠤ ᠬᠡᠷᠡᠭ᠌ᠯᠡᠬᠦ᠌ ᠪᠤᠯᠤᠨ᠎ᠠ᠃

ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ᠌ ᠠᠵᠢᠯ ᠪᠠᠴᠢᠮ ᠲᠤᠯᠭᠠᠮ ᠪᠠᠢ᠌ᠳᠠᠯ ᠲᠤᠤᠷ᠎ᠠ ᠪᠤᠭᠤᠲᠤ ᠵᠢᠨ ᠪᠤᠯᠤᠳ ᠲᠡᠮᠦᠷ᠎ᠤᠨ ᠪᠦᠯᠦᠭ᠌ᠯᠡᠯ ᠨᠢ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠠᠰᠠᠭ᠎ᠤᠨ ᠤᠷᠳᠤᠨ ᠵᠢᠴᠢ ᠦᠪᠡᠷᠳᠡᠭᠡᠨ ᠵᠠᠰᠠᠬᠤ ᠤᠷᠤᠨ᠎ᠤ ᠤᠯᠤᠰ᠎ᠤᠨ ᠪᠡᠯᠡ ᠵᠢ ᠬᠢᠨᠡᠨ ᠬᠠᠮᠢᠶᠠᠷᠬᠤ ᠵᠦᠪᠯᠡᠯ᠂ ᠪᠤᠭᠤᠳᠤ ᠬᠤᠳᠠ ᠵᠢᠨ ᠨᠠᠮ᠎ᠤᠨ ᠬᠤᠷᠢᠶ᠎ᠠ ᠵᠠᠰᠠᠭ᠎ᠤᠨ ᠤᠷᠳᠤᠨ ᠬᠢᠵᠢᠭ ᠎ᠤᠨ ᠎ᠪᠠᠢ᠌ᠳᠠᠯ ᠎ᠢ ᠰᠡᠷᠭᠡᠢ᠌ᠯᠡᠨ ᠡᠵᠡᠮᠳᠡᠬᠦ᠌ ᠠᠵᠢᠯ᠎ᠤᠨ ᠵᠢᠯᠤᠭᠤᠳᠭᠤ ᠭᠠᠵᠠᠷ᠎ᠤᠨ ᠪᠠᠢ᠌ᠷᠢᠯᠠᠭᠤᠯᠤᠯᠳᠠ ᠶᠤᠰᠤᠭᠠᠷ᠂ ᠬᠢᠵᠢᠭ ᠎ᠤᠨ ᠪᠠᠢ᠌ᠳᠠᠯ᠎ᠤᠨ ᠠᠵᠤ ᠠᠬᠤᠢ᠌ᠯᠠᠯ᠎ᠤᠨ ᠦᠢᠯᠡᠳᠪᠦᠷᠢᠯᠡᠯ ᠡᠵᠡᠩᠨᠡᠯᠳᠡ ᠳ᠋ᠤ ᠠᠪᠴᠢᠷᠠᠬᠰᠠᠨ ᠠᠱᠢᠭ ᠦᠭᠡᠢ ᠨᠦᠯᠦᠭᠡ ᠳ᠋ᠦ ᠴᠢᠭᠯᠡᠬᠦᠯᠵᠦ᠂ ᠠᠵᠤ ᠠᠬᠤᠢ᠌ᠯᠠᠯ᠎ᠤᠨ ᠵᠢᠡᠨ ᠬᠢᠵᠢᠭ᠎ᠤᠨ ᠪᠠᠢ᠌ᠳᠠᠯ ᠎ᠢ ᠰᠡᠷᠭᠡᠢ᠌ᠯᠡᠨ ᠡᠵᠡᠮᠳᠡᠬᠦ᠌ ᠠᠵᠢᠯ᠎ᠢ ᠰᠠᠢ᠌ᠳᠤᠷ ᠬᠢᠬᠦ᠌ ᠵᠢᠨ ᠬᠠᠮᠳᠤ ᠦᠢᠯᠡᠳᠪᠦᠷᠢᠯᠡᠯ ᠡᠵᠡᠩᠨᠡᠯᠳᠡ ᠵᠢ ᠯᠠᠪᠳᠠᠭᠤᠨ ᠠᠳᠭᠤᠵᠦ᠍᠂ 《ᠠᠯᠢ ᠠᠯᠢᠨ᠎ᠢ ᠨᠢ ᠴᠤ᠌ ᠰᠠᠭᠠᠳᠠᠭᠠᠬᠤ ᠦᠭᠡᠢ》 ᠬᠦᠴᠦᠯᠡᠨ ᠴᠢᠷᠮᠡᠢ᠌ᠵᠦ ᠪᠠᠢ᠌ᠨ᠎ᠠ᠃

ᠪᠤᠭᠤᠳᠦ ᠵᠢᠨ ᠪᠤᠯᠤᠳ ᠲᠡᠮᠦᠷ᠎ᠤᠨ ᠪᠦᠯᠦᠭᠯᠡᠯ᠎ᠤᠨ ᠠᠵᠢᠯᠳᠠᠳ ᠭᠠᠷ ᠬᠤᠯᠪᠤᠯᠴᠠᠨ ᠬᠢᠵᠢᠭ᠎ᠲᠠᠢ ᠲᠡᠮᠡᠴᠡᠵᠦ᠂ ᠦᠪᠡᠷᠳᠡᠭᠡᠨ ᠵᠠᠰᠠᠬᠤ ᠤᠷᠤᠨ᠎ᠤ ᠤᠯᠠᠭᠠᠨ ᠵᠠᠭᠠᠯᠮᠠᠢ᠌ᠳᠠᠨ᠎ᠤ ᠨᠡᠢ᠌ᠭᠡᠮᠯᠢᠭ᠌ ᠲᠤ᠌ 1000 ᠲᠦᠮᠡᠨ ᠲᠦᠭᠦᠷᠢᠭ ᠵᠤᠭᠤᠰ ᠬᠠᠨᠳᠢᠪᠯᠡᠪᠡ᠃ ᠲᠡᠷᠡᠴᠢᠯᠡᠨ ᠠᠵᠢᠯᠳᠠᠳ᠎ᠤᠨ ᠲᠤᠮᠳᠠᠬᠢ ᠰᠠᠢ᠌ᠨ ᠲᠤᠷᠠᠴᠤᠳ᠎ᠢ ᠵᠤᠬᠢᠶᠠᠨ ᠪᠠᠢ᠌ᠭᠤᠯᠵᠦ᠍᠂ ᠪᠤᠭᠤᠲᠤ ᠬᠤᠳᠠ ᠵᠢᠨ ᠪᠦᠭᠡᠮ ᠬᠦᠴᠢᠯ ᠎ᠤᠨ ᠪᠠᠢ᠌ᠴᠠᠭᠠᠯᠳᠠ ᠵᠡᠷᠭᠡ ᠬᠢᠵᠢᠭ ᠎ᠤᠨ ᠪᠠᠢ᠌ᠳᠠᠯ ᠎ᠢ ᠰᠡᠷᠭᠡᠢ᠌ᠯᠡᠨ ᠡᠵᠡᠮᠳᠡᠬᠦ᠌ ᠠᠵᠢᠯ ᠳ᠋ᠦ ᠢᠳᠡᠪᠬᠢᠳᠠᠢ ᠲᠤᠰᠠᠯᠠᠨ ᠲᠡᠮᠵᠢᠵᠠᠢ᠃

ᠤᠢ᠍ᠢᠯᠠᠭᠠᠬ᠍ᠰᠠᠨ ᠵᠢᠡᠷ᠂ ᠤᠢ᠍ᠢᠷ᠎ᠠ ᠵᠢᠨ ᠬᠤᠶᠠᠷ ᠵᠢᠯ ᠪᠤᠭᠤᠲᠤ ᠵᠢᠨ ᠪᠤᠯᠤᠳ ᠲᠡᠮᠦᠷ᠎ᠤᠨ ᠪᠦᠯᠦᠭ᠌ᠯᠡᠯ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ ᠳ᠋ᠦ ᠨᠡᠢ᠌ᠳᠡ 4000 ᠭᠠᠷᠤᠢ ᠲᠦᠮᠡᠨ ᠲᠦᠭᠦᠷᠢᠭ᠎ᠤᠨ ᠪᠡᠯᠡ ᠮᠦᠩᠬᠦ᠌ ᠪᠤᠯᠤᠨ ᠡᠳ᠋ ᠪᠤᠳᠠᠰ ᠬᠠᠨᠳᠢᠪᠯᠠᠬᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面