ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠥᠪᠥᠷ ᠮᠣᠩᠭᠣᠯ·ᠬᠠᠢᠷ᠎ᠠ ᠬᠠᠯᠠᠮᠵᠢ

2022-02-26 11:16:34

ᠵᠣᠬᠢᠶᠠᠭ᠍ᠴᠢ᠄ ᠱᠤᠸᠠᠢ ᠵᠧᠩ ᠣᠩᠱᠢᠭ᠍ᠰᠠᠨ ᠣᠳᠠᠭ᠎ᠠ᠄ 3

2 ᠰᠠᠷ᠎ᠠ ᠎ᠶ᠋ᠢᠨ 24 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠦᠢᠯᠡᠳᠪᠦᠷᠢ ᠬᠤᠳᠠᠯᠳᠤᠭᠠᠨ ᠎ᠤ ᠬᠣᠯᠪᠣᠭ᠎ᠠ ᠎ᠡᠴᠡ ᠵᠣᠬᠢᠶᠠᠨ ᠪᠠᠢᠭᠤᠯᠵᠤ᠂ ᠤᠯᠠᠨ ᠬᠤᠳᠠᠯᠳᠤᠭᠠᠴᠢᠳ ᠤ᠋ᠨ ᠡᠪᠯᠡᠯ(ᠨᠡᠢᠭᠡᠮᠯᠢᠭ) ᠪᠣᠯᠤᠨ ᠬᠠᠢᠷ᠎ᠠ ᠬᠠᠯᠠᠮᠵᠢ᠎ᠶ᠋ᠢᠨ ᠠᠵᠤ ᠠᠬᠤᠢᠯᠠᠯ ᠬᠠᠮᠲᠤ ᠎ᠪᠠᠷ ᠣᠷᠣᠯᠴᠠᠭ᠍ᠰᠠᠨ ᠬᠢᠵᠢᠭ᠎ᠲᠡᠶ ᠲᠡᠮᠡᠴᠡᠬᠦ᠌ ᠡᠳ᠋ ᠪᠣᠳᠠᠰ ᠬᠠᠨᠳᠢᠪᠯᠠᠬᠤ ᠶᠣᠰᠣᠯᠠᠯ ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠵᠠᠰᠠᠭ᠎ᠤᠨ ᠣᠷᠳᠣᠨ᠎ᠳᠤ ᠶᠠᠪᠤᠭ᠍ᠳᠠᠵᠤ᠂ ᠬᠥᠬᠡᠬᠣᠲᠠ᠎ᠶ᠋ᠢᠨ ᠤᠯᠠᠭᠠᠨ ᠵᠠᠭᠠᠯᠮᠠᠢ᠌ᠳᠠᠨ᠎ᠤ ᠨᠡᠢᠭᠡᠮᠯᠢᠭ᠎ᠲᠦ 40 ᠲᠦᠮᠡᠨ ᠲᠥᠭᠥᠷᠢᠭ᠎ᠦᠨ ᠦᠷᠳᠡᠭ ᠪᠦᠬᠦᠢ ᠡᠮᠴᠢᠯᠡᠭᠡᠨ᠎ᠦ ᠡᠳ᠋ ᠪᠣᠳᠠᠰ ᠪᠣᠯᠤᠨ ᠠᠮᠢᠳᠤᠷᠠᠯ᠎ᠤᠨ ᠡᠳ᠋ ᠪᠣᠳᠠᠰ ᠬᠠᠨᠳᠢᠪᠯᠠᠪᠠ ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ᠂ ᠥᠪᠡᠷᠲᠡᠭᠡᠨ ᠵᠠᠰᠠᠬᠤ ᠣᠷᠣᠨ᠎ᠤ᠎ᠦᠢᠯᠡᠳᠪᠦᠷᠢ᠎ᠬᠤᠳᠠᠯᠳᠤᠭᠠᠨ᠎ᠤ᠎ᠬᠣᠯᠪᠣᠭ᠎ᠠ᠎ᠶ᠋ᠢᠨ᠎ᠲᠡᠷᠢᠭᠦᠯᠡᠭ᠌ᠴᠢ᠎ᠠᠨ᠎ᠷᠦᠨ᠎ᠱᠧᠩ᠎ᠬᠠᠨᠳᠢᠪᠯᠠᠬᠤ ᠶᠣᠰᠣᠯᠠᠯ᠎ᠳᠤ ᠣᠷᠣᠯᠴᠠᠵᠠᠢ᠃

ᠣᠢᠯᠠᠭᠠᠭ᠍ᠰᠠᠨ᠎ᠢᠶᠠᠷ᠂ ᠲᠣᠰ ᠤᠳᠠᠭ᠎ᠠ ᠵᠢᠨ ᠬᠠᠨᠳᠢᠪᠯᠠᠭ᠍ᠰᠠᠨ ᠡᠮᠴᠢᠯᠡᠭᠡᠨ᠎ᠦ ᠡᠳ᠋ ᠪᠣᠳᠠᠰ᠎ᠨᠢ ᠡᠮᠴᠢᠯᠡᠭᠡᠨ᠎ᠳᠦ ᠬᠡᠷᠡᠭ᠌ᠯᠡᠬᠦ᠌ ᠠᠮᠠᠪᠴᠢ᠂ ᠰᠫᠢᠷᠲ᠎ᠦᠨ ᠰᠦᠷᠴᠢᠭᠦᠷ᠂ ᠡᠮᠴᠢᠯᠡᠭᠡᠨ᠎ᠳᠦ ᠬᠡᠷᠡᠭ᠌ᠯᠡᠬᠦ᠌ ᠵᠢᠶᠣᠣᠫᠢ ᠪᠡᠭᠡᠯᠡᠶ᠂ ᠠᠷᠢᠭᠤᠳᠭᠠᠬᠤ ᠱᠢᠩᠭᠡᠨ ᠵᠡᠷᠭᠡ᠎ᠪᠡᠷ ᠭᠤᠤᠯ ᠪᠣᠯᠭᠠᠵᠤ᠂ ᠡᠳᠡᠭᠡᠷ ᠡᠳ᠋ ᠪᠣᠳᠠᠰ᠎ᠢ ᠡᠮᠨᠡᠯᠭᠡ ᠎ᠶ᠋ᠢᠨ ᠬᠣᠷᠢᠶ᠎ᠠ᠂ ᠨᠡᠢᠭᠡᠮ ᠲᠣᠭᠣᠷᠢᠭ ᠵᠢᠴᠢ ᠬᠥᠮᠦᠨ ᠬᠠᠷ᠎ᠠ ᠲᠥᠪᠯᠡᠷᠡᠭ᠌ᠰᠡᠨ ᠭᠠᠵᠠᠷ ᠣᠷᠣᠨ᠎ᠤ ᠬᠢᠵᠢᠭ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌᠎ᠳᠦ ᠬᠡᠷᠡᠭ᠌ᠯᠡᠨ᠎ᠡ; ᠷᠠᠱᠢᠶᠠᠨ ᠤᠰᠤ᠂ ᠲᠥᠬᠥᠮ ᠭᠤᠯᠢᠷ᠂ ᠦᠨᠢᠶᠡᠨ ᠰᠦ᠂ ᠬᠥᠪᠥᠩ ᠳ᠋ᠠᠴᠠᠩ ᠵᠡᠷᠭᠡ ᠠᠮᠢᠳᠤᠷᠠᠯ᠎ᠤᠨ ᠡᠳ᠋ ᠪᠣᠳᠠᠰ᠎ᠢ ᠬᠢᠵᠢᠭ᠎ᠢ ᠰᠡᠷᠭᠡᠢᠯᠡᠬᠦ᠌ ᠡᠮᠦᠨ᠎ᠡ ᠹᠷᠣᠨᠲ᠎ᠲᠤ ᠠᠵᠢᠯᠯᠠᠵᠤ ᠪᠠᠢᠭ᠎ᠠ ᠠᠵᠢᠯᠲᠠᠳ᠎ᠲᠤ ᠬᠠᠨᠳᠢᠪᠯᠠᠬᠤ ᠪᠤᠯᠤᠨ᠎ᠠ᠃

ᠲᠠᠨᠢᠯᠴᠠᠭᠤᠯᠤᠭ᠍ᠰᠠᠨ᠎ᠢᠶᠠᠷ᠂ ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ ᠭᠠᠷᠤᠭ᠍ᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠦᠶ᠋ᠯᠡᠳᠪᠦᠷᠢ ᠬᠤᠳᠠᠯᠳᠤᠭᠠᠨ᠎ᠤ ᠬᠣᠯᠪᠣᠭ᠎ᠠ ᠲᠡᠷᠡ ᠳᠠᠷᠤᠶ ᠎ᠳᠤᠨᠢ ᠤᠷᠢᠶᠠᠯᠠᠭ᠎ᠠ᠎ᠶ᠋ᠢᠨ ᠪᠢᠴᠢᠭ ᠪᠠᠭᠤᠯᠭᠠᠵᠤ᠂ ᠡᠯ᠎ᠡ ᠬᠤᠳᠠᠯᠳᠤᠭᠠᠴᠢᠳ ᠤ᠋ᠨ ᠡᠪᠯᠡᠯ( ᠨᠡᠢᠭᠡᠮᠯᠢᠭ) ᠪᠣᠯᠤᠨ ᠥᠷᠭᠡᠨ ᠣᠯᠠᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠨᠡᠢᠭᠡᠮ᠎ᠦᠨ ᠬᠠᠷᠢᠭᠤᠴᠠᠯᠭ᠎ᠠ᠎ᠪᠠᠨ ᠢᠳᠡᠪᠬᠢᠲᠡᠶ ᠭᠦᠶ᠋ᠴᠡᠳᠭᠡᠵᠦ᠍᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠰᠤᠭᠠᠢ ᠭᠡᠵᠦ᠍ ᠤᠷᠢᠶᠠᠯᠠᠪᠠ᠃ ᠪᠦᠷᠢᠨ ᠪᠤᠰᠤ ᠪᠦᠷᠢᠳᠭᠡᠯ ᠎ᠢ ᠦᠨᠳᠦᠰᠦᠯᠡᠪᠡᠯ᠂ 2 ᠰᠠᠷ᠎ᠠ᠎ᠶ᠋ᠢᠨ 24 ᠎ᠤ᠋ ᠡᠳᠦᠷ ᠪᠣᠯᠲᠠᠯ᠎ᠠ᠂ ᠪᠦᠬᠦ᠌ ᠣᠷᠣᠨ᠎ᠤ ᠬᠤᠳᠠᠯᠳᠤᠭᠠᠴᠢᠳ ᠤ᠋ᠨ ᠡᠪᠯᠡᠯ (ᠨᠡᠢᠭᠡᠮᠯᠢᠭ )᠂ ᠥᠷᠭᠡᠨ ᠤᠯᠠᠨ ᠠᠷᠠᠳ᠎ᠤᠨ ᠡᠵᠡᠩᠨᠡᠯᠲᠡ ᠎ᠶ᠋ᠢᠨ ᠠᠵᠤ ᠠᠬᠤᠢᠯᠠᠯ ᠪᠣᠯᠤᠨ ᠨᠡᠢᠲᠡ᠎ᠶ᠋ᠢᠨ ᠥᠮᠴᠢᠯᠡᠯ ᠎ᠦᠨ ᠪᠤᠰᠤ ᠠᠵᠤ ᠠᠬᠤᠢ᠎ᠶ᠋ᠢᠨ ᠬᠥᠮᠦᠰ᠎ᠦᠨ ᠬᠢᠵᠢᠭ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠎ᠳᠦ ᠲᠤᠰᠠᠯᠠᠭ᠍ᠰᠠᠨ ᠵᠣᠭᠣᠰ ᠮᠥᠩᠭᠥ᠌ ᠡᠳ᠋ ᠪᠣᠳᠠᠰ 5100 ᠲᠦᠮᠡᠨ ᠲᠥᠭᠥᠷᠢᠭ ᠎ᠲᠦ ᠬᠦᠷᠴᠦ᠍᠂ ᠪᠦᠬᠦ᠌ ᠣᠷᠣᠨ᠎ᠤ ᠬᠠᠷᠢᠶ᠎ᠠ ᠪᠦᠬᠦᠢ ᠬᠤᠳᠠᠯᠳᠤᠭᠠᠴᠢᠳ ᠤ᠋ᠨ ᠡᠪᠯᠡᠯ (ᠨᠡᠢᠭᠡᠮᠯᠢᠭ)ᠤ᠋ᠨ 3200 ᠭᠠᠷᠤᠢ ᠰᠠᠢ᠌ᠨ ᠲᠤᠷᠠᠴᠤᠳ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠳᠦ ᠣᠷᠣᠯᠴᠠᠵᠤ᠂ ᠦᠨ᠎ᠡ ᠲᠥᠯᠥᠪᠦᠷᠢ ᠦᠭᠡᠢ ᠪᠡᠷ 320 ᠮᠠᠱᠢᠨ ᠲᠡᠷᠭᠡ ᠬᠠᠩᠭᠠᠵᠤ ᠬᠢᠵᠢᠭ᠎ᠲᠡᠶ ᠲᠡᠮᠡᠴᠡᠬᠦ᠌ ᠡᠮᠦᠨ᠎ᠡ ᠹᠷᠣᠨᠲ᠎ᠲᠤ ᠲᠤᠰᠠᠯᠠᠪᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面