2022-02-27 11:39:16
ᠣᠷᠣᠨ᠎ᠤ ᠲᠥᠪ ᠬᠦᠬᠡᠬᠤᠳᠠ ᠵᠢᠨ ᠰᠢᠨ᠎ᠡ ᠲᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠳᠠᠢᠯᠠᠯᠳᠤᠭᠠᠨ᠎ᠢ ᠰᠠᠢᠲᠤᠷ ᠬᠢᠬᠦ᠌᠎ᠶ᠋ᠢ ᠪᠦᠬᠦ᠌ ᠬᠦᠴᠦᠨ᠎ᠢᠶᠡᠷ᠎ᠢᠶᠡᠨ ᠳᠡᠮᠵᠢᠬᠦ᠌᠎ᠶ᠋ᠢᠨ ᠲᠥᠯᠥᠭᠡ᠂ 2 ᠰᠠᠷ᠎ᠠ᠎ᠶ᠋ᠢᠨ 23᠎ᠤ᠋ 19 ᠴᠠᠭ 30 ᠮᠢᠨᠦ᠋ᠲ᠎ᠲᠦ᠍᠂ ᠱᠢᠯᠢ᠎ᠶ᠋ᠢᠨ ᠭᠣᠣᠯ ᠠᠢᠮᠠᠭ᠎ᠤᠨ 93 ᠬᠥᠮᠦᠨ᠎ᠢᠶᠡᠷ ᠪᠦᠷᠢᠯᠳᠦᠭ᠌ᠰᠡᠨ ᠡᠮᠴᠢᠯᠡᠭᠡᠨ᠎ᠦ ᠠᠩᠬᠢ ᠬᠥᠬᠡᠬᠣᠲᠠ ᠵᠢ ᠵᠤᠷᠢᠪᠡ᠃ ᠢᠡᠭᠭᠢᠭᠰᠡᠨ ᠵᠢᠠᠷ ᠱᠢᠯᠢ ᠶ᠋ᠢᠨ ᠭᠣᠣᠯ ᠠᠢᠮᠠᠭ ᠡᠴᠡ ᠬᠥᠬᠡᠬᠣᠲᠠ᠎ᠳᠤ ᠪᠠᠴᠢᠮ ᠲᠤᠮᠢᠯᠠᠨ ᠤᠴᠢᠭᠤᠯᠤᠭᠰᠠᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠪᠦᠯᠬᠦᠮ᠎ᠤᠨ ᠬᠥᠮᠦᠨ᠎ᠦ ᠲᠣᠭ᠎ᠠ ᠨᠡᠢᠳᠡ 254 ᠪᠣᠯᠵᠠᠶ᠃
2 ᠰᠠᠷ᠎ᠠ᠎ᠶ᠋ᠢᠨ 23 ᠤ᠋ ᠣᠷᠣᠶ ᠬᠥᠬᠡᠬᠣᠲᠠ᠎ᠶ᠋ᠢ ᠲᠤᠰᠠᠯᠠᠬᠤ ᠪᠡᠷ ᠮᠤᠷᠳᠠᠭᠰᠠᠨ ᠡᠮᠴᠢᠯᠡᠭᠡᠨ᠎ᠦ ᠠᠩᠭᠢ᠎ᠶ᠋ᠢᠨ 93 ᠡᠮᠴᠢ ᠰᠤᠪᠢᠯᠠᠭ᠍ᠴᠢ ᠪᠤᠯ ᠲᠣᠰ ᠲᠣᠰ ᠱᠢᠯᠢ᠎ᠶ᠋ᠢᠨ ᠭᠣᠸ᠋ᠯ ᠠᠢᠮᠠᠭ᠎ᠤᠨ ᠲᠥᠪ ᠡᠮᠨᠡᠯᠭᠡ᠎ᠶ᠋ᠢᠨ ᠬᠣᠷᠢᠶ᠎ᠠ᠂ ᠮᠣᠩᠭᠣᠯ ᠡᠮᠨᠡᠯᠭᠡ᠎ᠶ᠋ᠢᠨ ᠬᠣᠷᠢᠶ᠎ᠠ᠂ ᠡᠬᠡ ᠨᠢᠯᠬᠠᠰ᠎ᠤᠨ ᠡᠷᠡᠭᠦᠯᠵᠢᠯ᠎ᠦᠨ ᠡᠮᠨᠡᠯᠭᠡ᠎ᠶ᠋ᠢᠨ ᠬᠣᠷᠢᠶ᠎ᠠ᠂ ᠠᠨ ᠱᠸᠨ ᠡᠮᠨᠡᠯᠭᠡ᠎ᠶ᠋ᠢᠨ ᠬᠣᠷᠢᠶ᠎ᠠ ᠪᠠ 3 ᠬᠣᠱᠢᠭᠤ ᠱᠢᠶᠠᠨ᠎ᠤ ᠡᠮᠨᠡᠯᠭᠡ᠎ᠶ᠋ᠢᠨ ᠬᠣᠷᠢᠶ᠎ᠠ ᠡᠴᠡ ᠬᠦᠷᠦᠯᠴᠡᠨ ᠢᠷᠡᠵᠡᠢ᠃ ᠡᠳᠡᠭᠡᠷ ᠡᠮᠴᠢ ᠰᠤᠪᠢᠯᠠᠭᠴᠢ ᠵᠢᠨ ᠵᠠᠷᠢᠮ ᠨᠢ ᠬᠤᠪᠸᠢ ᠮᠤᠵᠢ᠂ ᠮᠠᠨᠵᠤᠤᠷ ᠬᠤᠳᠠ᠂ ᠡᠷᠢᠶᠡᠨ ᠬᠤᠳᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠵᠦ ᠠᠪᠤᠷᠠᠨ ᠲᠤᠰᠠᠯᠠᠬᠤ ᠠᠵᠢᠯ ᠳ᠋ᠤ ᠤᠷᠤᠯᠴᠠᠬᠰᠠᠠ ᠵᠢᠡᠷ ᠪᠠᠷᠠᠬᠤ ᠦᠬᠡᠢ᠂ ᠵᠤᠡᠭᠭᠢᠯᠠᠬᠤ ᠨᠢ ᠴᠦᠮ 2020 ᠣᠨ ᠳ᠋ᠤ ᠱᠢᠯᠢᠩᠬᠣᠲᠠ᠎ᠶ᠋ᠢᠨ ᠰᠢᠨ᠎ᠡ ᠲᠢᠳᠢᠮᠯᠢᠭ ᠠᠭᠤᠰᠬᠢᠨ ᠦᠷᠪᠢᠰᠤᠯ᠎ᠤᠨ ᠬᠠᠯᠳᠠᠪᠤᠷᠢᠲᠤ ᠡᠪᠡᠳᠴᠢᠨ ᠵᠢᠡᠷ ᠣᠨᠣᠱᠢᠯᠠᠭ᠍ᠳᠠᠭᠰᠠᠨ ᠡᠪᠡᠳᠴᠢᠲᠡᠨ᠎ᠢ ᠠᠪᠤᠷᠠᠨ ᠵᠠᠰᠠᠬᠤ ᠠᠵᠢᠯ ᠳ᠋ᠤ ᠤᠷᠤᠯᠴᠠᠵᠠᠢ᠃
ᠡᠭᠦᠨ᠎ᠡᠴᠡ ᠡᠮᠦᠨ᠎ᠡ᠂ ᠱᠢᠯᠢ᠎ᠶ᠋ᠢᠨ ᠭᠣᠸ᠋ᠯ ᠠᠢᠮᠠᠭ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠢ ᠪᠦᠬᠦ᠌ ᠬᠦᠴᠦᠨ᠎ᠢᠶᠡᠷ᠎ᠢᠶᠡᠨ ᠳᠡᠮᠵᠢᠬᠦ᠌ ᠪᠡᠷ 2 ᠰᠠᠷ᠎ᠠ᠎ᠶ᠋ᠢᠨ 19᠎ᠡᠴᠡ 22 ᠤ᠋ᠠ ᠡᠳᠦᠷ ᠪᠤᠯᠳᠠᠯ᠎ᠠ᠂ ᠤᠷᠢᠳ ᠬᠣᠵᠢᠳ ᠬᠠᠯᠳᠠᠪᠤᠷᠢᠳᠤ ᠡᠪᠡᠳᠴᠢᠨ᠎ᠤ ᠬᠠᠮᠢᠶᠠᠷᠤᠯᠳᠠ ᠵᠢᠨ 1 ᠠᠵᠢᠯᠳᠠᠨ᠂ ᠡᠷᠡᠭᠦᠯ ᠬᠠᠮᠠᠭᠠᠯᠠᠯ᠎ᠤᠨ ᠬᠢᠨᠠᠯᠲᠠ ᠲᠠᠯᠪᠢᠬᠤ 2 ᠠᠵᠢᠯᠲᠠᠨ᠂ ᠪᠦᠭᠡᠮ ᠬᠦᠴᠢᠯ᠎ᠦᠨ ᠪᠠᠢᠴᠠᠭᠠᠯᠳᠠ ᠵᠢᠨ 20 ᠠᠵᠢᠯᠲᠠᠨ᠂ ᠬᠠᠯᠳᠠᠪᠤᠷᠢᠳᠤ ᠡᠪᠡᠳᠴᠢᠨ᠎ᠤ ᠲᠠᠷᠬᠠᠯᠳᠠ ᠵᠢ ᠪᠠᠢᠴᠠᠭᠠᠬᠤ 30 ᠠᠵᠢᠯᠳᠠᠨ᠂ ᠪᠦᠭᠡᠮ ᠬᠦᠴᠢᠯ᠎ᠤᠨ ᠪᠠᠢᠴᠠᠭᠠᠯᠳᠠ ᠵᠢᠨ ᠦᠯᠢᠭᠡᠷ ᠠᠪᠬᠤ100 ᠠᠵᠢᠯᠳᠠᠨ ᠵᠡᠷᠭᠡ 153 ᠡᠮᠴᠢ ᠰᠤᠪᠢᠯᠠᠭᠴᠢ ᠠᠵᠢᠯᠳᠠᠨ᠎ᠢ ᠬᠥᠬᠡᠬᠣᠲᠠ᠎ᠳᠤ ᠤᠴᠢᠭᠤᠯᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠳᠤ ᠣᠷᠣᠯᠴᠠᠭᠤᠯᠪᠠ᠃ ᠡᠬᠦᠠ ᠡᠴᠡ ᠭᠠᠳᠠᠨ᠎ᠠ ᠪᠠᠰᠠ 4 ᠰᠦᠬᠡᠷᠬᠦ ᠳᠠᠷᠤᠴᠠᠳᠤ ᠲᠦᠷᠭᠡᠨ ᠠᠪᠤᠷᠠᠯᠳᠠ᠎ᠶ᠋ᠢᠨ ᠲᠡᠷᠭᠡ ᠪᠠ 8 ᠲᠦᠷᠭᠡᠨ ᠠᠪᠤᠷᠠᠯᠳᠠ᠎ᠶ᠋ᠢᠨ ᠲᠡᠷᠭᠡᠨ᠎ᠦ ᠵᠢᠯᠣᠭᠣᠴᠢ᠎ᠶ᠋ᠢ ᠬᠥᠬᠡᠬᠣᠲᠠ᠎ᠳᠤ ᠲᠣᠮᠢᠯᠠᠵᠤ ᠡᠪᠡᠳᠴᠢᠲᠡᠨ᠎ᠢ ᠱᠢᠯᠵᠢᠭᠦᠯᠦᠨ ᠵᠥᠭᠡᠭᠡᠪᠦᠷᠢᠯᠡᠬᠦ᠌ ᠵᠡᠷᠭᠡ ᠠᠵᠢᠯ᠎ᠳᠤ ᠲᠤᠰᠠᠯᠠᠭᠤᠯᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃