ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠥᠪᠥᠷ ᠮᠣᠩᠭᠣᠯ·ᠬᠠᠢᠷ᠎ᠠ ᠬᠠᠯᠠᠮᠵᠢ

2022-02-28 16:53:10

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠬᠥᠬᠡᠬᠣᠲᠠ᠄ 6700 ᠭᠠᠷᠤᠢ ᠦᠨᠳᠦᠰᠦᠨ ᠱᠠᠲᠤᠨ ᠎ᠤ ᠨᠠᠮ᠎ᠤᠨ ᠵᠣᠬᠢᠶᠠᠨ ᠪᠠᠢᠭᠤᠯᠤᠯᠲᠠ 6.4 ᠲᠦᠮᠡᠨ ᠨᠠᠮ ᠎ᠤᠨ ᠭᠡᠱᠢᠭᠦᠨ ᠺᠠᠳ᠋ᠷ ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠡᠮᠦᠨ᠎ᠡ ᠹᠷᠣᠨᠲ ᠎ᠲᠤ ᠲᠡᠮᠡᠴᠡᠵᠦ᠍ ᠪᠤᠢ

ᠰᠤᠷᠪᠤᠯᠵᠢᠯᠠᠭ᠍ᠴᠢ ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠰᠣᠨᠢᠨ ᠮᠡᠳᠡᠭᠡ ᠨᠡᠢᠲᠡᠯᠡᠬᠦ᠌ ᠬᠤᠷᠠᠯ (ᠠᠷᠪᠠᠨ ᠭᠤᠷᠪᠠᠳᠤᠭᠠᠷ ᠲᠠᠯᠠᠪᠠᠢ) ᠡᠴᠡ ᠣᠢᠯᠠᠭᠠᠭ᠍ᠰᠠᠨ᠎ᠢᠶᠠᠷ᠂ ᠲᠣᠰ ᠡᠭᠡᠯᠵᠢ᠎ᠶ᠋ᠢᠨ ᠬᠢᠵᠢᠭ᠎ᠦᠨ ᠪᠠᠢᠳᠠᠯ᠎ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠣᠯᠤᠨ ᠬᠣᠲᠠ᠎ᠶ᠋ᠢᠨ ᠬᠢᠵᠢᠭ ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢᠯᠣᠭᠣᠳᠭᠤ ᠭᠠᠵᠠᠷ᠎ᠤᠨ ᠨᠢᠭᠡᠳᠦᠯᠲᠡᠶ ᠪᠠᠢᠷᠢᠯᠠᠭᠤᠯᠤᠯᠲᠠ ᠶᠣᠰᠣᠭᠠᠷ᠂ ᠬᠥᠬᠡᠬᠣᠲᠠ 6.4 ᠲᠦᠮᠡᠨ ᠨᠠᠮ᠎ᠤᠨ ᠭᠡᠱᠢᠭᠦᠨ ᠺᠠᠳ᠋ᠷ᠂ 6700 ᠭᠠᠷᠤᠶ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠎ᠶ᠋ᠢ ᠵᠣᠬᠢᠶᠠᠨ ᠪᠠᠢᠭᠤᠯᠵᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠳᠤ ᠣᠷᠣᠯᠴᠠᠭᠤᠯᠵᠤ᠂ ᠨᠠᠮ᠎ᠤᠨ ᠲᠣᠭ᠎ᠢ ᠬᠢᠵᠢᠭ᠎ᠲᠡᠶ ᠲᠡᠮᠡᠴᠡᠬᠦ᠌ ᠡᠮᠦᠨ᠎ᠡ ᠹᠷᠣᠨᠲ᠎ᠲᠤ ᠥᠨᠳᠥᠷ ᠨᠠᠮᠢᠷᠠᠭᠤᠯᠪᠠ᠃

ᠡᠯ᠎ᠡ ᠱᠠᠲᠤᠨ᠎ᠤ ᠤᠳᠤᠷᠢᠳᠭᠤ ᠺᠠᠳ᠋ᠷ᠎ᠤᠨ ᠳᠠᠭᠠᠭᠠᠴᠢᠯᠠᠨ ᠬᠠᠷᠢᠯᠴᠠᠬᠤ ᠡᠷᠴᠢᠮ᠎ᠢ ᠴᠢᠩᠭᠠᠷᠠᠭᠤᠯᠪᠠ᠃ ᠬᠣᠲᠠ᠎ᠶ᠋ᠢᠨ ᠲᠡᠰ᠎ᠤᠨ32 ᠤᠳᠤᠷᠢᠳᠤᠯᠭ᠎ᠠ 9 ᠬᠣᠱᠢᠭᠤ ᠱᠢᠶᠠᠨ ᠲᠣᠭᠣᠷᠢᠭ᠂ ᠨᠡᠭᠡᠭᠡᠯᠲᠡ᠎ᠶ᠋ᠢᠨ ᠲᠣᠭᠣᠷᠢᠭ ᠪᠠ ᠬᠣᠲᠠ᠎ᠶ᠋ᠢᠨ ᠳᠥᠷᠪᠡᠨ ᠲᠣᠭᠣᠷᠢᠭ᠎ᠤᠨ ᠪᠣᠶ ᠪᠥᠬᠥᠶ ᠱᠢᠶᠠᠩ ᠪᠠᠯᠭᠠᠰᠤ ᠵᠡᠭᠡᠯᠢ ᠭᠤᠳᠤᠮᠵᠢ᠎ᠶ᠋ᠢ ᠳᠠᠭᠠᠭᠠᠴᠢᠯᠠᠨ ᠬᠠᠷᠢᠯᠴᠠᠵᠤ᠂ ᠨᠢᠭᠡᠳᠦᠭᠡᠷ ᠹᠷᠣᠨᠲ᠎ᠲᠤ ᠭᠦᠨᠵᠡᠭᠡᠢᠷᠡᠨ ᠲᠤᠬᠠᠶ᠎ᠶ᠋ᠢᠨ ᠲᠠᠯᠠᠪᠠᠶ᠎ᠳᠤ ᠠᠵᠢᠯᠯᠠᠵᠤ᠂ ᠱᠠᠯᠠᠪᠳᠠᠭᠤᠯᠤᠨ ᠪᠠᠢᠴᠠᠭᠠᠬᠤ᠎ᠪᠠᠨ ᠴᠢᠩᠭᠠᠳᠭᠠᠵᠦ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠳᠤᠮᠳᠠ ᠲᠤᠯᠭᠠᠷᠠᠭ᠍ᠰᠠᠨ ᠲᠣᠪᠣᠢᠮ᠎ᠠ ᠬᠦᠴᠢᠷᠳᠡᠯ ᠪᠠ ᠴᠢᠬᠤᠯᠠ ᠶᠡᠬᠡ ᠠᠰᠠᠭᠤᠳᠠᠯ᠎ᠢ ᠵᠣᠬᠢᠴᠠᠭᠤᠯᠤᠨ ᠱᠢᠶ᠋ᠳᠪᠦᠷᠢᠯᠡᠪᠡ᠃ ᠬᠣᠲᠠ ᠱᠢᠶᠠᠨ ᠬᠣᠶᠠᠷ ᠱᠠᠲᠤᠨ᠎ᠠᠴᠠ ᠭᠠᠵᠠᠷ᠎ᠤᠨ ᠲᠠᠰ᠎ᠤᠨ 573 ᠺᠠᠳ᠋ᠷ᠎ᠢ ᠰᠣᠩᠭᠣᠨ ᠲᠣᠮᠢᠯᠠᠵᠤ᠂ ᠪᠥᠬᠥ᠌ ᠬᠣᠲᠠ᠎ᠶ᠋ᠢᠨ ᠪᠣᠶ ᠪᠥᠬᠥᠶ ᠱᠢᠶᠠᠩ ᠪᠠᠯᠭᠠᠰᠤᠨ᠎ᠤ ᠵᠡᠭᠡᠯᠢ ᠭᠤᠳᠤᠮᠵᠢ᠂ ᠲᠤᠰᠠᠭᠠᠷᠯᠠᠬᠤ ᠪᠠᠭᠤᠳᠠᠯ᠂ ᠪᠢᠲᠡᠭᠦᠮᠵᠢᠯᠡᠨ ᠡᠵᠡᠮᠳᠡᠬᠦ᠌ ᠰᠠᠭᠤᠭᠠᠯᠢ ᠲᠣᠭᠣᠷᠢᠭ᠎ᠢ ᠪᠦᠬᠦᠨ᠎ᠢ ᠳᠠᠭᠠᠭᠠᠴᠢᠯᠠᠨ ᠬᠠᠷᠢᠯᠴᠠᠬᠤ᠎ᠶ᠋ᠢ ᠪᠡᠶᠡᠯᠡᠭᠦᠯᠵᠦ᠍᠂ ᠪᠣᠳᠠᠲᠠᠶ ᠵᠢᠯᠣᠭᠣᠳᠣᠯᠭ᠎ᠠ᠎ᠪᠠᠨ ᠴᠢᠩᠭᠠᠳᠭᠠᠨ᠂ ᠰᠡᠷᠭᠡᠢᠯᠡᠨ ᠡᠵᠡᠮᠳᠡᠬᠦ᠌ ᠲᠠᠯ᠎ᠠ ᠎ᠪᠠᠷ ᠎ᠬᠢ ᠠᠯᠳᠠᠰᠢ ᠭᠠᠷᠬᠤ᠎ᠶ᠋ᠢ ᠴᠠᠭ ᠲᠤᠬᠠᠶ᠎ᠳᠤᠨᠢ ᠬᠣᠷᠢᠭ᠍ᠯᠠᠵᠤ᠂ ᠡᠯ᠎ᠡ ᠵᠦᠶ᠋ᠯ᠎ᠦᠨ ᠠᠵᠢᠯ᠎ᠢ ᠪᠢᠲᠡᠭᠦᠦ᠍ ᠎ᠴᠠᠭᠠᠷᠢᠭ ᠵᠢᠡᠷ ᠨᠠᠢᠳᠠᠪᠤᠷᠢᠵᠢᠭᠤᠯᠬᠤ ᠎ᠶ᠋ᠢ ᠠᠬᠢᠭᠤᠯᠪᠠ᠃

ᠨᠢᠭᠡᠳᠦᠭᠡᠷ ᠹᠷᠣᠨᠲ᠎ᠤᠨ ᠬᠦᠴᠦ ᠵᠢ ᠲᠡᠭᠦᠯᠳᠡᠷᠵᠢᠭᠦᠯᠪᠡ᠃ ᠬᠢᠵᠢᠭ᠎ᠦᠨ ᠪᠠᠢᠳᠠᠯ ᠭᠠᠷᠤᠭ᠍ᠰᠠᠨ᠎ᠤ ᠳᠠᠷᠠᠭ᠎ᠠ᠂ ᠬᠥᠬᠡᠬᠣᠲᠠ ᠳᠡᠷᠡ ᠳᠠᠷᠤᠢ ᠳ᠋ᠤᠨᠢ ᠠᠵᠢᠯᠯᠠᠵᠤ ᠪᠠᠢᠭ᠎ᠠ ᠨᠠᠮ᠎ᠤᠨ ᠭᠡᠱᠢᠭᠦᠨ ᠨᠡᠢᠭᠡᠮ ᠲᠣᠭᠣᠷᠢᠭ᠎ᠲᠤ ᠬᠦᠷᠴᠦ᠍ ᠨᠡᠷ᠎ᠡ ᠮᠡᠳᠡᠭᠦᠯᠬᠦ᠌ ᠮᠡᠳᠡᠭ᠌ᠳᠡᠯ ᠪᠠᠭᠤᠯᠭᠠᠵᠤ᠂ ᠬᠣᠲᠠ ᠱᠢᠶᠠᠨ ᠬᠣᠶᠠᠷ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢᠨ 4.5 ᠲᠦᠮᠡ ᠭᠠᠷᠤᠶ ᠪᠠᠢᠭᠤᠯᠭ᠎ᠠ᠎ᠶ᠋ᠢᠨ ᠨᠠᠮ᠎ᠤᠨ ᠭᠡᠱᠢᠭᠦᠨ ᠺᠠᠳ᠋ᠷ ᠨᠡᠢᠭᠡᠮ ᠲᠣᠭᠣᠷᠢᠭ ᠪᠠ ᠲᠣᠰᠭᠣᠨ᠎ᠳᠤ ᠲᠦᠷᠭᠡᠨ ᠭᠦᠨᠵᠡᠭᠡᠢᠷᠡᠵᠦ᠍᠂ ᠨᠡᠢᠭᠡᠮ ᠲᠣᠭᠣᠷᠢᠭ ᠪᠠ ᠲᠣᠰᠭᠣᠨ᠎ᠤ ᠪᠠᠢᠭᠤᠯᠭ᠎ᠠ᠎ᠶ᠋ᠢᠨ᠎ᠨᠠᠮ᠎ᠤᠨ᠎ᠭᠡᠱᠢᠭᠦᠨ᠎ᠺᠠᠳ᠋ᠷ᠎ᠤᠨ᠎ᠳᠠᠭᠠᠭᠠᠴᠢᠯᠠᠨ ᠬᠠᠷᠢᠯᠴᠠᠬᠤ ᠵᠢ ᠪᠦᠬᠦᠨ᠎ᠢ ᠪᠦᠷᠬᠦᠬᠦᠯᠵᠦ᠂ ᠤᠬᠠᠭᠤᠯᠤᠨ ᠳᠠᠢᠴᠢᠯᠠᠬᠤ᠂ ᠬᠣᠷᠢᠭ᠎ᠠ ᠴᠡᠭ᠎ᠲᠦ ᠵᠢᠵᠢᠭᠦᠷᠯᠡᠬᠦ᠌᠂ ᠬᠠᠮᠢᠶᠠᠷᠤᠨ ᠡᠵᠡᠮᠳᠡᠵᠦ᠍ ᠵᠢᠭ᠍ᠰᠠᠭᠠᠨ ᠪᠠᠢᠴᠠᠭᠠᠬᠤ᠂ ᠪᠡᠶ᠎ᠡ ᠵᠢᠨ ᠳᠤᠯᠠᠭᠠᠨ᠎ᠢ ᠬᠡᠮᠵᠢᠵᠦ᠍ ᠺᠣᠳ᠋᠎ᠢ ᠱᠢᠯᠭᠠᠬᠤ᠂ ᠮᠡᠳᠡᠭᠡ ᠵᠠᠩᠭᠢ ᠣᠷᠣᠭᠤᠯᠬᠤ᠂ ᠪᠥᠭᠡᠮ ᠬᠦᠴᠢᠯ᠎ᠤᠨ ᠪᠠᠢᠴᠠᠭᠠᠯᠳᠠ ᠬᠢᠬᠦ ᠵᠡᠷᠭᠡ ᠰᠡᠷᠭᠡᠢᠯᠡᠨ ᠡᠵᠡᠮᠳᠡᠬᠦ᠌ ᠠᠵᠢᠯ᠎ᠢ ᠰᠠᠢᠲᠤᠷ ᠬᠢᠵᠦ᠍᠂ ᠨᠢᠭᠡᠳᠦᠭᠡᠷ ᠹᠷᠣᠨᠲ᠎ᠤᠨ ᠬᠦᠴᠦᠨ ᠬᠦᠷᠦᠯᠴᠡᠬᠦ᠌ ᠥᠬᠡᠶ ᠪᠠᠢᠬᠤ ᠠᠰᠠᠭᠤᠳᠠᠯ᠎ᠢ ᠪᠦᠲᠦᠮᠵᠢᠲᠡᠶ ᠨᠠᠮᠳᠠᠭᠤᠯᠪᠠ᠃ ᠵᠠᠩᠭᠢᠯᠠᠭ᠎ᠠ᠎ᠶ᠋ᠢᠨ ᠣᠷᠣᠨ ᠪᠦᠰᠡ᠎ᠳᠦ ᠨᠠᠮ᠎ᠤᠨ ᠵᠣᠬᠢᠶᠠᠨ ᠪᠠᠢᠭᠤᠯᠤᠯᠲᠠ ᠪᠣᠭᠣᠮᠲᠠ ᠰᠠᠬᠢᠵᠤ᠂ ᠵᠠᠩᠭᠢᠯᠠᠭ᠎ᠠ᠎ᠶ᠋ᠢᠨ ᠴᠠᠭ ᠮᠥᠴᠡ᠎ᠳᠦ ᠨᠠᠮ᠎ᠤᠨ ᠭᠡᠱᠢᠭᠦᠨ ᠪᠣᠭᠣᠮᠲᠠ ᠰᠠᠬᠢᠵᠤ᠂ ᠵᠠᠩᠭᠢᠯᠠᠭ᠎ᠠ᠎ᠶ᠋ᠢᠨ ᠠᠵᠢᠯ᠎ᠤᠨ ᠪᠠᠢᠷᠢ᠎ᠳᠤ ᠨᠠᠮ᠎ᠤᠨ ᠰᠦᠯᠳᠡ ᠭᠢᠯᠠᠯᠵᠠᠭᠤᠯᠵᠤ᠂ ᠣᠷᠣᠨ᠎ᠤ ᠲᠥᠪ᠎ᠦᠨ ᠨᠠᠮ᠎ᠤᠨ ᠭᠡᠱᠢᠭᠦᠨ ᠺᠠᠳ᠋ᠷ᠎ᠤᠨ ᠳᠤᠷᠠᠲᠠᠶ᠎ᠠ ᠬᠤᠪᠢ ᠨᠡᠮᠡᠷᠢ ᠦᠵᠡᠭᠦᠯᠦᠨ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ᠌ ᠰᠠᠢ᠌ᠨ ᠰᠠᠢᠬᠠᠨ ᠲᠦᠷᠢ ᠲᠥᠷᠬᠦ᠌᠎ᠶ᠋ᠢ ᠱᠤᠭᠤᠭᠰᠠᠨ ᠪᠠᠢᠨ᠎ᠠ᠃ 《ᠪᠥᠬᠥ᠌ ᠬᠡᠷ᠎ᠢᠶᠡᠷ᠎ᠢᠶᠡᠨ ᠬᠦᠳᠡᠯᠦᠯᠴᠡᠬᠦ》᠂ 《ᠡᠴᠢᠭᠡ ᠬᠦᠦ ᠬᠣᠶᠠᠭᠤᠯᠠ᠎ᠪᠠᠨ ᠵᠡᠷᠭᠡᠪᠡᠷ ᠣᠷᠣᠯᠴᠠᠬᠤ》᠂ 《ᠮᠢᠨᠦ᠍ ᠬᠦᠰᠡᠯ ᠡᠷᠡᠮᠡᠯᠵᠡᠯ᠂ ᠮᠢᠨᠦ᠍ ᠢᠷᠠᠭᠤ ᠠᠯᠳᠠᠷ》᠂ 《ᠠᠵᠢᠯ᠎ᠤᠨ ᠪᠠᠢᠷᠢ᠎ᠠᠴᠠ᠎ᠪᠠᠨ ᠰᠠᠯᠤᠭ᠍ᠰᠠᠨ ᠴᠤ᠌ ᠨᠠᠮ᠎ᠠᠴᠠ ᠰᠠᠯᠬᠤ ᠥᠬᠡᠶ》ᠵᠡᠷᠭᠡ ᠠᠮᠢᠳᠤᠯᠢᠭ ᠰᠠᠢᠬᠠᠨ ᠨᠡᠢᠲᠡᠯᠢᠭ ᠵᠢᠱ᠌ᠢᠶ᠎ᠡ ᠪᠠ ᠰᠡᠳᠭᠢᠯ ᠬᠥᠳᠡᠯᠭᠡᠮ᠎ᠡ ᠥᠯᠢᠭᠡᠷ ᠣᠯᠠᠨ ᠭᠠᠷᠴᠠᠶ᠃

ᠨᠠᠮ᠎ᠤᠨ᠎ᠭᠡᠱᠢᠭᠦᠨ᠎ᠦ ᠪᠣᠭᠣᠮᠲᠠ ᠱᠢᠪᠲᠤᠯᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠪᠠ᠃ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠢᠳᠠᠯ᠎ᠢ ᠦᠨᠳᠦᠰᠦᠯᠡᠨ᠂ 2 ᠰᠠᠷ᠎ᠠ᠎ᠶ᠋ᠢᠨ 22 ᠎ᠤᠨ ᠡᠳᠦᠷ᠂ ᠬᠥᠬᠡᠬᠣᠲᠠ ᠨᠠᠮ᠎ᠤᠨ ᠭᠡᠱᠢᠭᠦᠨ ᠺᠠᠳ᠋ᠷ᠎ᠢ ᠵᠣᠬᠢᠶᠠᠨ ᠪᠠᠢᠭᠤᠯᠵᠤ 《ᠡᠭᠦᠳᠡ ᠲᠣᠭ᠍ᠰᠢᠬᠤ ᠠᠵᠢᠯᠯᠠᠭ᠎ᠠ》᠂ 《ᠭᠠᠵᠠᠷ ᠱᠦᠭᠦᠷᠳᠡᠬᠦ᠌ ᠠᠵᠢᠯᠯᠠᠭ᠎ᠠ》ᠳ᠋ᠤ ᠣᠷᠣᠯᠴᠠᠭᠤᠯᠬᠤ ᠮᠡᠳᠡᠭ᠌ᠳᠡᠯ ᠪᠠᠭᠤᠯᠭᠠᠵᠤ᠂ ᠭᠤᠤᠯᠳᠠᠯᠭ᠎ᠠ᠎ᠲᠠᠶ ᠣᠷᠣᠨ ᠪᠦᠰᠡ᠂ ᠭᠤᠤᠯᠳᠠᠯᠭ᠎ᠠ ᠎ᠲᠠᠶ ᠭᠠᠵᠠᠷ᠎ᠲᠤ 323 ᠨᠠᠮ ᠎ᠤᠨ ᠭᠡᠱᠢᠭᠦᠨ ᠎ᠦ 《 ᠬᠣᠱᠢᠭᠤᠴᠢ ᠠᠵᠢᠯ᠎ᠤᠨ ᠪᠠᠢᠷᠢ》 ᠪᠠ 《ᠬᠠᠷᠢᠭᠤᠴᠠᠯᠭ᠎ᠠ᠎ᠶ᠋ᠢᠨ ᠣᠷᠣᠨ》ᠭᠠᠷᠭᠠᠵᠤ᠂ 2749 ᠨᠠᠮ ᠎ᠤᠨ ᠭᠡᠱᠢᠭᠦᠨ᠎ᠦ 《ᠭᠠᠪᠱᠢᠭᠠᠶ ᠠᠩᠭᠢ》 ᠶ᠋ᠢ ᠵᠣᠬᠢᠶᠠᠨ ᠪᠠᠢᠭᠤᠯᠵᠤ᠂ ᠪᠥᠭᠡᠮ ᠬᠦᠴᠢᠯ᠎ᠦᠨ ᠪᠠᠢᠴᠠᠭᠠᠯᠲᠠ ᠵᠡᠷᠭᠡ ᠡᠯ᠎ᠡ ᠵᠦᠶ᠋ᠯ᠎ᠦᠨ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠬᠦ᠌᠎ᠳᠦ ᠪᠥᠬᠥ᠌ ᠬᠦᠴᠦᠨ᠎ᠢᠶᠡᠷ᠎ᠢᠶᠡᠨ ᠬᠠᠮᠵᠢᠯᠴᠠᠵᠤ᠂ ᠵᠠᠩᠭᠢᠯᠠᠭ᠎ᠠ᠎ᠶ᠋ᠢᠨ ᠴᠠᠭ ᠮᠥᠴᠡ᠎ᠳᠦ ᠵᠠᠩᠭᠢᠯᠠᠭ᠎ᠠ᠎ᠶ᠋ᠢᠨ ᠦᠢᠯᠡᠳᠦᠯ ᠦᠵᠡᠭᠦᠯᠪᠡ᠃

ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠳᠠᠢᠴᠢᠨ ᠪᠡᠬᠢᠯᠡᠯᠲᠡ᠎ᠶ᠋ᠢᠨ ᠦᠶ᠋ᠯᠡᠳᠦᠯ᠎ᠢ ᠭᠦᠶ᠋ᠴᠡᠳ ᠪᠠᠳᠠᠷᠠᠭᠤᠯᠪᠠ᠃ ᠪᠥᠬᠥ᠌ ᠬᠣᠲᠠ᠎ᠶ᠋ᠢᠨ 308 ᠨᠡᠢᠭᠡᠮ ᠲᠣᠭᠣᠷᠢᠭ ᠪᠠ 965 ᠲᠣᠰᠭᠣᠨ᠎ᠤ ᠨᠠᠮ᠎ᠤᠨ ᠵᠣᠬᠢᠶᠠᠨ ᠪᠠᠢᠭᠤᠯᠤᠯᠲᠠ᠂ 2900 ᠭᠠᠷᠤᠶ ᠨᠡᠢᠭᠡᠮ ᠲᠣᠭᠣᠷᠢᠭ᠎ᠤᠨ ᠠᠵᠢᠯᠲᠠᠨ ᠪᠠ 5800 ᠭᠠᠷᠤᠶ ᠲᠣᠰᠭᠣᠨ᠎ᠤ 《ᠬᠣᠶᠠᠷ ᠵᠥᠪᠯᠡᠯ》᠎ᠤᠨ ᠬᠡᠰᠢᠬᠦᠨ᠂ 8900 ᠭᠠᠷᠤᠶ ᠲᠤᠤᠷᠵᠢᠭᠤᠯᠤᠭ᠍ᠰᠠᠨ ᠬᠠᠮᠢᠶᠠᠷᠤᠯᠲᠠ᠎ᠶ᠋ᠢᠨ ᠠᠵᠢᠯᠲᠠᠨ᠂ 637 ᠲᠣᠰᠭᠣᠨ᠎ᠳᠤ ᠰᠠᠭᠤᠭ᠎ᠠ ᠺᠠᠳ᠋ᠷ᠂ 3.2 ᠲᠦᠮᠡᠨ ᠰᠠᠢᠨ ᠳᠤᠷᠠᠴᠤᠳ᠂ ᠪᠦᠬᠦᠯᠢ ᠡᠳᠦᠷ ᠎ᠢᠶᠡᠷ ᠡᠮᠦᠨ᠎ᠡ ᠹᠷᠣᠨᠲ᠎ᠢ ᠪᠠᠲᠤ ᠰᠠᠬᠢᠵᠤ᠂ ᠡᠯ᠎ᠡ ᠵᠦᠶ᠋ᠯ᠎ᠦᠨ ᠬᠠᠮᠢᠶᠠᠷᠤᠨ ᠡᠵᠡᠮᠳᠡᠬᠦ᠌ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠣᠯᠠᠨ ᠲᠦᠮᠡᠨ᠎ᠦ ᠦᠶ᠋ᠯᠡᠳᠪᠦᠷᠢᠯᠡᠯ ᠠᠮᠢᠳᠤᠷᠠᠯ ᠎ᠤᠨ ᠳᠤᠮᠳᠠ ᠲᠤᠯᠭᠠᠷᠠᠭ᠍ᠰᠠᠨ ᠬᠦᠴᠢᠷᠳᠡᠯ ᠎ᠢ ᠴᠠᠭ ᠲᠤᠬᠠᠶ᠎ᠳᠤᠨᠢ ᠱᠢᠶ᠋ᠳᠪᠦᠷᠢᠯᠡᠪᠡ᠃ ᠨᠠᠮ᠎ᠤᠨ ᠭᠡᠱᠢᠭᠦᠨ ᠺᠠᠳ᠋ᠷ᠎ᠤᠨ ᠵᠢᠱ᠌ᠢᠢ᠎ᠡ ᠦᠵᠡᠭᠦᠯᠬᠦ ᠪᠠ ᠲᠠᠢ᠌ᠴᠢᠯᠠᠯᠳᠠ ᠳᠤᠤᠷ᠎ᠠ᠂ ᠥᠷᠭᠡᠨ ᠤᠯᠠᠨ ᠲᠦᠮᠡᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠳᠦ ᠢᠳᠡᠪᠬᠢᠲᠡᠢ ᠬᠠᠮᠵᠢᠯᠴᠠᠵᠤ᠂ ᠨᠠᠮ᠎ᠤᠨ ᠭᠡᠱᠢᠭᠦᠨ ᠤᠯᠠᠨ ᠲᠦᠮᠡᠨ ᠳᠤᠤᠭᠠᠷᠪᠠᠯ ᠲᠠᠭᠤ ᠨᠢᠭᠡᠲᠡᠢ ᠳᠤᠭ᠍ᠲᠤᠷᠪᠠᠯ ᠬᠦᠴᠦ᠍ ᠨᠢᠭᠡᠲᠡᠢ ᠪᠠᠢᠵᠤ᠂ ᠬᠢᠵᠢᠭ᠎ᠦᠨ ᠪᠠᠢᠳᠠᠯ᠎ᠢ ᠢᠯᠠᠨ ᠳᠠᠪᠠᠬᠤ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠪᠠ᠃

ᠢᠷᠡᠯᠳᠡ᠄ ᠳᠠᠯ᠎ᠠ ᠨᠤᠳᠤᠭ ᠰᠢᠯᠵᠢᠶ᠎ᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面