ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠥᠪᠥᠷ ᠮᠣᠩᠭᠣᠯ·ᠬᠠᠢᠷ᠎ᠠ ᠬᠠᠯᠠᠮᠵᠢ

2022-02-27 11:40:27

ᠵᠣᠬᠢᠶᠠᠭ᠍ᠴᠢ᠄ ᠪᠤᠤ ᠴᠢᠩ ᠱᠧᠩ ᠣᠩᠱᠢᠭ᠍ᠰᠠᠨ ᠣᠳᠠᠭ᠎ᠠ᠄ 3

2᠎ᠰᠠᠷ᠎ᠠ᠎ᠶ᠋ᠢᠨ24 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ᠎ᠤᠨ ᠱᠠᠭᠠᠷᠳᠠᠯᠭ᠎ᠠ ᠪᠡᠷ᠂ ᠲᠦᠩᠯᠢᠶᠣᠤ ᠬᠣᠲᠠ ᠵᠢᠨ ᠡᠯ᠎ᠡ ᠬᠣᠱᠢᠭᠤ ᠱᠢᠶᠠᠨ ᠬᠣᠲᠠ ᠲᠣᠭᠣᠷᠢᠭ᠎ᠠᠴᠠ 73 ᠡᠮᠴᠢ ᠰᠤᠪᠢᠯᠠᠭ᠍ᠴᠢ᠎ᠶ᠋ᠢ ᠰᠤᠩᠭᠤᠨ ᠲᠤᠮᠢᠯᠠᠵᠤ᠂ ᠬᠥᠬᠡᠬᠣᠲᠠ ᠪᠣᠯᠤᠨ ᠪᠤᠭᠤᠲᠤ ᠬᠣᠲᠠ᠎ᠶ᠋ᠢ ᠲᠤᠰᠠᠯᠠᠬᠤ ᠪᠡᠷ ᠮᠤᠷᠳᠠᠪᠠ᠃

ᠣᠢᠯᠠᠭᠠᠭ᠍ᠰᠠᠨ᠎ᠢᠶᠠᠷ ᠂ ᠲᠣᠰ ᠤᠳᠠᠭᠠᠨ᠎ᠤ ᠲᠦᠩᠯᠢᠶᠣᠤ ᠬᠤᠲᠠ᠎ᠶ᠋ᠢᠨ ᠬᠥᠬᠡᠬᠣᠲᠠ᠎ᠶ᠋ᠢ ᠲᠤᠰᠠᠯᠠᠬᠤ ᠬᠦᠨᠳᠦ ᠡᠪᠡᠳᠴᠢᠲᠡᠨ᠎ᠦ ᠡᠮᠴᠢᠯᠡᠭᠡᠨ᠎ᠦ ᠠᠩᠭᠢ ᠨᠢ ᠲᠦᠩᠯᠢᠶᠣᠤ ᠬᠣᠲᠠ᠎ᠶ᠋ᠢᠨ ᠡᠮᠨᠡᠯᠭᠡ᠎ᠶ᠋ᠢᠨ ᠬᠣᠷᠢᠶ᠎ᠠ᠂ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ᠎ᠶ᠋ᠢᠨ ᠬᠠᠷᠢᠶᠠᠲᠤ ᠡᠮᠨᠡᠯᠭᠡ᠎ᠶ᠋ᠢᠨ ᠬᠣᠷᠢᠶ᠎ᠠ᠎ᠶ᠋ᠢᠨ ᠲᠤᠷᠱᠢᠯᠭ᠎ᠠ᠎ᠪᠠᠷ ᠪᠠᠶᠠᠯᠢᠭ 43 ᠡᠮᠴᠢ ᠰᠤᠪᠢᠯᠠᠭ᠍ᠴᠢ᠎ᠪᠠᠷ ᠪᠦᠷᠢᠯᠳᠦᠵᠦ᠍᠂ ᠲᠤᠬᠠᠶ᠎ᠶ᠋ᠢᠨ ᠭᠠᠵᠠᠷ᠎ᠤᠨ ᠬᠦᠨᠳᠦ ᠡᠪᠡᠳᠴᠢᠲᠡᠨ᠎ᠢ ᠠᠪᠤᠷᠠᠨ ᠵᠠᠰᠠᠬᠤ ᠠᠵᠢᠯ᠎ᠢ ᠬᠠᠷᠢᠭᠤᠴᠠᠬᠤ ᠪᠤᠯᠤᠨ᠎ᠠ; ᠲᠦᠩᠯᠢᠶᠣᠤ ᠬᠣᠲᠠ᠎ᠶ᠋ᠢᠨ ᠪᠤᠭᠤᠲᠤ ᠬᠣᠲᠠ᠎ᠶ᠋ᠢ ᠲᠤᠰᠠᠯᠠᠬᠤ ᠪᠥᠭᠡᠮ ᠬᠦᠴᠢᠯ᠎ᠤᠨ ᠪᠠᠢᠴᠠᠭᠠᠯᠲᠠ ᠵᠢᠨ ᠡᠮᠴᠢᠯᠡᠭᠡᠨ᠎ᠦ ᠠᠩᠭᠢ ᠨᠢ ᠲᠦᠩᠯᠢᠶᠣᠤ ᠬᠣᠲᠠ᠎ᠶ᠋ᠢᠨ ᠬᠣᠶᠠᠳᠤᠭᠠᠷ ᠠᠷᠠᠳ᠎ᠤᠨ ᠡᠮᠨᠡᠯᠭᠡ᠎ᠶ᠋ᠢᠨ ᠬᠣᠷᠢᠶ᠎ᠠ᠂ ᠲᠦᠩᠯᠢᠶᠣᠤ ᠬᠣᠲᠠ᠎ᠶ᠋ᠢᠨ ᠮᠡᠳᠡᠷᠡᠯ᠎ᠦᠨ ᠡᠷᠡᠭᠦᠯ ᠬᠠᠮᠠᠭᠠᠯᠠᠯ᠎ᠤᠨ ᠲᠥᠪ᠂ ᠲᠦᠩᠯᠢᠶᠣᠤ ᠬᠣᠲᠠ᠎ᠶ᠋ᠢᠨ ᠮᠣᠩᠭᠣᠯ ᠡᠮᠨᠡᠯᠭᠡ᠎ᠶ᠋ᠢᠨ ᠬᠣᠷᠢᠶ᠎ᠠ ᠵᠢᠴᠢ ᠬᠣᠷᠴᠢᠨ ᠲᠣᠭᠣᠷᠢᠭ᠂ ᠬᠣᠷᠴᠢᠨ ᠵᠡᠭᠦᠨ ᠭᠠᠷᠤᠨ ᠳᠤᠮᠳᠠᠳᠤ ᠬᠣᠱᠢᠭᠤ᠂᠎ᠺᠠᠢᠯᠦ᠍ ᠱᠢᠶᠠᠨ᠂ ᠵᠠᠷᠤᠳ ᠬᠣᠱᠢᠭᠤᠨ᠎ᠤ ᠡᠯ᠎ᠡ ᠡᠮᠴᠢᠯᠡᠭᠡᠨ᠎ᠤ ᠪᠠᠢᠭᠤᠯᠤᠮᠵᠢ᠎ᠶ᠋ᠢᠨ 30 ᠡᠮᠴᠢᠯᠡᠭᠡᠨ᠎ᠦ ᠮᠡᠷᠭᠡᠵᠢᠯᠲᠡᠨ᠎ᠢᠶᠡᠷ ᠪᠦᠷᠢᠯᠳᠦᠵᠦ᠍᠂ ᠲᠤᠬᠠᠶ᠎ᠶ᠋ᠢᠨ ᠭᠠᠵᠠᠷ᠎ᠤᠨ ᠪᠥᠭᠡᠮ ᠬᠦᠴᠢᠯ᠎ᠤᠨ ᠪᠠᠢᠴᠠᠭᠠᠯᠲᠠ ᠵᠢᠨ ᠠᠵᠢᠯ᠎ᠢ ᠬᠠᠷᠢᠭᠤᠴᠠᠬᠤ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面