ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠥᠪᠥᠷ ᠮᠣᠩᠭᠣᠯ·ᠬᠠᠢᠷ᠎ᠠ ᠬᠠᠯᠠᠮᠵᠢ

2022-02-28 09:43:27

ᠵᠣᠬᠢᠶᠠᠭ᠍ᠴᠢ᠄ ᠵᠸᠩ ᠰᠢᠣᠸᠠᠢ ᠯᠢᠶᠠᠩ ᠸᠠᠩ ᠶᠠ ᠵᠢᠩ ᠣᠩᠱᠢᠭ᠍ᠰᠠᠨ ᠣᠳᠠᠭ᠎ᠠ᠄ 3

ᠪᠦᠬᠦ ᠬᠤᠳᠠ᠎ᠵᠢᠨ ᠲᠠᠢᠯᠠᠯᠲᠣᠭᠠᠨ

ᠭᠡᠨᠡᠳᠲᠡ ᠨᠦᠷᠢᠨ ᠪᠠᠭᠤᠭᠰᠠᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠲᠠᠯ᠎ᠤᠨ ᠡᠮᠦᠨ᠎ᠡ᠂ ᠬᠥᠬᠡᠬᠣᠲᠠ᠎ᠶ᠋ᠢᠨ᠎ᠬᠢᠨ ᠪᠠᠴᠢᠮ ᠬᠥᠳᠡᠯᠦᠯᠴᠡᠵᠦ᠍᠂ ᠲᠦᠮᠡᠨ ᠣᠯᠠᠨ᠎ᠢᠶᠠᠷ᠎ᠢᠶᠠᠨ ᠰᠡᠳᠭᠢᠯ ᠨᠢᠭᠡᠳᠦᠨ ᠬᠦᠴᠤᠨ᠎ᠵᠢᠡᠨ ᠬᠠᠮᠳᠤᠳᠬᠠᠵᠤ᠂ ᠬᠡᠷ ᠣᠷᠣᠨ᠎ᠢᠶᠠᠨ ᠬᠠᠮᠠᠭᠠᠯᠠᠨ᠎ᠠ᠃

ᠬᠠᠪᠤᠷ᠎ᠤᠨ ᠵᠢᠭᠡᠬᠥᠨ᠎ᠳᠤ᠂ ᠬᠦᠬᠡᠬᠤᠳᠠ᠎ᠵᠢᠨ ᠬᠢᠨ ᠬᠢᠵᠢᠭ ᠲᠠᠢ ᠲᠡᠮᠡᠴᠡᠬᠦ ᠪᠦᠬᠦ ᠬᠤᠳᠠ᠎ᠵᠢᠨ ᠲᠠᠢᠯᠠᠯᠲᠣᠭᠠᠨ᠎ᠢ ᠡᠬᠢᠯᠡᠬᠦᠯᠤᠯ᠎ᠠ᠃

ᠪᠣᠰᠢᠭᠣᠯᠠ᠂ ᠪᠠᠰᠠ ᠵᠢᠭᠠᠬᠠᠨ ᠪᠣᠰᠢᠭᠣᠯᠠ!

2ᠰᠠᠷ᠎ᠠ᠎ᠶ᠋ᠢᠨ16᠎ᠤ᠋᠎ᠡᠳᠦᠷ᠂᠎ᠬᠥᠬᠡᠬᠣᠲᠠ ᠎ᠵᠢᠨ ᠬᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠣᠨᠣᠱᠢᠯᠠᠭ᠍ᠳᠠᠭᠰᠠᠨ ᠡᠪᠡᠳᠴᠢᠨ᠎ᠦ ᠵᠢᠱ᠌ᠢᠶ᠎ᠠ᠎ᠵᠢ ᠢᠯᠡᠷᠡᠬᠦᠯᠪᠠ᠎ᠭᠡᠵᠤ ᠨᠡᠢᠲᠡᠯᠡᠵᠠᠢ᠃

2 ᠰᠠᠷ᠎ᠠ᠎ᠶ᠋ᠢᠨ 24 ᠎ᠤ᠋ ᠦᠳᠡ᠎ᠶ᠋ᠢᠨ ᠬᠣᠢᠨ᠎ᠠ᠂ ᠬᠥᠬᠡᠬᠣᠲᠠ᠎ᠶ᠋ᠢᠨ ᠲᠣᠰ ᠡᠭᠡᠯᠵᠢ᠎ᠵᠢᠨ ᠬᠢᠵᠢᠭ ᠲᠦ᠍ ᠨᠡᠷᠪᠡᠭᠲᠡᠭᠰᠡᠨ ᠲᠦᠷᠦᠭᠦᠦ ᠪᠦᠯᠦᠭ᠎ᠤᠨ 9 ᠲᠤᠬᠠᠶ᠎ᠶ᠋ᠢᠨ ᠭᠠᠵᠠᠷ᠎ᠤᠨ ᠣᠨᠣᠱᠢᠯᠠᠭ᠍ᠳᠠᠭ᠍ᠰᠠᠨ ᠡᠪᠡᠳᠴᠢᠲᠡᠨ ᠡᠳᠡᠭᠡᠷᠡᠵᠤ ᠡᠮᠨᠡᠯᠭᠡ᠎ᠡᠴᠡ ᠭᠠᠷᠪᠠ᠂ ᠡᠬᠦᠨ ᠳ᠋ᠦ ᠬᠠᠮᠤᠭ᠎ᠤᠨ ᠶᠡᠭᠡ᠎ᠨᠢ 82 ᠨᠠᠰᠤᠲᠠᠶ᠂ ᠬᠠᠮᠤᠭ᠎ᠤᠨ ᠪᠠᠭ᠎ᠠ᠎ᠨᠢ 19 ᠨᠠᠰᠤᠲᠠᠶ ᠪᠠᠢᠪᠠ᠃

《ᠲᠡᠳᠡᠨ᠎ᠦ ᠡᠮᠨᠡᠯᠭᠡ᠎ᠡᠴᠡ ᠭᠠᠷᠤᠭ᠍ᠰᠠᠨ᠎ᠨᠢ ᠪᠢᠳᠡᠨ᠎ᠤ ᠡᠨᠡ ᠤᠳᠠᠭ᠎ᠠ᠎ᠶ᠋ᠢᠨ ᠡᠮᠴᠢᠯᠡᠭᠡᠨ᠎ᠦ ᠠᠪᠤᠷᠠᠨ ᠵᠠᠰᠠᠬᠤ ᠠᠵᠢᠯ ᠠᠩᠬ᠎ᠠ ᠠᠯᠬᠤᠮ᠎ᠤᠨ ᠦᠷ᠎ᠡ ᠪᠦᠲᠦᠭᠡᠯ ᠣᠯᠤᠭ᠍ᠰᠠᠨ᠎ᠢ ᠬᠠᠷᠠᠭᠤᠯᠵᠤ ᠪᠠᠢᠨ᠎ᠠ》 ᠭᠡᠵᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢ ᠡᠮᠨᠡᠨ ᠵᠠᠰᠠᠬᠤ ᠲᠤᠰᠭᠠᠶ ᠮᠡᠷᠭᠡᠵᠢᠯᠲᠡᠨ᠎ᠦ ᠳᠤᠭᠤᠢᠯᠠᠩ᠎ᠤᠨ ᠳᠠᠷᠤᠭ᠎ᠠ ᠰᠦᠨ ᠳ᠋ᠸ ᠵᠢᠶᠦ᠋ᠨ ᠬᠡᠯᠡᠵᠦ ᠪᠠᠢᠯ᠎ᠠ᠃

ᠲᠤᠰ ᠡᠭᠡᠯᠵᠢ᠎ᠵᠢᠨ ᠬᠢᠵᠢᠭ᠎ᠦᠨ ᠪᠠᠢᠳᠠᠯ ᠡᠭᠦᠰᠦᠭ᠌ᠰᠡᠨ᠎ᠡᠴᠡ ᠨᠠᠭᠠᠰᠢ᠂ ᠲᠠᠬᠤᠯ ᠡᠪᠡᠳᠴᠢᠨ᠎ᠦ ᠪᠠᠢᠴᠠᠭᠠᠯᠲᠠ᠎ᠶ᠋ᠢᠨ ᠡᠬᠢ ᠰᠤᠷᠪᠤᠯᠵᠢ᠎ᠵᠢ᠎ᠨᠢ ᠮᠦᠷᠲᠡᠬᠦ ᠡᠴᠡ ᠡᠬᠢᠯᠡᠭᠡᠳ ᠬᠤᠲᠠ᠎ᠶ᠋ᠢᠨ ᠬᠠᠮᠢᠶᠠᠷᠤᠨ ᠡᠵᠡᠮᠳᠡᠯ ᠬᠦᠷᠲᠡᠯ᠎ᠡ᠂ ᠡᠪᠡᠳᠴᠢᠲᠡᠨ᠎ᠢ ᠠᠪᠤᠷᠠᠨ ᠡᠮᠨᠡᠬᠦ᠌᠎ᠡᠴᠡ ᠪᠢᠲᠡᠭᠦᠮᠵᠢᠯᠡᠨ ᠡᠵᠡᠮᠳᠡᠬᠦ᠌ ᠣᠷᠣᠨ᠎ᠢ ᠪᠠᠲᠤᠯᠠᠬᠤ ᠬᠦᠷᠲᠡᠯ᠎ᠡ᠂ ᠬᠥᠬᠡᠬᠣᠲᠠ᠎ᠵᠢᠨ ᠬᠢᠨ ᠴᠠᠭ᠎ᠮᠦᠴᠡ ᠲᠠᠢ ᠣᠷᠣᠯᠲᠣᠨ᠂ ᠬᠤᠷᠳᠤᠴᠠ᠎ᠪᠠᠨ ᠲᠦᠷᠭᠡᠳᠭᠡᠵᠦ᠍᠂ ᠪᠦᠬᠦ᠌ ᠬᠦᠴᠦᠨ᠎ᠢᠶᠡᠷ᠎ᠢᠶᠡᠨ ᠬᠢᠵᠢᠭ ᠲᠠᠢ ᠲᠡᠮᠡᠴᠡᠵᠤ ᠢᠷᠠᠯ᠎ᠠ᠃

2 ᠰᠠᠷ᠎ᠠ᠎ᠶ᠋ᠢᠨ 17 ᠎ᠤ᠋ ᠡᠳᠦᠷ᠎ᠦᠨ 14 ᠴᠠᠭ᠎ᠠᠴᠠ 20 ᠴᠠᠭ ᠪᠣᠯᠲᠠᠯ᠎ᠠ᠂ ᠭᠤᠤᠯᠳᠠᠯᠭ᠎ᠠ᠎ᠲᠠᠶ ᠣᠷᠣᠨ ᠪᠦᠰᠡ᠎ᠶ᠋ᠢᠨ ᠬᠥᠮᠦᠰ ᠲᠸ᠋ ᠪᠥᠭᠡᠮ ᠬᠦᠴᠢᠯ᠎ᠦᠨ ᠪᠠᠢᠴᠠᠭᠠᠯᠲᠠ ᠬᠢᠪᠡ;

2 ᠰᠠᠷ᠎ᠠ᠎ᠶ᠋ᠢᠨ 19 ᠎ᠤ᠋ ᠡᠳᠦᠷ᠂ 21᠎ᠤ᠋ ᠡᠳᠦᠷ᠂ ᠬᠣᠶᠠᠳᠤᠭᠠᠷ ᠡᠭᠡᠯᠵᠢ᠎ᠶ᠋ᠢᠨ᠂ ᠭᠤᠷᠪᠠᠳᠤᠭᠠᠷ ᠡᠭᠡᠯᠵᠢ᠎ᠶ᠋ᠢᠨ ᠪᠥᠭᠡᠮ ᠬᠦᠴᠢᠯ᠎ᠦᠨ ᠪᠠᠢᠴᠠᠭᠠᠯᠲᠠ ᠬᠢᠪᠠ;

2 ᠰᠠᠷ᠎ᠠ᠎ᠶ᠋ᠢᠨ 22 ᠎ᠤ᠋ᠨ ᠡᠳᠦᠷ᠎ᠦᠨ 9 ᠴᠠᠭ᠎ᠠᠴᠠ 2 ᠰᠠᠷ᠎ᠠ᠎ᠶ᠋ᠢᠨ 23 ᠎ᠤ᠋ ᠡᠳᠦᠷ᠎ᠦᠨ 9 ᠴᠠᠭ ᠪᠣᠯᠲᠠᠯ᠎ᠠ᠂ ᠳᠥᠷᠪᠡᠳᠦᠭᠡᠷ ᠡᠭᠡᠯᠵᠢ᠎ᠶ᠋ᠢᠨ ᠪᠥᠭᠡᠮ ᠬᠦᠴᠢᠯ᠎ᠦᠨ ᠪᠠᠢᠴᠠᠭᠠᠯᠲᠠ ᠬᠢᠵᠦ᠂ ᠪᠢᠴᠢᠬᠠᠨ ᠨᠠᠭᠠᠯᠲᠠ ᠣᠯᠭᠣᠵᠤ᠂ ᠬᠣᠲᠠ᠎ᠶ᠋ᠢᠨ ᠠᠷᠠᠳ᠎ᠤᠨ ᠶᠠᠪᠤᠵᠤ ᠰᠠᠭᠤᠬᠤ᠎ᠳᠤ ᠲᠥᠬᠥᠮ ᠦᠵᠡᠬᠦᠯᠪᠡ;

2 ᠰᠠᠷ᠎ᠠ᠎ᠶ᠋ᠢᠨ 23 ᠎ᠤ᠋ ᠡᠳᠦᠷ᠎ᠦᠨ 7 ᠴᠠᠭ᠎ᠠᠴᠠ 24 ᠎ᠤ᠋ ᠡᠳᠦᠷ᠎ᠦᠨ 7 ᠴᠠᠭ ᠪᠣᠯᠲᠠᠯ᠎ᠠ᠂ ᠲᠠᠪᠤᠳᠤᠭᠠᠷ ᠡᠭᠡᠯᠵᠢ᠎ᠶ᠋ᠢᠨ ᠪᠥᠭᠡᠮ ᠬᠦᠴᠢᠯ᠎ᠦᠨ ᠪᠠᠢᠴᠠᠭᠠᠯᠲᠠ ᠬᠢᠪᠡ; ᠲᠤᠰ ᠡᠳᠦᠷ᠎ᠦᠨ 8 ᠴᠠᠭ᠎ᠠᠴᠠ ᠡᠬᠢᠯᠡᠨ ᠤᠯᠠᠨ ᠲᠦᠮᠡᠨ᠎ᠤ ᠭᠡᠷᠡᠭᠴᠡᠭᠡ᠎ᠵᠢ ᠬᠦᠢᠴᠡᠳ ᠤᠢᠯᠠᠭᠠᠨ ᠦᠪᠡᠷᠮᠢᠴᠠ ᠦᠢᠯᠡᠴᠢᠯᠡᠭᠡ ᠬᠠᠡᠭᠭᠠᠵᠤ᠂ ᠶᠠᠪᠣᠵᠦ ᠰᠠᠭᠣᠬᠣ᠎ᠳᠤ ᠳᠥᠭᠥᠮ ᠦᠭᠡᠢ ᠬᠤᠳᠠ᠎ᠶ᠋ᠢᠨ ᠠᠷᠠᠳ᠎ᠤᠨ ᠭᠡᠷ᠎ᠵᠢᠡᠷ ᠬᠦᠷᠴᠦ᠍ ᠪᠥᠭᠡᠮ ᠬᠦᠴᠢᠯ᠎ᠦᠨ ᠪᠠᠢᠴᠠᠭᠠᠯᠲᠠ ᠬᠢᠬᠦ ᠦᠢᠯᠡᠴᠢᠯᠡᠭᠡ ᠬᠠᠩᠭᠠᠵᠤ᠂ ᠪᠠᠢᠴᠠᠭᠠᠬᠤ ᠴᠢᠬᠣᠯᠠᠲᠠᠢ᠎ᠶ᠋ᠢ ᠨᠢ ᠪᠦᠬᠦᠨ᠎ᠢ ᠪᠠᠢᠴᠠᠭᠠᠬᠤ᠎ᠪᠠᠷ ᠬᠦᠴᠤᠯᠠᠪᠠ;

ᠵᠢᠷᠭᠤᠳᠤᠭᠠᠷ ᠡᠭᠡᠯᠵᠢ᠂ ᠳᠣᠯᠣᠳᠤᠭᠠᠷ ᠡᠭᠡᠯᠵᠢ᠂ ᠨᠠᠶ᠋ᠮᠠᠳᠤᠭᠠᠷ ᠡᠭᠡᠯᠵᠢ ᠁ ᠪᠦᠭᠡᠮ ᠬᠦᠴᠢᠯ᠎ᠤᠨ ᠪᠠᠢᠴᠠᠭᠠᠯᠲᠠ ᠦᠷᠬᠦᠯᠵᠢᠯᠡᠨ ᠶᠠᠪᠣᠬᠲᠠᠵᠦ᠂ ᠪᠢᠴᠢᠬᠠᠨ ᠨᠠᠭᠠᠯᠲᠠ ᠨᠢ ᠬᠣᠲᠠ᠎ᠶ᠋ᠢᠨ ᠠᠷᠠᠳ᠎ᠤᠨ ᠨᠠᠢᠵᠠ᠎ᠶ᠋ᠢᠨ ᠲᠣᠭᠣᠷᠢᠭ ᠲᠠᠭᠠᠨ ᠰᠠᠴᠤᠬᠤ ᠬᠠᠯᠠᠮᠰᠢᠯ ᠵᠢᠷᠤᠭ ᠪᠤᠯᠤᠭᠰᠠᠨ ᠪᠠᠢᠨ᠎ᠠ᠃

ᠴᠠᠭ ᠮᠥᠴᠡ᠎ᠲᠡᠶ ᠤᠷᠤᠯᠳᠤᠵᠤ᠂ ᠸᠢᠷᠦ᠋ᠰ᠎ᠲᠡᠶ ᠲᠡᠮᠡᠴᠡᠬᠥ ᠳ᠋ᠦ᠂ ᠪᠦᠬᠦ᠌ ᠬᠤᠲᠠ᠎ᠪᠠᠷ᠎ᠢᠶᠠᠨ ᠨᠢᠭᠡᠳᠦᠯᠲᠡᠢ ᠲᠥᠯᠥᠪᠵᠢᠭᠦᠯᠬᠦ᠌᠎ᠪᠡᠷ ᠪᠠᠷᠠᠬᠤ ᠦᠭᠡᠢ ᠪᠠᠰᠠ ᠱᠢᠨᠵᠢᠯᠡᠬᠦ᠌ ᠤᠬᠠᠭᠠᠨᠴᠢ ᠠᠷᠭ᠎ᠠ ᠪᠠᠷᠢᠯ ᠪᠠ ᠪᠣᠳᠠᠲᠤ ᠬᠦᠴᠦᠨ᠎ᠲᠡᠶ ᠪᠠᠢᠬᠤ ᠬᠡᠷᠡᠭ᠌ᠲᠡᠢ᠃

ᠭᠤᠷᠪᠠᠳᠤᠭᠠᠷ ᠡᠭᠡᠯᠵᠢ᠎ᠶ᠋ᠢᠨ ᠪᠦᠭᠡᠮ ᠬᠦᠴᠢᠯ᠎ᠤᠨ ᠪᠠᠢᠴᠠᠭᠠᠯᠲᠠ᠎ᠶᠢᠨ ᠬᠤᠭᠤᠴᠠᠭᠠᠨ᠎ᠳᠤ᠂ ᠬᠥᠬᠡᠬᠣᠲᠠ᠎ᠵᠢᠨ ᠬᠢᠨ ᠪᠥᠬᠥ᠌ ᠣᠷᠣᠨ᠎ᠠᠴᠠ 200 ᠭᠠᠷᠤᠶ ᠲᠤᠷᠱᠢᠯᠲᠠ᠎ᠶ᠋ᠢᠨ ᠲᠠᠰᠤᠭ᠎ᠤᠨ ᠱᠢᠯᠭᠠᠨ ᠪᠠᠢᠴᠠᠭᠠᠬᠤ ᠠᠵᠢᠯᠲᠠᠨ᠎ᠢ ᠱᠢᠯᠵᠢᠭᠦᠯᠦᠨ ᠴᠤᠭ᠍ᠯᠠᠭᠤᠯᠵᠤ᠂ ᠭᠤᠷᠪᠠᠳᠠᠭ᠍ᠴᠢ ᠡᠲᠡᠭᠡᠳ᠎ᠤᠨ 9 ᠱᠢᠯᠭᠠᠨ ᠪᠠᠢᠴᠠᠭᠠᠬᠤ ᠪᠠᠢᠭᠤᠯᠤᠮᠵᠢ᠎ᠶ᠋ᠢ ᠵᠣᠬᠢᠴᠠᠭᠤᠯᠤᠨ᠂ 5 ᠲᠤᠷᠱᠢᠯᠲᠠ᠎ᠶ᠋ᠢᠨ ᠲᠠᠰᠤᠭ ᠨᠡᠭᠡᠭᠡᠵᠦ᠍᠂ 11 PCR ᠴᠢᠩᠭᠡᠯᠢᠭ ᠪᠠ 2 ᠬᠡᠢᠲᠦ ᠵᠠᠭ᠍ᠪᠤᠷ᠎ᠤᠨ ᠲᠤᠷᠱᠢᠯᠲᠠ᠎ᠶ᠋ᠢᠨ ᠲᠠᠰᠤᠭ᠎ᠢ ᠰᠢᠯᠢᠵᠦ᠂ ᠡᠳᠦᠷ᠎ᠦᠨ ᠱᠢᠯᠭᠠᠨ ᠪᠠᠢᠴᠠᠭᠠᠬᠤ ᠴᠢᠳᠠᠪᠤᠷᠢ᠎ᠨᠢ 36.5 ᠲᠦᠮᠡᠨ ᠬᠣᠭᠣᠯᠠᠶ᠎ᠳᠤ ᠬᠦᠷᠴᠦ᠍᠂ ᠬᠣᠶᠠᠳᠤᠭᠠᠷ ᠡᠭᠡᠯᠵᠢ᠎ᠶ᠋ᠢᠨ᠎ᠬᠢ᠎ᠡᠴᠡ 1.5 ᠲᠦᠮᠡᠨ ᠬᠣᠭᠣᠯᠠᠶ ᠨᠡᠮᠡᠭ᠌ᠳᠡᠪᠡ᠃

2 ᠰᠠᠷ᠎ᠠ᠎ᠶᠢᠨ 17 ᠤ᠋ ᠡᠳᠦᠷ᠂ ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠬᠢᠨ ᠨᠢᠭᠡ ᠯᠡ ᠡᠳᠦᠷ᠎ᠦᠨ ᠬᠤᠭᠤᠴᠠᠭᠠᠨ᠎ᠳᠤ ᠤᠯᠠᠨ᠎ᠤᠯᠤᠰ᠎ᠤᠨ ᠬᠣᠷᠠᠯ ᠦᠵᠡᠰᠭᠦᠯᠡᠩ᠎ᠦᠨ ᠲᠥᠪ᠎ᠦᠨ ᠴᠢᠩᠭᠡᠯᠢᠭ ᠲᠤᠷᠱᠢᠯᠲᠠ᠎ᠶ᠋ᠢᠨ ᠲᠠᠰᠤᠭ᠎ᠤᠨ ᠪᠥᠭᠡᠮ ᠬᠦᠴᠢᠯ᠎ᠢ ᠪᠠᠢᠴᠠᠭᠠᠬᠤ ᠰᠠᠭᠤᠷᠢᠨ ᠪᠠᠢᠭᠤᠯᠬᠤ᠂ ᠲᠣᠨᠣᠬ ᠲᠥᠬᠥᠭᠡᠷᠦᠮᠵᠢ᠎ᠶ᠋ᠢ ᠲᠤᠬᠢᠷᠠᠭᠤᠯᠤᠨ ᠲᠤᠷᠱᠢᠬᠤ ᠵᠡᠷᠭᠡ ᠠᠵᠢᠯ᠎ᠢ ᠪᠡᠶᠡᠯᠡᠭᠦᠯᠵᠦ᠍᠂ ᠲᠡᠷᠡ ᠳᠠᠷᠤᠢ᠎ᠳᠤᠨᠢ ᠠᠱᠢᠭ᠍ᠯᠠᠯᠲᠠ᠎ᠳᠤ ᠣᠷᠣᠭᠣᠯᠵᠤ᠂ ᠡᠳᠦᠷ ᠪᠦᠷᠢ᠎ᠶ᠋ᠢᠨ ᠬᠠᠮᠤᠭ᠎ᠤᠨ ᠶᠡᠬᠡ ᠱᠢᠯᠭᠠᠨ ᠪᠠᠢᠴᠠᠭᠠᠬᠤ ᠴᠢᠳᠠᠪᠤᠷᠢ ᠨᠢ 100 ᠲᠦᠮᠡᠨ ᠬᠥᠮᠦᠨ᠎ᠳᠦ ᠬᠦᠷᠴᠡᠢ᠃

2 ᠰᠠᠷ᠎ᠠ᠎ᠶ᠋ᠢᠨ 18 ᠎ᠤ᠋ ᠡᠳᠦᠷ᠂ ᠬᠥᠬᠡᠬᠣᠲᠠ᠎ᠶ᠋ᠢᠨ ᠬᠣᠲᠠ᠎ᠶ᠋ᠢᠨ ᠪᠠᠯᠠ ᠣᠷᠣᠭᠤᠯᠤᠯᠲᠠ ᠪᠥᠲᠥᠭᠡᠨ ᠪᠠᠢᠭᠤᠯᠤᠯᠲᠠ᠎ᠶ᠋ᠢᠨ ᠪᠦᠯᠦᠭ᠌ᠯᠡᠯ᠎ᠦᠨ ᠬᠢᠵᠠᠭᠠᠷᠲᠤ ᠺᠣᠮᠫᠠᠨᠢ᠎ᠵᠢᠨ ᠬᠢᠨ 216 ᠠᠵᠢᠯᠲᠠᠨ᠎ᠶ᠋ᠢᠡᠨ ᠬᠥᠳᠡᠯᠭᠡᠵᠦ ᠰᠥᠨᠢᠵᠢᠨ ᠠᠵᠢᠯᠯᠠᠵᠤ᠂ ᠪᠥᠭᠡᠮ ᠬᠦᠴᠢᠯ᠎ᠢ ᠪᠠᠢᠴᠠᠭᠠᠬᠤ 5 ᠴᠢᠩᠭᠡᠯᠢᠭ ᠲᠤᠷᠱᠢᠯᠲᠠ᠎ᠶ᠋ᠢᠨ ᠲᠠᠰᠤᠭ᠎ᠤᠨ ᠪᠥᠲᠥᠭᠡᠨ ᠪᠠᠢᠭᠤᠯᠤᠯᠲᠠ᠎ᠶ᠋ᠢ ᠪᠡᠶᠡᠯᠡᠭᠦᠯᠪᠡ᠃

ᠡᠭᠦᠨ᠎ᠦ ᠬᠠᠮᠲᠤ᠂ ᠬᠥᠬᠡᠬᠣᠲᠠ᠎ᠵᠢᠨ ᠬᠢᠨ ᠪᠦᠬᠦ ᠬᠦᠴᠦᠨ ᠶ᠋ᠢᠡᠷ ᠶ᠋ᠢᠡᠨ《ᠬᠢᠵᠢᠭ ᠲᠦ᠍ ᠨᠡᠷᠪᠡᠭᠲᠡᠭᠰᠡᠨ ᠡᠪᠡᠳᠴᠢᠲᠡᠨ》᠎ᠢ ᠣᠨᠣᠰᠢᠯᠠᠨ ᠲᠣᠲᠣᠯᠠᠬᠣ ᠬᠤᠷᠳᠤᠴᠠ ᠪᠠᠨ ᠳᠡᠭᠡᠭ᠌ᠰᠢᠯᠡᠭᠦᠯᠵᠦ᠍᠂ ᠬᠣᠯᠢᠮᠠᠭ ᠬᠣᠭᠣᠯᠠᠶ᠎ᠶ᠋ᠢᠨ ᠠᠷᠭ᠎ᠠ ᠴᠢᠨᠠᠷ᠎ᠢ ᠲᠠᠩ ᠬᠣᠭᠣᠯᠠᠶ᠎ᠪᠠᠷ ᠳᠠᠬᠢᠨ ᠬᠢᠨᠠᠬᠤ ᠭᠣᠭ᠍ᠴᠣᠭ᠎ᠠ᠎ᠳᠤ ᠴᠢᠭ᠌ᠯᠡᠭᠦᠯᠦᠨ᠂ ᠵᠢᠯᠣᠭᠣᠳᠣᠯᠭ᠎ᠠ᠎ᠶ᠋ᠢ ᠦᠨᠡᠨ ᠪᠣᠳᠠᠲᠠᠶ ᠬᠢᠬᠦ᠌᠂ ᠬᠠᠮᠢᠶᠠᠷᠤᠯᠲᠠ᠎ᠶ᠋ᠢ ᠬᠡᠯᠬᠢᠶᠡᠵᠢᠭᠦᠯᠬᠦ᠌᠂ ᠴᠤᠪᠤᠷᠠᠯ᠎ᠢ ᠪᠠᠷᠢᠮᠵᠢᠶᠠᠵᠢᠭᠤᠯᠬᠤ᠎ᠶ᠋ᠢ ᠪᠡᠶᠡᠯᠡᠭᠦᠯᠵᠦ᠍᠂ ᠪᠥᠭᠡᠮ ᠬᠦᠴᠢᠯ᠎ᠦᠨ ᠲᠠᠩ ᠬᠡᠮᠵᠢᠯᠲᠡ᠎ᠶ᠋ᠢᠨ ᠳ᠋ᠦᠩ᠎ᠢ 6 ᠴᠠᠭ᠎ᠠᠴᠠ ᠦᠯᠦ ᠬᠡᠲᠦᠷᠡᠭᠦᠯᠪᠡ᠃

ᠪᠠᠲᠤᠯᠠᠨ᠎ᠠ᠂ ᠲᠠᠬᠢᠨ ᠯᠠᠪᠲᠠᠭᠣᠨ ᠪᠠᠲᠤᠯᠠᠨ᠎ᠠ!

ᠬᠢᠵᠢᠭ᠎ᠲᠡᠶ ᠲᠡᠮᠡᠴᠡᠬᠦ ᠳ᠋ᠦ ᠪᠠᠲᠤᠯᠠᠭ᠎ᠠ ᠪᠣᠯ ᠣᠷᠢᠲᠠᠯ᠃ ᠬᠥᠬᠡᠬᠣᠲᠠ᠎ᠶᠢᠨ ᠬᠢᠨ ᠬᠤᠳᠠ᠎ᠶ᠋ᠢᠨ ᠠᠷᠠᠳ᠎ᠤᠨ ᠠᠮᠢᠳᠤᠷᠠᠯ᠎ᠤᠨ ᠡᠳ᠋ ᠪᠣᠳᠠᠰ᠎ᠤᠨ ᠪᠠᠲᠤᠯᠠᠭ᠎ᠠ᠎ᠠᠴᠠ ᠤᠰᠤ᠂ ᠳᠤᠯᠠᠭᠠᠯᠠᠮᠵᠢ᠂ ᠴᠠᠬᠢᠯᠭᠠᠨ ᠬᠠᠩᠭᠠᠬᠣ᠂ ᠡᠪᠡᠳᠴᠢᠨ ᠦᠵᠡᠭᠦᠯᠬᠦ᠌᠂ ᠰᠤᠷᠭᠠᠭᠤᠯᠢ᠎ᠳᠤ ᠣᠷᠣᠬᠤ ᠵᠡᠷᠭᠡ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠬᠦᠷᠲᠡᠯ᠎ᠡ ᠠᠯᠲᠠᠯ ᠦᠭᠡᠢ ᠪᠣᠲᠠᠲᠠᠢᠵᠢᠭᠣᠯᠵᠦ᠂ ᠠᠯᠬᠤᠮ ᠠᠯᠬᠤᠮ᠎ᠢᠶᠠᠷ ᠨᠠᠢᠲᠠᠪᠣᠷᠢᠵᠢᠭᠣᠯᠪᠠ᠃

ᠬᠢᠵᠢᠭ᠎ᠦᠨ ᠪᠠᠢᠳᠠᠯ ᠭᠠᠷᠤᠭᠰᠠᠨ᠎ᠡᠴᠡ ᠨᠠᠭᠠᠰᠢ᠂ ᠬᠥᠬᠡᠬᠣᠲᠠ᠎ᠶ᠋ᠢᠨ ᠲᠠᠷᠢᠶᠠᠯᠠᠩ᠎ᠤᠨ ᠪᠥᠭᠡᠮ᠎ᠢᠶᠡᠷ ᠬᠤᠳᠠᠯᠳᠤᠬᠤ ᠲᠣᠮᠣ ᠬᠡᠯᠪᠡᠷᠢ᠎ᠶ᠋ᠢᠨ 4 ᠵᠠᠬ᠎ᠠ ᠳᠡᠯᠭᠡᠭᠦᠷ᠎ᠤᠨ ᠢᠳᠡᠱᠢᠨ ᠨᠣᠭᠣᠭ᠎ᠠ᠎ᠶ᠋ᠢᠨ ᠡᠳᠦᠷ ᠳᠤᠮᠳᠠᠴᠢ᠎ᠶ᠋ᠢᠨ ᠪᠠᠷᠠᠭ᠎ᠠ ᠣᠷᠣᠭᠤᠯᠬᠤ ᠬᠡᠮᠵᠢᠶ᠎ᠡ 1200 ᠲᠣᠨ᠎ᠠᠴᠠ ᠳᠡᠭᠡᠭ᠌ᠰᠢ ᠪᠠᠢᠬᠤ᠎ᠶ᠋ᠢ ᠪᠠᠲᠤᠯᠠᠵᠤ᠂ ᠪᠠᠷᠠᠭᠠᠨ᠎ᠤ ᠢᠷᠡᠯᠲᠡ᠎ᠶ᠋ᠢᠨ ᠠᠷᠭ᠎ᠠ ᠵᠠᠮ᠎ᠢ ᠰᠠᠭᠠᠳ᠎ᠥᠬᠡᠶ ᠨᠡᠪᠲᠡᠷᠡᠭᠦᠯᠪᠡ;ᠮᠢᠬᠠᠨ᠎ᠤ ᠵᠦᠶ᠋ᠯ᠂ ᠠᠮᠤ ᠲᠣᠰᠣ ᠵᠡᠷᠭᠡ ᠠᠮᠢᠳᠤᠷᠠᠯ᠎ᠤᠨ ᠡᠳ᠋ ᠪᠣᠳᠠᠰ᠎ᠤᠨ ᠬᠥᠮᠥᠷᠭᠡᠯᠡᠯᠲᠡ ᠭᠦᠶ᠋ᠴᠡᠳ᠂ ᠬᠠᠩᠭᠠᠯᠭ᠎ᠠ᠎ᠶᠢ ᠪᠦᠷᠢᠨ ᠪᠠᠲᠤᠯᠠᠪᠠ᠃

ᠡᠭᠦᠨ᠎ᠦ ᠬᠠᠮᠲᠤ᠂ ᠨᠢᠭᠡ ᠪᠦᠯᠦᠭ ᠪᠢᠲᠡᠭᠦᠮᠵᠢᠯᠡᠨ ᠡᠵᠡᠮᠳᠡᠬᠦ᠌ ᠣᠷᠣᠨ᠂ ᠬᠠᠮᠢᠶᠠᠷᠤᠨ ᠡᠵᠡᠮᠳᠡᠬᠦ᠌ ᠣᠷᠣᠨ᠎ᠤ ᠰᠠᠭᠤᠭᠠᠯᠢ ᠠᠷᠠᠳ᠎ᠤᠨ ᠠᠮᠢᠳᠤᠷᠠᠯ᠎ᠢ ᠪᠠᠲᠤᠯᠠᠬᠤ ᠣᠨᠣᠪᠴᠢᠲᠠᠶ ᠦᠶ᠋ᠯᠡᠴᠢᠯᠡᠭᠡᠨ᠎ᠦ ᠠᠷᠭ᠎ᠠ ᠬᠡᠮᠵᠢᠶ᠎ᠡ᠎ᠶ᠋ᠢ ᠵᠠᠯᠭᠠᠭ᠎ᠠ᠎ᠪᠠᠷ ᠬᠡᠷᠡᠭ᠌ᠵᠢᠭᠦᠯᠪᠡ᠄

ᠪᠢᠲᠡᠭᠦᠮᠵᠢᠯᠡᠨ ᠡᠵᠡᠮᠳᠡᠬᠦ᠌ ᠣᠷᠣᠨ᠎ᠳᠤ᠂ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠤᠭ᠍ᠰᠠᠨ ᠪᠠᠢᠳᠠᠯ ᠳᠤᠤᠷ᠎ᠠ᠂ ᠡᠳ᠋ ᠪᠣᠳᠠᠰ᠎ᠢ ᠰᠠᠭᠤᠭᠠᠯᠢ ᠠᠷᠠᠳ᠎ᠤᠨ ᠬᠡᠷ᠎ᠦᠨ ᠡᠭᠦᠳᠡᠨ᠎ᠳᠦ ᠲᠠᠯᠪᠢᠵᠤ᠂ ᠬᠦᠷᠦᠯᠴᠡᠬᠦ᠌ ᠥᠬᠡᠶ᠎ᠪᠡᠷ ᠲᠣᠬᠢᠷᠠᠭᠤᠯᠤᠨ ᠬᠦᠷᠭᠡᠬᠦ᠌᠎ᠶ᠋ᠢ ᠪᠡᠶᠡᠯᠡᠭᠦᠯᠪᠡ;

ᠬᠠᠮᠢᠶᠠᠷᠤᠨ ᠡᠵᠡᠮᠳᠡᠬᠦ᠌ ᠣᠷᠣᠨ᠎ᠳᠤ᠂ ᠲᠥᠪᠯᠡᠷᠡᠭᠦᠯᠦᠨ ᠲᠠᠷᠬᠠᠭᠠᠬᠤ ᠴᠡᠭ ᠡᠴᠡ ᠬᠦᠷᠴᠤ ᠠᠪᠬᠣ ᠠᠷᠭ᠎ᠠ ᠬᠡᠷᠡᠭᠵᠢᠬᠦᠯᠵᠦ᠂ ᠰᠠᠭᠣᠭ᠎ᠠ ᠠᠰᠠᠷ᠂ ᠪᠦᠯᠦᠭ ᠤᠳᠠᠭ᠎ᠠ᠂ ᠴᠠᠭ ᠬᠤᠭᠤᠴᠠᠭ᠎ᠠ ᠬᠤᠪᠢᠶᠠᠨ ᠰᠠᠭᠤᠭᠠᠯᠢ ᠠᠷᠠᠳ᠎ᠲᠤ ᠮᠡᠳᠡᠭ᠌ᠳᠡᠵᠦ᠍᠂ ᠬᠥᠮᠦᠨ ᠬᠠᠷ᠎ᠠ ᠴᠤᠭ᠍ᠯᠠᠷᠠᠬᠤ᠎ᠠᠴᠠ ᠵᠠᠢᠯᠠᠰᠭᠢᠪᠡ;

ᠬᠥᠳᠡᠯᠵᠦ᠍ ᠪᠠᠷᠢᠬᠤ᠎ᠳᠤ ᠳᠥᠭᠥᠮ ᠦᠭᠡᠢ᠂ ᠤᠷᠲᠤ ᠬᠤᠭᠤᠴᠠᠭ᠎ᠠ᠎ᠪᠠᠷ ᠡᠪᠡᠳᠴᠢᠯᠡᠭ᠌ᠰᠡᠨ᠂ ᠭᠠᠭ᠍ᠴᠠᠭᠠᠷ ᠰᠠᠭᠤᠭ᠎ᠠ ᠥᠨᠳᠥᠷ ᠨᠠᠰᠤᠲᠠᠶ ᠰᠠᠭᠤᠭᠠᠯᠢ ᠠᠷᠠᠳ᠎ᠲᠤ ᠴᠢᠭ᠌ᠯᠡᠭᠦᠯᠦᠨ᠂ 《ᠬᠣᠯᠪᠣᠭ᠎ᠠ ᠪᠣᠯᠬᠣ》ᠠᠷᠭ᠎ᠠ ᠮᠠᠶᠢᠭ᠎ᠢᠶᠠᠷ ᠳᠠᠮᠵᠢᠭᠤᠯᠵᠦ᠂ ᠨᠡᠢᠭᠡᠮ ᠲᠣᠭᠣᠷᠢᠭ᠎ᠤᠨ ᠠᠵᠢᠯᠲᠠᠨ᠂ ᠰᠠᠢᠨ ᠳᠤᠷᠠᠴᠤᠳ᠎ᠢ ᠲᠣᠬᠢᠷᠠᠭᠣᠯᠣᠨ ᠦᠢᠯᠡᠴᠢᠯᠡᠭᠡ ᠬᠠᠩᠭᠠᠪᠠ᠃

ᠪᠢᠲᠡᠭᠦᠮᠵᠢᠯᠡᠨ ᠡᠵᠡᠮᠳᠡᠬᠦ᠌ ᠣᠷᠣᠨ᠂ ᠬᠠᠮᠢᠶᠠᠷᠤᠨ ᠡᠵᠡᠮᠳᠡᠬᠦ᠌ ᠣᠷᠣᠨ᠎ᠤ ᠰᠠᠭᠤᠭᠠᠯᠢ ᠠᠷᠠᠳ ᠬᠡᠷᠬᠢᠨ ᠡᠪᠡᠳᠴᠢᠨ ᠦᠵᠡᠭᠦᠯᠬᠦ᠌ ᠪᠣᠶ? ᠬᠥᠬᠡᠬᠣᠲᠠ ᠪᠠᠰᠠ ᠣᠨᠣᠪᠴᠢᠲᠠᠶ ᠲᠣᠬᠢᠷᠠᠭᠤᠯᠤᠯᠲᠠ ᠬᠢᠪᠠ᠃

ᠪᠢᠲᠡᠭᠦᠮᠵᠢᠯᠡᠨ ᠡᠵᠡᠮᠳᠡᠬᠦ᠌ ᠣᠷᠣᠨ᠂ ᠬᠠᠮᠢᠶᠠᠷᠤᠨ ᠡᠵᠡᠮᠳᠡᠬᠦ᠌ ᠣᠷᠣᠨ ᠪᠠ ᠲᠤᠰᠠᠭᠠᠷᠯᠠᠬᠤ ᠪᠠᠭᠤᠳᠠᠯ᠎ᠳᠤ ᠡᠮᠴᠢᠯᠡᠭᠡᠨ᠎ᠦ ᠪᠠᠲᠤᠯᠠᠭ᠎ᠠ᠎ᠶ᠋ᠢᠨ ᠳᠤᠭᠤᠢᠯᠠᠩ ᠪᠠᠢᠭᠤᠯᠵᠤ᠂ ᠲᠤᠤᠷᠵᠢᠭᠤᠯᠤᠯᠳᠠ᠎ᠵᠢᠨ ᠬᠠᠮᠢᠶᠠᠷᠤᠯᠲᠠ᠎ᠳᠤ ᠣᠷᠣᠭᠤᠯᠤᠨ᠂ ᠰᠠᠭᠤᠭᠠᠯᠢ ᠠᠷᠠᠳ᠎ᠲᠤ ᠬᠠᠨᠳᠤᠯᠭᠠᠲᠤ ᠴᠢᠨᠠᠷᠲᠠᠶ᠎ᠪᠠᠷ ᠠᠰᠠᠭᠤᠨ ᠯᠠᠪᠯᠠᠬᠤ ᠦᠶ᠋ᠯᠡᠴᠢᠯᠡᠭᠡ ᠬᠠᠩᠭᠠᠵᠦ᠂ ᠡᠪᠡᠳᠴᠢᠨ᠎ᠦ ᠪᠠᠢᠳᠠᠯ᠎ᠢ ᠦᠨᠡᠯᠡᠨ ᠵᠢᠱ᠌ᠢᠬᠦ᠌᠂ ᠲᠥᠬᠥᠮ ᠡᠮᠨᠡᠨ ᠵᠠᠰᠠᠬᠤ᠂ ᠡᠮ ᠬᠦᠷᠭᠡᠬᠦ᠌ ᠵᠡᠷᠭᠡ ᠦᠶ᠋ᠯᠡᠴᠢᠯᠡᠭᠡ ᠬᠠᠩᠭᠠᠪᠠ;

ᠭᠠᠳᠠᠭ᠍ᠰᠢ ᠭᠠᠷᠴᠤ᠌ ᠡᠮᠨᠡᠭᠦᠯᠬᠦ᠌ ᠴᠢᠬᠤᠯᠠᠲᠠᠶ ᠪᠣᠯ᠂ ᠨᠡᠢᠭᠡᠮ ᠲᠣᠭᠣᠷᠢᠭ᠎ᠤᠨ ᠰᠡᠷᠭᠡᠢᠯᠡᠨ ᠡᠵᠡᠮᠳᠡᠬᠦ᠌ ᠠᠯᠪᠠᠨ ᠬᠡᠷ᠎ᠡᠴᠡ ᠲᠤᠰᠭᠠᠶ ᠲᠡᠷᠭᠡ ᠪᠤᠶᠤ 120 ᠲᠦᠷᠭᠡᠨ ᠠᠪᠤᠷᠠᠯᠳᠠ᠎ᠶ᠋ᠢᠨ ᠲᠡᠷᠭᠡ ᠳᠣᠭᠢᠷᠠᠭᠤᠯᠵᠤ᠂ ᠨᠢᠭᠡ ᠨᠢᠭᠡ ᠪᠠᠷ ᠬᠠᠷᠢᠯᠴᠠᠵᠤ ᠡᠪᠡᠳᠴᠢᠨ ᠦᠵᠡᠭᠦᠯᠬᠦ᠌ ᠦᠶ᠋ᠯᠡᠴᠢᠯᠡᠭᠡ ᠬᠠᠩᠭᠠᠵᠤ᠂ ᠪᠢᠲᠡᠭᠦᠮᠵᠢᠯᠡᠭ᠌ᠰᠡᠨ ᠬᠠᠮᠢᠶᠠᠷᠤᠯᠲᠠ᠎ᠶ᠋ᠢ ᠬᠡᠷᠡᠭ᠌ᠵᠢᠭᠦᠯᠪᠡ᠃

2 ᠰᠠᠷ᠎ᠠ᠎ᠶ᠋ᠢᠨ 25 ᠎ᠤ᠋ ᠡᠳᠦᠷ᠂ ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠠᠴᠠ᠂ ᠪᠥᠬᠥ᠌ ᠬᠣᠲᠠ᠎ᠶ᠋ᠢᠨ ᠳᠤᠮᠳᠠᠳᠤ ᠪᠠᠭ᠎ᠠ ᠰᠤᠷᠭᠠᠭᠤᠯᠢ 3 ᠰᠠᠷ᠎ᠠ᠎ᠶ᠋ᠢᠨ 1᠎ᠤ᠋ ᠡᠳᠦᠷ ᠲᠤᠭᠳᠠᠭᠰᠠᠨ ᠬᠤᠭᠤᠴᠠᠭᠠᠨ᠎ᠳᠠᠭᠠᠨ ᠰᠤᠷᠭᠠᠭᠤᠯᠢ ᠡᠬᠢᠯᠡᠵᠤ᠂ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ᠎ᠶ᠋ᠢᠨ ᠵᠠᠭ᠍ᠪᠤᠷ᠎ᠵᠢᠡᠷ ᠬᠢᠴᠢᠶᠠᠯᠯᠠᠨ᠎ᠠ ᠭᠡᠵᠤ ᠨᠠᠢᠳᠠᠯᠠᠪᠠ ᠃

ᠴᠢᠷᠮᠠᠶ᠂ ᠢᠯᠠᠯᠲᠠ ᠮᠠᠨ᠎ᠤ ᠬᠢ!

ᠭᠡᠨᠡᠳᠲᠡ᠎ᠪᠡᠷ ᠲᠠᠭᠠᠷᠢᠨ ᠢᠷᠡᠭ᠌ᠰᠡᠨ ᠬᠢᠵᠢᠭ᠎ᠦᠨ ᠪᠠᠢᠳᠠᠯ ᠨᠢ ᠴᠤᠭ᠍ᠯᠠᠷᠠᠯ᠎ᠤᠨ ᠪᠦᠷᠢᠶ᠎ᠡ ᠮᠡᠲᠦ᠂ ᠲᠦᠷᠪᠡᠨ ᠵᠦᠭ ᠨᠠᠢ᠍ᠮᠠᠨ ᠵᠣᠪᠬᠢᠰ᠎ᠤᠨ ᠬᠢᠵᠢᠭ᠎ᠲᠡᠶ ᠲᠡᠮᠡᠴᠡᠬᠦ᠌ ᠬᠦᠴᠦᠨ ᠡᠳᠦᠷ ᠰᠦᠨᠢ᠎ᠶᠢ ᠠᠮᠵᠢᠨ ᠬᠥᠬᠡᠬᠣᠲᠠ᠎ᠳᠤ ᠨᠢᠬᠳᠠᠷᠠᠨ᠎ᠠ᠃

2 ᠰᠠᠷ᠎ᠠ᠎ᠶ᠋ᠢᠨ 18 ᠎ᠤ᠋ ᠤᠷᠤᠢ᠂ ᠤᠷᠳᠤᠰ ᠬᠤᠳᠠ᠎ᠵᠢᠨ ᠬᠢᠨ ᠪᠦᠬᠦ᠌ ᠬᠤᠳᠠ᠎ᠶ᠋ᠢᠨ ᠡᠯ᠎ᠡ ᠬᠣᠱᠢᠭᠤ ᠱᠢᠶᠠᠨ ᠲᠣᠭᠣᠷᠢᠭ᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠥᠪ᠎ᠦᠨ 22 ᠲᠠᠬᠤᠯ ᠡᠪᠡᠳᠴᠢᠨ᠎ᠤ ᠪᠠᠢᠴᠠᠭᠠᠯᠳᠠ᠎ᠵᠢᠨ ᠭᠣᠣᠯ ᠬᠦᠴᠦᠨ᠎ᠵᠢᠡᠨ ᠰᠢᠯᠵᠢᠬᠦᠯᠤᠨ ᠲᠤᠮᠢᠯᠠᠵᠤ᠂ ᠰᠥᠨᠢ᠎ᠪᠡᠷ ᠬᠥᠬᠡᠬᠣᠲᠠ᠎ᠶᠢ ᠵᠣᠷᠢᠪᠠ;

ᠲᠣᠰ ᠡᠳᠦᠷ᠂ ᠦᠬᠠᠶ ᠬᠣᠲᠠ᠂ ᠤᠯᠠᠭᠠᠨᠬᠠᠳᠠ ᠬᠣᠲᠠ᠎ᠶ᠋ᠢᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠡᠴᠡ ᠲᠣᠰ ᠲᠣᠰ PCR ᠲᠤᠷᠱᠢᠯᠲᠠ᠎ᠶ᠋ᠢᠨ ᠲᠠᠰᠤᠭ᠎ᠤᠨ 10 ᠠᠵᠢᠯᠲᠠᠨ ᠪᠠ 20 ᠬᠥᠮᠦᠨ᠎ᠢ ᠲᠤᠮᠢᠯᠠᠵᠤ᠂ ᠬᠥᠬᠡᠬᠣᠲᠠ᠎ᠶ᠋ᠢ ᠲᠤᠰᠠᠯᠠᠪᠠ;

2 ᠰᠠᠷ᠎ᠠ᠎ᠶ᠋ᠢᠨ 19 ᠎ᠤ᠋ ᠡᠳᠦᠷ᠂ ᠪᠠᠶᠠᠨᠨᠠᠭᠤᠷ ᠬᠣᠲᠠ᠂ ᠱᠢᠯᠢ᠎ᠶ᠋ᠢᠨ ᠭᠤᠤᠯ ᠠᠢᠮᠠᠭ᠎ᠤᠨ ᠬᠢᠨ ᠲᠣᠰ ᠲᠣᠰ 10 ᠬᠥᠮᠦᠨ ᠲᠤᠮᠢᠯᠠᠵᠤ ᠬᠥᠬᠡᠬᠣᠲᠠ᠎ᠶ᠋ᠢᠨ ᠪᠥᠭᠡᠮ ᠬᠦᠴᠢᠯ᠎ᠦᠨ ᠪᠠᠢᠴᠠᠭᠠᠯᠳᠠ᠎ᠵᠢᠨ ᠠᠵᠢᠯ᠎ᠢ ᠲᠤᠰᠠᠯᠠᠪᠠ;

ᠲᠣᠰ ᠡᠳᠦᠷ᠂ ᠬᠢᠩᠭᠠᠨ ᠠᠢᠮᠠᠭ ᠪᠣᠯᠣᠨ ᠲᠦᠩᠯᠢᠶᠣᠤ ᠬᠣᠲᠠ᠎ᠵᠢᠨ᠎ᠬᠢᠨ ᠬᠥᠬᠡᠬᠣᠲᠠ᠎ᠶ᠋ᠢᠨ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠠᠵᠢᠯ᠎ᠢ ᠲᠤᠰᠠᠯᠠᠬᠤ ᠪᠡᠷ 40 ᠬᠥᠮᠦᠨ ᠳᠤᠮᠢᠯᠠᠵᠦ ᠢᠷᠡᠬᠦᠯᠤᠯ᠎ᠠ ᠁

ᠠᠬ᠎ᠠ ᠳᠡᠭᠦᠦ ᠠᠢᠮᠠᠭ ᠬᠣᠲᠠ᠎ᠶ᠋ᠢᠨ᠎ᠬᠢᠨ ᠬᠠᠯᠠᠭᠤᠨ ᠰᠡᠳᠭᠢᠯ᠎ᠢᠶᠡᠷ ᠲᠤᠰᠠᠯᠠᠵᠤ᠂ ᠬᠥᠬᠡᠬᠣᠲᠠ᠎ᠶ᠋ᠢᠨ᠎ᠬᠢᠨ ᠨᠠᠩ ᠴᠤ᠌ ᠰᠡᠳᠭᠢᠯ ᠨᠢᠭᠡᠳᠦᠨ ᠬᠦᠴᠤᠨ᠎ᠵᠢᠡᠨ ᠬᠠᠮᠳᠤᠳᠬᠠᠵᠤ ᠬᠢᠵᠢᠭ ᠲᠠᠢ ᠲᠡᠮᠡᠴᠡᠪᠠ᠃ 2 ᠰᠠᠷ᠎ᠠ᠎ᠶ᠋ᠢᠨ 25 ᠎ᠤ᠋ ᠡᠳᠦᠷ ᠪᠣᠯᠲᠠᠯ᠎ᠠ᠂ ᠬᠥᠬᠡᠬᠣᠲᠠ᠎ᠵᠢᠨ ᠬᠢᠨ ᠨᠢᠭᠡᠨᠲᠡ ᠡᠯ᠎ᠡ ᠲᠥᠷᠥᠯ᠎ᠦᠨ ᠰᠠᠢᠨ ᠳᠤᠷᠠᠴᠤᠳ᠎ᠢ ᠨᠡᠢᠲᠡ 5.2 ᠲᠦᠮᠡ ᠭᠠᠷᠤᠶ ᠡᠯᠰᠡᠵᠦ᠍᠂ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠪᠠᠭ᠎ᠠ ᠰᠠᠯᠪᠤᠷᠢ ᠠᠩᠭᠢ᠎ᠶ᠋ᠢ ᠪᠠᠢᠭᠤᠯᠤᠨ᠂ ᠱᠢᠶᠠᠩ ᠪᠠᠯᠭᠠᠰᠤ ᠵᠡᠭᠡᠯᠢ ᠭᠤᠳᠤᠮᠵᠢ᠂ ᠬᠥᠳᠡᠭᠡ ᠲᠣᠰᠭᠣᠨ ᠨᠡᠢᠭᠡᠮ ᠲᠣᠭᠣᠷᠢᠭ᠎ᠢ ᠪᠥᠬᠥ᠌ ᠬᠦᠴᠦᠨ᠎ᠢᠶᠡᠷ᠎ᠢᠶᠡᠨ ᠬᠠᠪᠰᠤᠷᠴᠤ᠌᠂ ᠣᠯᠠᠨ᠎ᠢᠶᠠᠷ᠎ᠢᠶᠠᠨ ᠰᠡᠷᠭᠡᠢᠯᠡᠵᠦ᠍ ᠣᠯᠠᠨ᠎ᠢᠶᠠᠷ᠎ᠢᠶᠠᠨ ᠵᠠᠰᠠᠬᠤ ᠨᠢᠭ᠍ᠲᠠ ᠴᠢᠩᠭ᠎ᠠ ᠰᠡᠷᠭᠡᠢᠯᠡᠯᠲᠡ᠎ᠶ᠋ᠢᠨ ᠱᠤᠭᠤᠮ᠎ᠢ ᠪᠠᠢᠭᠤᠯᠪᠠ᠃

ᠬᠢᠵᠢᠭ ᠳᠠᠭᠠᠷᠢᠨ ᠢᠷᠡᠬᠦ᠌᠎ᠳᠦ᠂ ᠬᠦᠴᠢᠷ ᠵᠣᠪᠠᠭᠣᠷᠢ᠎ᠶᠢ ᠬᠠᠮᠲᠤ᠎ᠪᠠᠷ ᠲᠣᠭᠣᠯᠣᠨ᠎ᠠ᠃ ᠬᠠᠮᠢᠭ᠎ᠠ ᠬᠦᠴᠢᠷᠳᠡᠯ ᠪᠠᠢᠪᠠᠯ ᠲᠡᠨᠳᠡ ᠨᠠᠮ᠎ᠤᠨ ᠲᠣᠬ ᠨᠠᠮᠢᠷᠠᠵᠦ᠂ 《ᠴᠠᠭᠠᠨ ᠬᠣᠪᠴᠠᠰᠣᠲᠣ》 ᠡᠮᠴᠢ ᠨᠡᠷ᠎ᠤᠨ ᠪᠠᠷ᠎ᠠ ᠬᠠᠷᠠᠭ᠍ᠳᠠᠳᠠᠭ; ᠬᠠᠮᠢᠭ᠎ᠠ ᠬᠦᠰᠡᠯ ᠱᠠᠭᠠᠷᠲᠠᠯᠭ᠎ᠠ ᠪᠠᠶ᠋ᠢᠪᠠᠯ ᠲᠡᠨᠳᠡ ᠰᠠᠢᠨ ᠳᠤᠷ᠎ᠠ᠎ᠶ᠋ᠢᠨ ᠦᠶ᠋ᠯᠡᠴᠢᠯᠡᠭᠡ ᠪᠣᠢ;

ᠲᠤᠰ ᠤᠳᠠᠭ᠎ᠠ᠎ᠶ᠋ᠢᠨ ᠬᠢᠵᠢᠭ ᠲᠠᠢ ᠲᠡᠮᠡᠴᠡᠬᠦ᠌ ᠳᠠᠢᠯᠠᠯᠳᠤᠭᠠᠨ᠎ᠳᠤ᠂ ᠠᠵᠤ ᠠᠬᠤᠢᠯᠠᠯ ᠴᠤ᠌ ᠵᠠᠯᠭᠠᠭ᠎ᠠ ᠪᠡᠷ ᠬᠥᠳᠡᠯᠦᠯᠴᠡᠵᠦ᠂ ᠪᠣᠳᠠᠲᠤ ᠠᠵᠢᠯᠯᠠᠭ᠎ᠠ᠎ᠪᠠᠷ᠎ᠢᠶᠠᠨ ᠬᠥᠬᠡᠬᠣᠲᠠ ᠳ᠋ᠦ ᠬᠦᠴᠦᠨ ᠨᠡᠮᠡᠷᠢᠯᠡᠪᠡ ᠄

2 ᠰᠠᠷ᠎ᠠ᠎ᠶ᠋ᠢᠨ 25 ᠤ᠋ ᠡᠳᠦᠷ᠂ ᠢᠯᠢ ᠪᠦᠯᠦᠭ᠌ᠯᠡᠯ ᠬᠥᠬᠡᠬᠣᠲᠠ᠎ᠳᠤ 1 ᠳ᠋ᠦᠩᠱᠢᠭᠤᠷ ᠲᠥᠭᠥᠷᠢᠭ ᠬᠠᠨᠳᠢᠪᠯᠠᠵᠤ ᠬᠢᠵᠢᠭ᠎ᠲᠡᠶ ᠲᠡᠮᠡᠴᠡᠬᠦ᠌᠎ᠳᠦ ᠲᠣᠰᠠᠯᠠᠪᠠ;

2 ᠰᠠᠷ᠎ᠠ᠎ᠶ᠋ᠢᠨ 24 ᠎ᠤ᠋ ᠡᠳᠦᠷ᠂ ᠪᠤᠭᠤᠲᠤ᠎ᠶ᠋ᠢᠨ ᠪᠣᠯᠣᠳ ᠲᠡᠮᠦᠷ ( ᠪᠦᠯᠦᠭ᠌ᠯᠡᠯ )᠎ᠤ᠋ᠨ ᠬᠢᠵᠠᠭᠠᠷᠲᠤ ᠺᠣᠮᠫᠠᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭᠠᠨ ᠵᠠᠭᠠᠯᠮᠠᠢᠲᠠᠨ᠎ᠤ ᠨᠡᠢᠭᠡᠮᠯᠢᠭ᠎ᠲᠦ 1000 ᠲᠦᠮᠡᠨ ᠲᠥᠭᠥᠷᠢᠭ ᠬᠠᠨᠳᠢᠪᠯᠠᠵᠤ᠂ ᠬᠥᠬᠡᠬᠣᠲᠠ ᠪᠣᠯᠤᠨ ᠪᠤᠭᠤᠲᠤ ᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠳᠡᠮᠵᠢᠪᠡ᠃

2 ᠰᠠᠷ᠎ᠠ᠎ᠶ᠋ᠢᠨ 20 ᠎ᠤ᠋ ᠡᠳᠦᠷ᠂ ᠣᠷᠳᠣᠰ ᠬᠣᠲᠠ᠎ᠶ᠋ᠢᠨ ᠤᠯᠠᠭᠠᠨ ᠪᠦᠯᠦᠭ᠌ᠯᠡᠯ ᠬᠥᠬᠡᠬᠣᠲᠠ᠎ᠶ᠋ᠢᠨ ᠤᠯᠠᠭᠠᠨ ᠵᠠᠭᠠᠯᠮᠠᠢᠲᠠᠨ᠎ᠤ ᠨᠡᠢᠭᠡᠮᠯᠢᠭ᠎ᠢᠶᠡᠷ ᠳᠡᠮᠵᠢᠨ 1000 ᠲᠦᠮᠡᠨ ᠲᠥᠭᠥᠷᠢᠭ ᠬᠠᠨᠳᠢᠪᠯᠠᠵᠤ᠂ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠳᠤ ᠬᠦᠴᠦᠨ ᠨᠡᠮᠡᠷᠢᠯᠡᠪᠡ᠃

2 ᠰᠠᠷ᠎ᠠ᠎ᠶ᠋ᠢᠨ 21 ᠎ᠤ᠋ ᠡᠳᠦᠷ᠂ ᠮᠸᠩ ᠼᠤᠤ ᠎ᠪᠦᠯᠦᠭᠯᠡᠯ ᠬᠥᠬᠡᠬᠣᠲᠠ᠎ᠶ᠋ᠢᠨ ᠤᠯᠠᠭᠠᠨ ᠵᠠᠭᠠᠯᠮᠠᠢᠲᠠᠨ᠎ᠤ ᠨᠡᠢᠭᠡᠮᠯᠢᠭ᠎ᠢᠶᠡᠷ ᠳᠡᠮᠵᠢᠨ 350 ᠲᠦᠮᠡᠨ ᠲᠥᠭᠥᠷᠢᠭ ᠬᠠᠨᠳᠢᠪᠯᠠᠪᠠ ᠁

ᠭᠠᠷ ᠭᠠᠷ᠎ᠵᠢᠡᠨ ᠬᠣᠯᠪᠣᠯᠴᠠᠨ ᠬᠢᠵᠢᠭ᠎ᠲᠡᠶ ᠲᠡᠮᠡᠴᠡᠵᠦ᠍᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠪᠠᠯ᠂ ᠬᠥᠬᠡᠬᠣᠲᠠ ᠎ᠵᠢᠨ᠎ᠬᠢᠨ᠎ᠡᠴᠤᠰ᠎ᠲᠡᠭᠡᠨ᠎ᠲᠤᠰ᠎ᠤᠳᠠᠭ᠎ᠠ᠎ᠶ᠋ᠢᠨ ᠬᠢᠵᠢᠭ᠎ᠲᠠᠢ ᠲᠠᠮᠠᠴᠡᠬᠦ ᠰᠦᠨᠦᠭᠡᠯᠳᠠ᠎ᠵᠢᠨ ᠳᠠᠢᠯᠠᠯᠳᠤᠭᠠᠨ ᠪᠣᠯᠣᠨ ᠬᠣᠷᠢᠭ᠍ᠯᠠᠯᠲᠠ᠎ᠶ᠋ᠢᠨ ᠳᠠᠢᠯᠠᠯᠳᠤᠭᠠᠨ᠎ᠤ ᠢᠯᠠᠯᠲᠠ᠎ᠶ᠋ᠢ ᠤᠯᠤᠨ᠎ᠠ᠃

ᠬᠢᠵᠢᠭ᠎ᠲᠡᠶ ᠲᠡᠮᠡᠴᠡᠬᠦ᠌ ᠳᠠᠢᠯᠠᠯᠳᠤᠭᠠᠨ ᠦᠷᠬᠦᠯᠵᠢᠯᠡᠭᠰᠡᠭᠡᠷ᠃ ᠬᠥᠬᠡᠬᠣᠲᠠ ᠴᠢᠷᠮᠠᠶ᠂ ᠬᠦᠬᠡᠬᠣᠲᠠ ᠯᠠᠪᠲᠠᠢ ᠢᠯᠠᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面