ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠥᠪᠥᠷ ᠮᠣᠩᠭᠣᠯ·ᠬᠠᠢᠷ᠎ᠠ ᠬᠠᠯᠠᠮᠵᠢ

2022-02-28 09:55:57

ᠵᠣᠬᠢᠶᠠᠭ᠍ᠴᠢ᠄ ᠭᠤᠤ ᠬᠤᠢ ᠣᠩᠱᠢᠭ᠍ᠰᠠᠨ ᠣᠳᠠᠭ᠎ᠠ᠄ 3

ᠥᠪᠥᠷ ᠮᠣᠩᠭᠣᠯ᠎ᠤᠨ ᠲᠡᠭᠡᠳᠤ ᠲᠡᠰ᠎ᠤᠨ ᠵᠠᠰᠠᠮᠠᠯ ᠵᠠᠮ᠎ᠤᠨ ᠪᠦᠳᠤᠭᠡᠨ ᠪᠠᠢᠭᠤᠯᠤᠯᠳᠠ ᠵᠢᠨ ᠨᠡᠭᠡᠭᠡᠨ ᠬᠦᠭᠵᠢᠬᠦᠯᠦᠯᠳᠠ ᠵᠢᠨ ᠬᠢᠵᠠᠭᠠᠷᠳᠤ ᠺᠣᠮᠫᠠᠨᠢ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ ᠎ᠳᠦ 100 ᠲᠦᠮᠡᠨ ᠲᠥᠭᠥᠷᠢᠭ ᠬᠠᠨᠳᠢᠪᠯᠠᠪᠡ

2 ᠰᠠᠷ᠎ᠠ᠎ᠶ᠋ᠢᠨ 25 ᠎ᠤ᠋ ᠡᠳᠦᠷ᠂ ᠥᠪᠥᠷ ᠮᠣᠩᠭᠣᠯ᠎ᠤᠨ ᠲᠡᠭᠡᠳᠤ ᠲᠡᠰ᠎ᠤᠨ ᠵᠠᠰᠠᠮᠠᠯ ᠵᠠᠮ᠎ᠤᠨ ᠪᠦᠳᠤᠭᠡᠨ ᠪᠠᠢᠭᠤᠯᠤᠯᠳᠠ ᠵᠢᠨ ᠨᠡᠭᠡᠭᠡᠨ ᠬᠦᠭᠵᠢᠬᠦᠯᠦᠯᠳᠠ ᠵᠢᠨ ᠬᠢᠵᠠᠭᠠᠷᠳᠤ ᠺᠣᠮᠫᠠᠨᠢ ᠪᠣᠯᠤᠨ ᠬᠠᠷᠢᠶ᠎ᠠ ᠬᠤᠪᠢᠶᠠᠷᠢ ᠺᠣᠮᠫᠠᠨᠢ᠎ᠶ᠋ᠢᠨ ᠥᠪᠥᠷ ᠮᠣᠩᠭᠣᠯ᠎ᠤᠨ ᠯᠤ᠌ ᠴᠢᠶᠤᠤ ᠪᠦᠯᠦᠭ᠌ᠯᠡᠯ ᠬᠢᠵᠠᠭᠠᠷᠲᠤ ᠺᠣᠮᠫᠠᠨᠢ ᠥᠪᠡᠷᠲᠡᠭᠡᠨ ᠵᠠᠰᠠᠬᠤ ᠣᠷᠣᠨ᠎ᠤ ᠤᠯᠠᠭᠠᠨ ᠵᠠᠭᠠᠯᠮᠠᠢ᠌ᠳᠠᠨ᠎ᠤ ᠨᠡᠢᠭᠡᠮᠯᠢᠭ᠎ᠲᠦ 100 ᠲᠦᠮᠡᠨ ᠲᠥᠭᠥᠷᠢᠭ ᠬᠠᠨᠳᠢᠪᠯᠠᠵᠤ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠳᠤ ᠲᠤᠰᠠᠯᠠᠬᠰᠡᠨ ᠪᠠᠢᠨ᠎ᠠ᠃

ᠣᠢᠯᠠᠭᠠᠭ᠍ᠰᠠᠨ᠎ᠢᠶᠠᠷ᠂ ᠡᠨᠡ ᠪᠣᠯ 2020 ᠤᠨ ᠪᠠ 2021 ᠣᠨ᠎ᠡᠴᠡ ᠰᠡᠬᠦᠯᠡᠷ᠂ ᠥᠪᠥᠷ ᠮᠣᠩᠭᠣᠯ᠎ᠤᠨ ᠲᠡᠭᠡᠳᠤ ᠲᠡᠰ᠎ᠤᠨ ᠵᠠᠰᠠᠮᠠᠯ ᠵᠠᠮ᠎ᠤᠨ ᠪᠦᠳᠦᠭᠡᠨ ᠪᠠᠢᠭᠤᠯᠤᠯᠳᠠ ᠵᠢᠨ ᠨᠡᠭᠡᠭᠡᠨ ᠬᠦᠭᠵᠢᠬᠦᠯᠦᠯᠳᠠ ᠵᠢᠨ ᠬᠢᠵᠠᠭᠠᠷᠳᠤ ᠺᠣᠮᠫᠠᠨᠢ ᠭᠤᠷᠪᠠᠳᠠᠬᠢ ᠤᠳᠠᠭ᠎ᠠ ᠮᠥᠨᠭᠬᠥ ᠵᠣᠭᠣᠰ ᠬᠠᠨᠳᠢᠪᠯᠠᠵᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠳᠤ ᠳᠤᠰᠠᠯᠠᠵᠦ ᠪᠠᠢᠭ᠎ᠠ ᠶᠠᠪᠤᠳᠠᠯ ᠪᠣᠯᠤᠨ᠎ᠠ᠃ ᠬᠢᠵᠢᠭ᠎ᠦᠨ ᠪᠠᠢᠳᠠᠯ ᠡᠬᠦᠰᠦᠭᠰᠡᠨ᠎ᠡᠴᠡ ᠨᠠᠭᠠᠰᠢ᠂ ᠥᠪᠥᠷ ᠮᠣᠩᠭᠣᠯ᠎ᠤᠨ ᠲᠡᠭᠡᠳᠤ ᠲᠡᠰ᠎ᠤᠨ ᠵᠠᠰᠠᠮᠠᠯ ᠵᠠᠮ᠎ᠤᠨ ᠪᠦᠳᠦᠭᠡᠨ ᠪᠠᠢᠭᠤᠯᠤᠯᠳᠠ ᠵᠢᠨ ᠨᠡᠭᠡᠭᠡᠨ ᠬᠦᠭᠵᠢᠬᠦᠯᠦᠯᠳᠠ ᠵᠢᠨ ᠬᠢᠵᠠᠭᠠᠷᠳᠤ ᠺᠣᠮᠫᠠᠨᠢ 《ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠴᠢᠮ ᠪᠠᠢᠳᠠᠯ᠎ᠢ ᠠᠷᠭᠠᠴᠠᠭᠠᠬᠤ ᠡᠳ᠋ ᠪᠣᠳᠠᠰ ᠲᠡᠭᠡᠭᠡᠪᠦᠷᠢᠯᠡᠬᠦ᠌ ᠰᠠᠭᠠᠳ ᠥᠬᠡᠶ ᠨᠡᠪᠲᠡᠷᠡᠬᠦ᠌ ᠵᠠᠮ》 ᠤ᠋ᠨ ᠲᠦᠷᠭᠡᠨ ᠨᠡᠪᠲᠡᠷᠡᠬᠦ᠌ ᠴᠢᠳᠠᠪᠬᠢ᠎ᠶ᠋ᠢ ᠭᠦᠶ᠋ᠴᠡᠳ ᠪᠠᠳᠠᠷᠠᠭᠤᠯᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠴᠢᠮ ᠪᠠᠢᠳᠠᠯ᠎ᠢ ᠠᠷᠭᠠᠴᠠᠭᠠᠬᠤ ᠡᠳ᠋ ᠪᠣᠳᠠᠰ᠂ ᠡᠮᠴᠢ ᠡᠪᠡᠳᠴᠢᠲᠡᠨ᠎ᠢ ᠵᠦᠭᠡᠭᠡᠪᠤᠷᠢᠯᠡᠬᠦ ᠲᠡᠷᠭᠡ ᠬᠥᠰᠭᠡ᠎ᠶ᠋ᠢ ᠤᠷᠢᠳ᠎ᠢᠶᠠᠷ ᠰᠠᠭᠠᠳ ᠦᠬᠡᠢ ᠨᠡᠪᠲᠡᠷᠡᠭᠦᠯᠬᠦ᠌᠎ᠶ᠋ᠢ ᠪᠥᠬᠥ᠌ ᠬᠦᠴᠦᠨ᠎ᠢᠶᠡᠷ᠎ᠢᠶᠡᠨ ᠪᠠᠲᠤᠯᠠᠪᠠ᠃ ᠺᠣᠮᠫᠠᠨᠢ᠎ᠶ᠋ᠢᠨ ᠬᠠᠷᠢᠭᠤᠴᠠᠯᠭᠠᠲᠠᠨ ᠡᠴᠨ ᠳᠠᠷᠠᠭᠠᠴᠢ᠎ᠶ᠋ᠢᠨ ᠠᠯᠬᠤᠮ᠎ᠳᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠦᠢᠯᠡᠳᠪᠦᠷᠢᠯᠡᠯ ᠡᠵᠡᠩᠨᠡᠯᠲᠡ᠎ᠶ᠋ᠢ ᠵᠡᠷᠭᠡ᠎ᠪᠡᠷ ᠠᠳᠭᠤᠬᠤ᠂ ᠬᠣᠶᠠᠷ᠎ᠢ ᠦᠯᠦ᠍ ᠰᠠᠭᠠᠲᠠᠭᠠᠬᠤ᠎ᠶ᠋ᠢ ᠦᠷᠭᠦᠯᠵᠢᠯᠡᠨ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠡᠷᠡᠬᠦᠯ ᠲᠣᠭ᠍ᠲᠠᠭᠤᠨ ᠬᠥᠭ᠌ᠵᠢᠯᠲᠡ᠎ᠳᠦ ᠤᠯᠤᠰ᠎ᠤᠨ ᠥᠮᠴᠢᠯᠡᠯ᠎ᠦᠨ ᠵᠠᠰᠠᠮᠠᠯ ᠵᠠᠮ᠎ᠤᠨ ᠠᠵᠤ ᠠᠬᠤᠢᠯᠠᠯ᠎ᠤᠨ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面