ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠥᠪᠥᠷ ᠮᠣᠩᠭᠣᠯ·ᠬᠠᠢᠷ᠎ᠠ ᠬᠠᠯᠠᠮᠵᠢ

2022-02-26 12:00:08

ᠵᠣᠬᠢᠶᠠᠭ᠍ᠴᠢ᠄ ᠸᠠᠩ ᡁᠢ ᠬᠤᠸᠠ ᠯᠢ ᠴᠤᠤ ᠷᠠᠨ ᠣᠩᠱᠢᠭ᠍ᠰᠠᠨ ᠣᠳᠠᠭ᠎ᠠ᠄ 3

ᠱᠢᠨᠵᠢᠯᠡᠬᠦ᠌ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠨᠠᠷᠢᠯᠢᠭ ᠣᠨᠣᠪᠴᠢᠲᠠᠶ ᠲᠣᠬᠢᠷᠠᠭᠤᠯᠤᠯᠲᠠ ᠬᠢᠨ᠎ᠠ᠃ 2 ᠰᠠᠷ᠎ᠠ ᠵᠢᠨ 24 ᠎ᠦ ᠡᠳᠦᠷ ᠪᠣᠯᠲᠠᠯ᠎ᠠ ᠬᠥᠬᠡᠬᠣᠲᠠ ᠨᠢᠭᠡᠨᠲᠡ 1015 ᠭᠤᠤᠯᠳᠠᠯᠭ᠎ᠠ᠎ᠲᠠᠶ ᠲᠠᠯᠠᠪᠤᠷ ᠭᠠᠵᠠᠷ ᠎ᠤᠨ ᠡᠴᠦᠰ᠎ᠦᠨ ᠠᠷᠢᠭᠤᠳᠭᠠᠬᠤ ᠡᠭᠦᠷᠭᠡ᠎ᠶ᠋ᠢ ᠪᠡᠶᠡᠯᠡᠭᠦᠯᠵᠦ ᠳᠠᠭᠤᠰᠴᠠᠢ᠃ ᠠᠷᠢᠭᠤᠳᠬᠠᠯ ᠤ᠋ᠨ ᠠᠵᠢᠯᠳᠠᠳ ᠡᠪᠡᠳᠴᠢᠨ ᠤ᠋ ᠸᠢᠷᠦ᠋ᠰ᠎ᠲᠡᠶ ᠴᠠᠭ ᠮᠦᠴᠡ ᠶ᠋ᠢ ᠪᠤᠯᠢᠶᠠᠯᠳᠤᠨ《ᠬᠦᠶᠦᠵᠦ》 ᠪᠠᠢᠳᠠᠭ᠃



ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠹᠷᠣᠨᠲ᠎ᠲᠤ᠂ ᠪᠢᠳᠡ ᠡᠮᠴᠢ ᠰᠣᠪᠢᠯᠠᠭ᠍ᠴᠢᠳ᠂ ᠰᠠᠢᠨ ᠳᠤᠷᠠᠴᠤᠳ᠂ ᠴᠡᠷᠢᠭ ᠴᠠᠭ᠍ᠳᠠᠭ᠎ᠠ ᠨᠠᠷ ᠤ᠋ᠨ ᠬᠢᠵᠢᠭ᠎ᠲᠡᠶ ᠡᠷᠡᠯᠬᠡᠭ᠌ᠯᠡᠨ ᠲᠡᠮᠡᠴᠡᠵᠦ᠍ ᠪᠠᠢᠭ᠎ᠠ ᠶ᠋ᠢ ᠵᠦᠩᠳᠡᠭᠡᠨ ᠣᠯᠵᠤ ᠬᠠᠷᠠᠬᠤ ᠪᠡᠷ ᠪᠠᠷᠠᠬᠤ ᠦᠬᠡᠢ᠂ ᠠᠷᠢᠭᠤᠳᠬᠠᠯ ᠤ᠋ᠨ ᠰᠠᠪᠠ ᠡᠬᠦᠷᠴᠦ ᠰᠢᠷᠭᠠᠭᠤ ᠠᠵᠢᠯᠯᠠᠵᠦ ᠪᠠᠢᠭ᠎ᠠ ᠬᠦᠮᠦᠰ ᠢ᠋ ᠤᠯᠵᠦ ᠬᠠᠷᠠᠭᠠᠳ ᠦᠪᠡᠷ ᠤ᠋ᠨ ᠡᠷᠭᠡ ᠦᠬᠡᠢ ᠬᠦᠨᠳᠦᠳᠭᠡᠯ ᠳᠡᠪᠰᠢᠬᠦᠯᠳᠡᠭ᠃ ᠭᠡᠪᠡᠴᠦ᠍ ᠲᠠ ᠠᠷᠢᠭᠤᠳᠬᠠᠯ ᠬᠢᠵᠤ ᠪᠠᠢᠭ᠎ᠠ ᠬᠥᠮᠦᠰ᠎ᠦᠨ ᠠᠷᠤ᠎ᠳᠠᠬᠢ ᠡᠢᠮᠦ ᠨᠢᠬᠡᠨ ᠠᠵᠢᠯ᠎ᠤᠨ ᠡᠩᠨᠡᠭᠡ᠎ᠶ᠋ᠢ ᠣᠯᠵᠤ ᠬᠠᠷᠠᠭ᠎ᠠ ᠦᠬᠡᠢ ᠪᠠᠢᠬ᠎ᠠ᠂ ᠲᠡᠳᠡ ᠮᠥᠨ ᠠᠳᠠᠯᠢᠬᠠᠨ᠎ᠢᠶᠠᠷ ᠪᠦᠬᠦ᠌ ᠬᠦᠴᠦᠨ᠎ᠢᠶᠡᠷ᠎ᠢᠶᠡᠨ ᠴᠢᠷᠮᠠᠢᠵᠤ᠂ ᠴᠠᠭ ᠮᠥᠴᠡ᠎ᠶ᠋ᠢ ᠠᠯᠳᠠᠯ ᠦᠭᠡᠢ ᠮᠡᠳᠡᠭᠡ ᠵᠠᠩᠭᠢ᠎ᠶ᠋ᠢ ᠰᠤᠳᠤᠯᠤᠨ ᠮᠠᠭᠠᠳᠯᠠᠵᠤ᠂ ᠠᠷᠢᠭᠤᠳᠭᠠᠬᠤ ᠡᠭᠦᠷᠭᠡ᠎ᠶ᠋ᠢ ᠳᠣᠷᠣᠭ᠍ᠰᠢ ᠲᠣᠮᠢᠯᠠᠵᠤ᠂ ᠸᠢᠷᠦ᠋ᠰ᠎ᠲᠡᠶ 《ᠤᠷᠤᠯᠳᠤᠭᠠᠨ ᠵᠠᠷᠯᠠᠨ ᠬᠦᠶᠦᠵᠦ》 ᠪᠠᠢᠳᠠᠭ᠃ 2 ᠰᠠᠷ᠎ᠠ᠎ᠶ᠋ᠢᠨ 24᠎ᠦ ᠡᠳᠦᠷ ᠪᠣᠯᠲᠠᠯ᠎ᠠ᠂ ᠬᠥᠬᠡᠬᠣᠲᠠ᠎ᠶ᠋ᠢᠨ᠎ᠬᠢᠨ ᠨᠢᠭᠡᠨᠲᠡ ᠡᠪᠡᠳᠴᠢᠨ ᠎ᠤ ᠵᠢᠱ᠌ᠢᠶ᠎ᠠ ᠵᠢᠨ ᠭᠡᠷ ᠤᠷᠤᠨ ᠵᠢᠴᠢ ᠠᠵᠢᠯᠯᠠᠬᠤ ᠲᠠᠯᠠᠪᠤᠷ᠂ ᠣᠯᠠᠨ ᠨᠡᠢᠲᠡ᠎ᠶ᠋ᠢᠨ ᠲᠠᠯᠠᠪᠤᠷ ᠵᠡᠷᠭᠡ 1015 ᠭᠤᠤᠯᠳᠠᠯᠭ᠎ᠠ᠎ᠲᠠᠶ ᠲᠠᠯᠠᠪᠤᠷ᠎ᠦᠨ ᠠᠷᠢᠭᠤᠳᠭᠠᠬᠤ ᠡᠭᠦᠷᠭᠡ᠎ᠶ᠋ᠢ ᠪᠡᠶᠡᠯᠡᠭᠦᠯᠵᠠᠢ᠃

ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠡᠷᠡᠭ᠌ᠴᠡᠭᠡ᠎ᠶ᠋ᠢ ᠦᠨᠳᠦᠰᠦᠯᠡᠨ᠂ ᠬᠥᠬᠡᠬᠣᠲᠠ᠎ᠳᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠵᠦ ᠠᠷᠢᠭᠤᠳᠬᠠᠯ ᠬᠢᠭᠦ ᠵᠢ ᠵᠢᠯᠣᠭᠣᠳᠭᠤ ᠲᠥᠪ ᠪᠠᠢᠭᠤᠯᠵᠤ᠂ ᠪᠥᠬᠥ᠌ ᠬᠣᠲᠠ᠎ᠶ᠋ᠢᠨ ᠬᠢᠵᠢᠭ᠎ᠲᠦ ᠬᠣᠯᠪᠣᠭ᠍ᠳᠠᠭ᠍ᠰᠠᠨ ᠠᠷᠢᠭᠤᠳᠭᠠᠬᠤ ᠠᠵᠢᠯ᠎ᠢ ᠬᠠᠷᠢᠭᠤᠴᠠᠨ ᠵᠢᠯᠣᠭᠣᠳᠴᠤ᠌ ᠲᠣᠬᠢᠷᠠᠭᠤᠯᠬᠤ ᠪᠤᠯᠵᠠᠢ᠃ ᠵᠢᠯᠣᠭᠣᠳᠭᠤ ᠲᠥᠪ᠎ᠲᠦ ᠮᠡᠳᠡᠭᠡ ᠵᠠᠩᠭᠢ᠎ᠶ᠋ᠢᠨ ᠬᠣᠯᠪᠣᠭ᠎ᠠ ᠠᠪᠬᠤ ᠳᠤᠭᠤᠢᠯᠠᠩ᠂ ᠠᠷᠢᠭᠤᠳᠭᠠᠵᠦ ᠰᠤᠳᠤᠯᠤᠨ ᠮᠠᠭᠠᠳᠯᠠᠬᠤ ᠳᠤᠭᠤᠢᠯᠠᠩ᠂ ᠲᠤᠬᠠᠶ᠎ᠶ᠋ᠢᠨ ᠲᠠᠯᠠᠪᠠᠶ᠎ᠶ᠋ᠢᠨ ᠵᠢᠯᠣᠭᠣᠳᠭᠤ ᠳᠤᠭᠤᠢᠯᠠᠩ᠂ ᠬᠢᠵᠢᠭ᠎ᠲᠦ ᠬᠣᠯᠪᠣᠭ᠍ᠳᠠᠭ᠍ᠰᠠᠨ ᠬᠣᠭ ᠨᠣᠪᠰᠢ᠎ᠶ᠋ᠢ ᠱᠢᠶ᠋ᠳᠪᠦᠷᠢᠯᠡᠬᠦ᠌ ᠵᠢᠯᠣᠭᠣᠳᠭᠤ ᠳᠤᠭᠤᠢᠯᠠᠩ ᠵᠡᠷᠭᠡ 7 ᠳᠤᠭᠤᠢᠯᠠᠩ ᠭᠠᠷᠭᠠᠵᠤ᠂ ᠡᠯ᠎ᠡ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠥᠪ᠂ ᠬᠣᠲᠠ᠎ᠶ᠋ᠢᠨ ᠬᠠᠮᠢᠶᠠᠷᠤᠯᠲᠠ᠎ᠶ᠋ᠢᠨ ᠬᠠᠤᠯᠢ ᠬᠡᠷᠡᠭ᠌ᠵᠢᠭᠦᠯᠬᠦ᠌ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ᠎ᠶ᠋ᠢᠨ ᠲᠣᠪᠴᠢᠶ᠎ᠠ ᠵᠡᠷᠭᠡ ᠨᠢᠭᠡᠴᠢ᠎ᠡᠴᠡ ᠢᠷᠡᠭ᠌ᠰᠡᠨ ᠨᠡᠢᠲᠡ 50 ᠭᠠᠷᠤᠶ ᠠᠵᠢᠯᠲᠠᠨ 24 ᠴᠠᠭ᠎ᠢᠶᠠᠷ ᠡᠭᠡᠯᠵᠢᠯᠡᠨ ᠠᠵᠢᠯᠯᠠᠬᠤ ᠲᠦᠷᠢᠮ᠎ᠢ ᠬᠡᠷᠡᠭ᠌ᠵᠢᠭᠦᠯᠵᠦ᠍᠂ ᠴᠠᠭ ᠲᠤᠬᠠᠶ᠎ᠳᠤᠨᠢ᠂ ᠣᠨᠣᠪᠴᠢᠲᠠᠶ᠂ ᠲᠠᠰᠤᠯᠳᠠᠭᠤᠯᠬᠤ ᠥᠬᠡᠶ ᠪᠡᠷ ᠠᠷᠢᠭᠤᠳᠬᠠᠬᠤ᠎ᠶ᠋ᠢ ᠪᠠᠲᠤᠯᠠᠪᠠ᠃ ᠡᠯ᠎ᠡ ᠳᠤᠭᠤᠢᠯᠠᠩ ᠠᠵᠢᠯ᠎ᠢᠶᠠᠨ ᠬᠤᠪᠢᠶᠠᠷᠢᠯᠠᠨ ᠬᠠᠮᠵᠢᠯᠴᠠᠵᠤ᠂ ᠡᠪᠡᠳᠴᠢᠨ᠎ᠦ ᠵᠢᠱ᠌ᠢᠶ᠎ᠡ᠎ᠶ᠋ᠢᠨ ᠲᠠᠬᠤᠯ ᠡᠪᠡᠳᠴᠢᠨ᠎ᠤ ᠰᠤᠳᠤᠯᠤᠯ᠎ᠤᠨ ᠪᠠᠢᠴᠠᠭᠠᠯᠲᠠ᠎ᠶ᠋ᠢᠨ ᠮᠡᠳᠡᠭᠦᠯᠦᠯᠲᠡ᠎ᠶ᠋ᠢᠨ ᠮᠡᠳᠡᠭᠡ ᠵᠠᠩᠭᠢ᠎ᠶ᠋ᠢ ᠣᠯᠤᠭ᠍ᠰᠠᠨ᠎ᠤ ᠳᠠᠷᠠᠭ᠎ᠠ᠂ ᠬᠢᠵᠢᠭ᠎ᠲᠦ ᠬᠣᠯᠪᠣᠭ᠍ᠳᠠᠭ᠍ᠰᠠᠨ ᠲᠠᠯᠠᠪᠤᠷ ᠭᠠᠵᠠᠷ᠎ᠢ ᠣᠨᠣᠪᠴᠢᠲᠠᠶ ᠰᠤᠳᠤᠯᠤᠨ ᠮᠠᠭᠠᠳᠯᠠᠵᠤ᠂ ᠠᠷᠢᠭᠤᠳᠭᠠᠬᠤ ᠠᠷᠭ᠎ᠠ ᠬᠡᠯᠪᠡᠷᠢ᠂ ᠬᠦᠷᠢᠶ᠎ᠡ ᠬᠡᠪᠴᠢᠶ᠎ᠡ ᠵᠡᠷᠭᠡ ᠮᠡᠳᠡᠭᠡ ᠵᠠᠩᠭᠢ᠎ᠶ᠋ᠢ ᠲᠣᠭ᠍ᠲᠠᠭᠠᠵᠤ᠂ ᠠᠷᠢᠭᠤᠳᠭᠠᠬᠤ ᠡᠭᠦᠷᠭᠡ᠎ᠪᠡᠨ ᠬᠥᠬᠡᠬᠣᠲᠠ᠎ᠶ᠋ᠢᠨ ᠬᠠᠷᠢᠶ᠎ᠠ ᠬᠣᠱᠢᠭᠤ ᠱᠢᠶᠠᠨ ᠲᠣᠭᠣᠷᠢᠭ᠎ᠤᠨ ᠠᠷᠢᠭᠤᠳᠭᠠᠬᠤ ᠲᠤᠰᠭᠠᠶ ᠠᠩᠭᠢ᠎ᠳᠤ ᠣᠨᠣᠪᠴᠢᠲᠠᠶ ᠪᠠᠭᠤᠯᠭᠠᠵᠤ᠂ ᠴᠢᠬᠤᠯᠠ ᠰᠦᠪᠡᠭ᠌ᠴᠢ᠎ᠶ᠋ᠢ ᠣᠷᠬᠢᠭ᠍ᠳᠠᠭᠤᠯᠬᠤ ᠥᠬᠡᠶ ᠪᠠᠢᠬᠤ᠎ᠶ᠋ᠢ ᠦᠨᠡᠨ ᠬᠦ᠌ ᠪᠠᠲᠤᠯᠠᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠵᠦ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面