ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠥᠪᠥᠷ ᠮᠣᠩᠭᠣᠯ·ᠬᠠᠢᠷ᠎ᠠ ᠬᠠᠯᠠᠮᠵᠢ

2022-02-26 12:04:20

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

2 ᠰᠠᠷ᠎ᠠ᠎ᠶ᠋ᠢᠨ 24᠎ᠦ ᠡᠳᠦᠷ᠎ᠦᠨ 11᠄ 00 ᠴᠠᠭ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠤᠯᠠᠭᠠᠨ ᠵᠠᠭᠠᠯᠮᠠᠢᠲᠠᠨ᠎ᠤ ᠨᠡᠢᠭᠡᠮᠯᠢᠭ᠎ᠦᠨ ᠲᠣᠰ ᠱᠠᠲᠤ ᠪᠣᠯᠤᠨ ᠬᠥᠬᠡᠬᠣᠲᠠ᠂ ᠪᠤᠭᠤᠲᠤ ᠬᠣᠲᠠ᠎ᠶ᠋ᠢᠨ ᠤᠯᠠᠭᠠᠨ ᠵᠠᠭᠠᠯᠮᠠᠢᠲᠠᠨ᠎ᠤ ᠨᠡᠢᠭᠡᠮᠯᠢᠭ ᠨᠢᠭᠡᠨᠲᠡ ᠬᠢᠵᠢᠭ᠎ᠲᠡᠶ ᠲᠡᠮᠡᠴᠡᠬᠦ᠌ ᠎ᠳᠦ ᠵᠤᠷᠢᠭᠤᠯᠵᠦ᠍ ᠬᠠᠨᠳᠢᠪᠯᠠᠭ᠍ᠰᠠᠨ ᠵᠣᠭᠣᠰ ᠮᠥᠩᠭᠥ᠌ ᠡᠳ᠋ ᠪᠣᠳᠠᠰ᠎ᠢ ᠨᠡᠢᠲᠡ 10102.87 ᠲᠦᠮᠡᠨ ᠲᠥᠭᠥᠷᠢᠭ ᠭᠥᠯᠢᠶᠡᠨ ᠠᠪᠴᠤ᠌᠂ ᠡᠭᠦᠨ᠎ᠳᠦ ᠬᠠᠨᠳᠢᠪᠯᠠᠭ᠍ᠰᠠᠨ ᠪᠠᠯᠠ ᠮᠥᠩᠭᠥ᠌ 9442.93 ᠲᠦᠮᠡᠨ ᠲᠥᠭᠥᠷᠢᠭ᠎ᠲᠦ ᠬᠦᠷᠴᠦ᠍᠂ ᠬᠠᠨᠳᠢᠪᠯᠠᠭ᠍ᠰᠠᠨ ᠡᠳ᠋ ᠪᠣᠳᠠᠰ᠎ᠢ ᠨᠤᠭᠤᠯᠵᠤ ᠪᠤᠳᠤᠪᠠᠯ 659.93 ᠲᠦᠮᠡᠨ ᠲᠥᠭᠥᠷᠢᠭ᠎ᠲᠦ ᠬᠦᠷᠴᠡᠶ᠃ ᠥᠪᠡᠷᠲᠡᠭᠡᠨ ᠵᠠᠰᠠᠬᠤ ᠣᠷᠣᠨ᠎ᠤ ᠤᠯᠠᠭᠠᠨ ᠵᠠᠭᠠᠯᠮᠠᠢᠲᠠᠨ᠎ᠤ ᠨᠡᠢᠭᠡᠮᠯᠢᠭ᠎ᠦᠨ ᠲᠣᠰ ᠱᠠᠲᠤ 6876.16 ᠲᠦᠮᠡᠨ ᠲᠥᠭᠥᠷᠢᠭ᠎ᠦᠨ ᠲᠤᠰᠠᠯᠠᠨ ᠬᠦᠷᠭᠡᠭ᠌ᠰᠡᠨ ᠵᠣᠭᠣᠰ ᠪᠠ ᠡᠳ᠋ ᠪᠣᠳᠠᠰ᠎ᠢ ᠭᠥᠯᠢᠶᠡᠨ ᠠᠪᠴᠤ᠌᠂ ᠡᠭᠦᠨ᠎ᠳᠦ ᠲᠤᠰᠠᠯᠠᠨ ᠬᠦᠷᠭᠡᠭ᠌ᠰᠡᠨ ᠪᠠᠯᠠ ᠮᠥᠩᠭᠥ᠌ 6636.49 ᠲᠦᠮᠡᠨ ᠲᠥᠭᠥᠷᠢᠭ᠂ ᠲᠤᠰᠠᠯᠠᠨ ᠬᠦᠷᠭᠡᠭ᠌ᠰᠡᠨ ᠡᠳ᠋ ᠪᠣᠳᠠᠰ᠎ᠢ ᠨᠤᠭᠤᠯᠤᠨ ᠪᠤᠳᠤᠪᠠᠯ 239.67 ᠲᠦᠮᠡᠨ ᠲᠥᠭᠥᠷᠢᠭ ᠬᠦᠷᠦᠭ᠌ᠰᠡᠨ ᠪᠠᠢᠨ᠎ᠠ᠃

ᠲᠤᠰ ᠡᠭᠡᠯᠵᠢ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ ᠭᠠᠷᠤᠭ᠍ᠰᠠᠨ᠎ᠠᠴᠠ ᠨᠠᠭᠠᠰᠢ᠂ ᠨᠢᠭᠡ ᠪᠦᠯᠦᠭ ᠤᠯᠤᠰ᠎ᠤᠨ ᠥᠮᠴᠢᠯᠡᠯ᠎ᠦᠨ ᠪᠠ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠢᠳᠡᠪᠬᠢᠲᠡᠢ᠎ᠪᠡᠷ ᠵᠣᠭᠣᠰ ᠮᠥᠩᠭᠥ᠌ ᠡᠳ᠋ ᠪᠣᠳᠠᠰ ᠬᠠᠨᠳᠢᠪᠯᠠᠵᠤ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠍᠂ ᠬᠠᠲᠠᠭᠤ ᠪᠡᠷᠬᠡᠱᠢᠶᠡᠯ᠎ᠢ ᠬᠠᠮᠲᠤ᠎ᠪᠠᠷ ᠲᠤᠭᠤᠯᠵᠤ᠂ ᠤᠭ ᠰᠠᠨᠠᠭ᠎ᠠ ᠎ᠪᠠᠨ ᠦᠯᠦ᠍ ᠮᠠᠷᠳᠠᠵᠦ᠍ ᠡᠭᠦᠷᠭᠡ ᠬᠠᠷᠢᠭᠤᠴᠠᠯᠭ᠎ᠠ᠎ᠪᠠᠨ ᠪᠠᠳᠦ ᠴᠡᠭᠡᠵᠢᠯᠡᠬᠦ᠌ ᠵᠣᠷᠢᠭ ᠰᠠᠨᠠᠭ᠎ᠠ ᠎ᠶ᠋ᠢ ᠳᠠᠬᠢᠨᠲᠠ ᠢᠯᠡᠷᠡᠭᠦᠯᠪᠡ᠃ ᠪᠤᠭᠤᠲᠤ᠎ᠶ᠋ᠢᠨ ᠪᠤᠯᠤᠳ ᠲᠡᠮᠦᠷ᠎ᠦᠨ ᠪᠦᠯᠦᠭ᠌ᠯᠡᠯ᠂ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭ᠌ᠯᠡᠯ ᠵᠡᠷᠬᠡ ᠤᠯᠤᠰ᠎ᠤᠨ ᠦᠮᠴᠢᠯᠡᠯᠳᠦ ᠠᠵᠤ ᠠᠬᠤᠢᠯᠠᠯ᠂ ᠥᠪᠥᠷ ᠮᠣᠩᠭᠣᠯ᠎ᠤᠨ ᠬᠤᠢ ᠨᠸᠩ ᠨᠡᠭᠦᠷᠡᠰᠦ ᠴᠠᠬᠢᠯᠭᠠᠨ᠎ᠤ ᠪᠦᠯᠦᠭ᠌ᠯᠡᠯ ᠵᠡᠷᠭᠡ ᠨᠢᠭᠡ ᠪᠦᠯᠦᠭ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠪᠠ ᠨᠢᠭᠡ ᠪᠦᠯᠦᠭ ᠳᠤᠮᠳᠠ ᠪᠠᠭ᠎ᠠ ᠠᠵᠤ ᠠᠬᠤᠢᠯᠠᠯ ᠪᠣᠯᠤᠨ ᠨᠡᠢᠭᠡᠮ᠎ᠦᠨ ᠡᠳᠡᠭᠡᠳ ᠤᠯᠠᠨ ᠲᠦᠮᠡᠨ ᠢᠳᠡᠪᠬᠢᠲᠡᠢ᠎ᠪᠡᠷ ᠬᠠᠨᠳᠢᠪ ᠡᠷᠭᠦᠵᠦ᠍᠂ ᠬᠢᠵᠢᠭ᠎ᠲᠡᠶ ᠲᠡᠮᠡᠴᠡᠬᠦ᠌᠂ ᠭᠡᠷ ᠣᠷᠣᠨ᠎ᠢᠶᠠᠨ ᠬᠠᠮᠠᠭᠠᠯᠠᠬᠤ ᠎ᠳᠦ ᠬᠤᠪᠢ ᠨᠡᠮᠡᠷᠢ ᠦᠵᠡᠭᠦᠯᠪᠡ᠃

ᠬᠠᠨᠳᠢᠪ ᠡᠷᠭᠦᠭ᠌ᠰᠡᠳ ᠎ᠦᠨ ᠬᠦᠰᠡᠯ ᠡᠷᠡᠮᠡᠯᠵᠡᠯ ᠶᠣᠰᠣᠭᠠᠷ᠂ ᠡᠯ᠎ᠡ ᠱᠠᠲᠤᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢᠯᠣᠭᠣᠳᠭᠤ ᠭᠠᠵᠠᠷ᠎ᠤᠨ ᠨᠢᠭᠡᠳᠦᠯᠲᠡᠶ ᠲᠣᠬᠢᠷᠠᠭᠤᠯᠤᠯᠲᠠ ᠳᠤᠤᠷ᠎ᠠ᠂ ᠬᠠᠨᠳᠢᠪᠯᠠᠭ᠍ᠰᠠᠨ ᠡᠳ᠋ ᠪᠣᠳᠠᠰ᠎ᠢ ᠪᠦᠬᠦᠨ᠎ᠢ ᠬᠢᠵᠢᠭ᠎ᠲᠡᠶ ᠲᠡᠮᠡᠴᠡᠬᠦ᠌ ᠡᠮᠦᠨ᠎ᠡ ᠹᠷᠣᠨᠲ᠎ᠲᠤ ᠲᠦᠷᠭᠡᠨ ᠬᠦᠷᠭᠡᠵᠦ᠍᠂ ᠬᠠᠨᠳᠢᠪᠯᠠᠭ᠍ᠰᠠᠨ ᠪᠠᠯᠠ ᠮᠥᠩᠭᠥ᠎ᠶ᠋ᠢ ᠲᠤᠬᠢᠳᠠᠢ ᠰᠠᠢᠬᠠᠨ ᠬᠡᠷᠡᠭ᠌ᠯᠡᠵᠦ᠍ ᠪᠠᠢᠨ᠎ᠠ᠃


ᠢᠷᠡᠯᠳᠡ᠄ ᠦᠪᠦᠷ ᠮᠤᠩᠭᠤᠯ ᠎ᠤᠨ ᠤᠯᠠᠭᠠᠨ ᠵᠠᠭᠠᠯᠮᠠᠢᠲᠠᠨ᠎ᠤ ᠨᠡᠢᠭᠡᠮᠯᠢᠭ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面