2022-02-28 09:54:17
2 ᠰᠠᠷ᠎ᠠ᠎ᠶ᠋ᠢᠨ 25 ᠤ᠋ ᠡᠳᠦᠷ᠂ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠤᠯᠠᠭᠠᠨ ᠵᠠᠭᠠᠯᠮᠠᠢ᠌ᠳᠠᠨ᠎ᠤ ᠨᠡᠢᠭᠡᠮᠯᠢᠭ᠎ᠡᠴᠡ ᠣᠢᠯᠠᠭᠠᠭ᠍ᠰᠠᠨ᠎ᠢᠶᠠᠷ᠂ 2 ᠰᠠᠷ᠎ᠠ᠎ᠶ᠋ᠢᠨ 24 ᠤ᠋ ᠡᠳᠦᠷ᠎ᠦᠨ 11 ᠴᠠᠭ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠤᠯᠠᠭᠠᠨ ᠵᠠᠭᠠᠯᠮᠠᠢ᠌ᠳᠠᠨ᠎ᠤ ᠨᠡᠢᠭᠡᠮᠯᠢᠭ ᠪᠣᠯᠤᠨ ᠬᠥᠬᠡᠬᠣᠲᠠ᠂ ᠪᠤᠭᠤᠲᠤ ᠬᠤᠳᠠ᠎ᠶ᠋ᠢᠨ ᠤᠯᠠᠭᠠᠨ ᠵᠠᠭᠠᠯᠮᠠᠢ᠌ᠳᠠᠨ᠎ᠤ ᠨᠡᠢᠭᠡᠮᠯᠢᠭ ᠬᠢᠵᠢᠭ᠎ᠲᠡᠶ ᠲᠡᠮᠡᠴᠡᠬᠦ᠌᠎ᠳᠦ ᠵᠤᠷᠢᠭᠤᠯᠤᠭᠰᠠᠨ ᠡᠯ᠎ᠡ ᠡᠳᠡᠭᠡᠳ᠎ᠤᠨ ᠬᠠᠨᠳᠢᠪᠯᠠᠬᠰᠠᠨ 10102.87 ᠲᠦᠮᠡᠨ ᠲᠥᠭᠥᠷᠢᠭ᠎ᠤᠨ ᠵᠤᠭᠤᠰ ᠮᠦᠩᠬᠦ ᠪᠠ ᠡᠳ᠋ ᠪᠣᠳᠠᠰ᠎ᠢ ᠬᠦᠯᠢᠶᠡᠨ ᠠᠪᠴᠠᠢ᠂ ᠡᠭᠦᠨ᠎ᠳᠦ 9442.93 ᠲᠦᠮᠡᠨ ᠲᠥᠭᠥᠷᠢᠭ ᠪᠡᠯᠡᠨ ᠮᠦᠩᠬᠦ ᠪᠤᠯᠤᠨ 659.93 ᠲᠦᠮᠡᠨ ᠲᠥᠭᠥᠷᠢᠭ᠎ᠤᠨ ᠦᠷᠳᠡᠭ ᠪᠦᠬᠦᠢ ᠡᠳ᠋ ᠪᠣᠳᠠᠰ ᠪᠤᠢ᠃ ᠥᠪᠡᠷᠲᠡᠭᠡᠨ ᠵᠠᠰᠠᠬᠤ ᠣᠷᠣᠨ᠎ᠤ ᠳᠤᠰ ᠱᠠᠳᠤᠨ ᠤ᠋ ᠤᠯᠠᠭᠠᠨ ᠵᠠᠭᠠᠯᠮᠠᠢᠲᠠᠨ᠎ᠤ ᠨᠡᠢᠭᠡᠮᠯᠢᠭ᠎ᠦᠨ ᠬᠦᠯᠢᠶᠡᠨ ᠠᠪᠤᠬᠰᠠᠨ ᠵᠤᠭᠤᠰ ᠮᠦᠩᠬᠦ ᠪᠠ ᠡᠳ᠋ ᠪᠤᠳᠠᠰ 6876.16 ᠲᠦᠮᠡᠨ ᠲᠥᠭᠥᠷᠢᠭ᠎ᠲᠤ᠌ ᠬᠦᠷᠴᠤ᠂ ᠡᠭᠦᠨ᠎ᠳᠦ 6636.49 ᠲᠦᠮᠡᠨ ᠲᠥᠭᠥᠷᠢᠭ ᠪᠡᠯᠡᠨ ᠮᠦᠩᠬᠦ ᠪᠤᠯᠤᠨ 239.67 ᠲᠦᠮᠡᠨ ᠲᠥᠭᠥᠷᠢᠭ᠎ᠤᠨ ᠦᠷᠳᠡᠭ ᠪᠦᠬᠦᠢ ᠡᠳ᠋ ᠪᠤᠳᠠᠰ ᠪᠤᠢ᠃
ᠳᠤᠰ ᠡᠬᠡᠯᠵᠢ ᠵᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ ᠡᠬᠦᠰᠦᠭᠰᠡᠨ ᠡᠴᠡ ᠨᠠᠭᠠᠰᠢ᠂ ᠨᠢᠭᠡ ᠪᠦᠯᠦᠭ ᠠᠵᠤ ᠠᠬᠤᠢᠯᠠᠯ ᠬᠡᠬᠦᠳᠡᠭ ᠴᠡᠭᠡᠵᠢᠨ᠎ᠳᠡᠭᠡᠨ ᠶᠡᠬᠡ ᠲᠠᠯ᠎ᠠ᠎ᠶ᠋ᠢ ᠪᠠᠭ᠍ᠲᠠᠭᠠᠵᠤ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠨ᠂ ᠢᠳᠡᠪᠬᠢᠲᠡᠢ᠎ᠪᠡᠷ ᠵᠣᠭᠣᠰ ᠮᠥᠩᠭᠥ᠌ ᠪᠠ ᠡᠳ᠋ ᠪᠣᠳᠠᠰ ᠬᠠᠨᠳᠢᠪᠯᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠢᠯᠡᠳᠦᠯᠭᠡᠵᠢᠭᠦᠯᠵᠦ᠍᠂ ᠨᠡᠢᠭᠡᠮ᠎ᠦᠨ ᠡᠯ᠎ᠡ ᠡᠲᠡᠭᠡᠳ᠎ᠦᠨ ᠬᠢᠨ ᠬᠠᠢᠷ᠎ᠠ ᠬᠠᠯᠠᠮᠵᠢ᠎ᠪᠠᠨ ᠢᠳᠡᠪᠬᠢᠲᠡᠢ ᠡᠷᠭᠦᠵᠦ᠍᠂ ᠬᠢᠵᠢᠭ᠎ᠲᠡᠶ ᠲᠡᠮᠡᠴᠡᠬᠦ᠌ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠪᠠ᠃ ᠡᠭᠦᠨ᠎ᠳᠦ᠂ ᠥᠪᠥᠷ ᠮᠣᠩᠭᠣᠯ᠎ᠤᠨ ᠬᠣᠶ ᠨᠧᠩ ᠨᠡᠭᠦᠷᠡᠰᠦ ᠴᠠᠬᠢᠯᠭᠠᠨ᠎ᠤ ᠪᠦᠯᠦᠭ᠌ᠯᠡᠯ᠎ᠡᠴᠡ ᠥᠪᠡᠷᠲᠡᠭᠡᠨ ᠵᠠᠰᠠᠬᠤ ᠣᠷᠣᠨ᠎ᠤ ᠤᠯᠠᠭᠠᠨ ᠵᠠᠭᠠᠯᠮᠠᠢᠲᠠᠨ᠎ᠤ ᠨᠡᠢᠭᠡᠮᠯᠢᠭ᠎ᠲᠦ 3000 ᠲᠦᠮᠡᠨ ᠲᠥᠭᠥᠷᠢᠭ᠂ ᠥᠪᠥᠷ ᠮᠣᠩᠭᠣᠯ᠎ᠤᠨ ᠢ᠎ᠲᠡᠶ ᠪᠦᠯᠦᠭ᠌ᠯᠡᠯ᠎ᠡᠴᠡ 2000 ᠲᠦᠮᠡᠨ ᠲᠥᠭᠥᠷᠢᠭ᠂ ᠪᠤᠭᠤᠲᠤ᠎ᠶ᠋ᠢᠨ ᠪᠣᠯᠣᠳ ᠲᠡᠮᠦᠷ (ᠪᠦᠯᠦᠭ᠌ᠯᠡᠯ)᠎ᠤ᠋ᠨ ᠬᠢᠵᠠᠭᠠᠷᠲᠤ ᠺᠣᠮᠫᠠᠨᠢ᠎ᠡᠴᠡ 1000 ᠲᠦᠮᠡᠨ ᠲᠥᠭᠥᠷᠢᠭ ᠬᠠᠨᠳᠢᠪᠯᠠᠪᠠ; ᠣᠷᠳᠣᠰ᠎ᠤᠨ ᠤᠯᠠᠭᠠᠨ ᠪᠦᠯᠦᠭ᠌ᠯᠡᠯ ᠬᠥᠬᠡᠬᠣᠲᠠ᠎ᠶ᠋ᠢᠨ ᠤᠯᠠᠭᠠᠨ ᠵᠠᠭᠠᠯᠮᠠᠢᠲᠠᠨ᠎ᠤ ᠨᠡᠢᠭᠡᠮᠯᠢᠭ᠎ᠲᠦ 1000 ᠲᠦᠮᠡᠨ ᠲᠥᠭᠥᠷᠢᠭ ᠬᠠᠨᠳᠢᠪᠯᠠᠪᠠ᠃
ᠥᠪᠡᠷᠲᠡᠭᠡᠨ ᠵᠠᠰᠠᠬᠤ ᠣᠷᠣᠨ᠎ᠤ ᠤᠯᠠᠭᠠᠨ ᠵᠠᠭᠠᠯᠮᠠᠢᠲᠠᠨ᠎ᠤ ᠨᠡᠢᠭᠡᠮᠯᠢᠭ᠎ᠦᠨ ᠬᠤᠯᠪᠤᠬᠳᠠᠯ ᠪᠥᠬᠥᠶ ᠬᠠᠷᠢᠭᠤᠴᠠᠯᠭᠠᠲᠠᠨ ᠡᠴᠨ ᠬᠠᠨᠳᠢᠪᠯᠠᠭ᠍ᠰᠠᠨ ᠲᠠᠯ᠎ᠠ᠎ᠶ᠋ᠢᠨ ᠬᠦᠰᠡᠯ ᠡᠷᠡᠮᠡᠯᠵᠡᠯ ᠶᠣᠰᠣᠭᠠᠷ᠂ ᠡᠯ᠎ᠡ ᠱᠠᠲᠤᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢᠯᠣᠭᠣᠳᠭᠤ ᠭᠠᠵᠠᠷ᠎ᠤᠨ ᠨᠢᠭᠡᠳᠦᠯᠲᠡᠶ ᠲᠣᠬᠢᠷᠠᠭᠤᠯᠤᠯᠲᠠ ᠳᠤᠤᠷ᠎ᠠ᠂ ᠬᠠᠨᠳᠢᠪᠯᠠᠭ᠍ᠰᠠᠨ ᠡᠳ᠋ ᠪᠣᠳᠠᠰ᠎ᠢ ᠪᠦᠬᠦᠨ᠎ᠢ ᠲᠦᠷᠭᠡᠨ ᠣᠷᠣᠭᠤᠯᠵᠤ ᠲᠦᠷᠬᠡᠨ ᠲᠠᠷᠬᠠᠭᠠᠵᠤ ᠬᠢᠵᠢᠭ᠎ᠲᠡᠶ ᠲᠡᠮᠡᠴᠡᠬᠦ᠌ ᠡᠮᠦᠨ᠎ᠡ ᠹᠷᠣᠨᠲ᠎ᠲᠤ ᠬᠦᠷᠭᠡᠵᠤ᠂ ᠬᠠᠨᠳᠢᠪᠯᠠᠭ᠍ᠰᠠᠨ ᠪᠠᠯᠠ ᠮᠥᠩᠭᠥ᠎ᠶ᠋ᠢ ᠶᠠᠭ ᠡᠮᠬᠢ ᠵᠢᠷᠤᠮ᠎ᠲᠠᠶ ᠪᠡᠷ ᠵᠠᠷᠤᠯᠭ᠎ᠠ ᠳ᠋ᠤ ᠬᠡᠷᠡᠭᠯᠡᠵᠦ ᠪᠠᠢᠨ᠎ᠠ᠃ ᠡᠯ᠎ᠡ ᠱᠠᠲᠤᠨ᠎ᠤ ᠤᠯᠠᠭᠠᠨ ᠵᠠᠭᠠᠯᠮᠠᠢ᠌ᠳᠠᠨ᠎ᠤ ᠨᠡᠢᠭᠡᠮᠯᠢᠭ᠎ᠦᠨ ᠬᠢᠨ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠦᠷᠭᠦᠯᠵᠢᠯᠡᠨ ᠪᠠᠷᠢᠮᠲᠠᠯᠠᠵᠤ᠂ 《ᠬᠣᠶᠠᠷ᠎ᠢ ᠢᠯᠡ ᠪᠣᠯᠭᠠᠬᠤ᠂ ᠬᠣᠶᠠᠷ᠎ᠢ ᠲᠤᠳᠤᠷᠬᠠᠢ ᠪᠠᠢᠯᠭᠠᠬᠤ》 ᠵᠢ ᠪᠡᠶᠡᠯᠡᠭᠦᠯᠵᠦ᠍᠂ ᠲᠤᠰᠭᠠᠢ ᠵᠣᠭᠣᠰ ᠮᠦᠩᠬᠦ ᠵᠢ ᠲᠤᠰᠭᠠᠢ ᠵᠦᠢᠯ ᠳ᠋ᠤ ᠬᠡᠷᠡᠭ᠌ᠯᠡᠵᠦ᠍᠂ ᠲᠦᠷᠭᠡᠨ ᠣᠷᠣᠭᠤᠯᠵᠤ ᠲᠦᠷᠭᠡᠨ ᠰᠢᠯᠵᠢᠬᠦᠯᠤᠨ ᠥᠭ᠌ᠴᠦ᠂ ᠡᠳ᠋ ᠪᠣᠳᠠᠰ᠎ᠢ ᠶᠠᠪᠤᠭᠤᠯᠵᠤ ᠳᠠᠩᠰᠠᠠ ᠬᠠᠷ᠎ᠠ ᠵᠢ ᠲᠣᠳᠣᠷᠬᠠᠢᠯᠠᠨ᠂ ᠵᠣᠭᠣᠰ ᠮᠥᠩᠭᠥ᠌᠂ ᠡᠳ᠋ ᠪᠣᠳᠠᠰ᠎ᠢ ᠬᠦᠯᠢᠶᠡᠨ ᠠᠪᠤᠭ᠍ᠰᠠᠨ ᠪᠠ ᠬᠡᠷᠡᠭ᠌ᠯᠡᠭ᠌ᠰᠡᠨ ᠪᠠᠢᠳᠠᠯ᠎ᠢ ᠴᠠᠭ ᠲᠤᠬᠠᠢᠳᠤᠨᠢ ᠨᠡᠢᠲᠡᠯᠡᠵᠦ᠍᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠣᠷᠢᠭ᠍ᠯᠠᠯᠲᠠ᠎ᠶ᠋ᠢᠨ ᠳᠠᠢᠯᠠᠯᠳᠤᠭᠠᠨ᠎ᠤ ᠢᠯᠠᠯᠲᠠ᠎ᠶ᠋ᠢ ᠤᠯᠬᠤ᠎ᠳᠤ ᠬᠦᠴᠦᠨ ᠴᠢᠳᠠᠯ᠎ᠢᠶᠠᠨ ᠡᠷᠭᠦᠵᠠᠢ ᠭᠡᠵᠤ ᠲᠠᠨᠢᠯᠴᠠᠭᠤᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃