ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠥᠪᠥᠷ ᠮᠣᠩᠭᠣᠯ·ᠬᠠᠢᠷ᠎ᠠ ᠬᠠᠯᠠᠮᠵᠢ

2022-03-02 09:47:45

ᠵᠣᠬᠢᠶᠠᠭ᠍ᠴᠢ᠄ ᠯᠢ ᠶᠦᠩ ᠲᠤᠤ ᠣᠩᠱᠢᠭ᠍ᠰᠠᠨ ᠣᠳᠠᠭ᠎ᠠ᠄ 3

ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠯᠠ ᠮᠥᠩᠭᠥ᠎ᠶ᠋ᠢ ᠨᠡᠢᠲᠡ 1.99 ᠳ᠋ᠦᠩᠱᠢᠭᠤᠷ ᠲᠥᠭᠥᠷᠢᠭ ᠪᠠᠭᠤᠯᠭᠠᠪᠡ

ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢ ᠴᠢᠨᠭᠭᠠᠤᠨᠬᠠᠬᠤ ᠵᠢᠨ ᠲᠦᠯᠦᠬᠡ᠂ ᠠᠷᠠᠳ᠎ᠤᠨ ᠪᠠᠩᠬᠢ᠎ᠶ᠋ᠢᠨ ᠬᠥᠬᠡᠬᠣᠲᠠ ᠵᠢᠨ ᠲᠥᠪ ᠰᠠᠯᠪᠤᠷᠢ ᠪᠠᠩᠬᠢ ᠪᠦᠬᠦ᠌ ᠣᠷᠣᠨ᠎ᠤ ᠡᠯ᠎ᠡ ᠱᠠᠲᠤᠨ᠎ᠤ ᠤᠯᠤᠰ᠎ᠤᠨ ᠬᠥᠮᠥᠷᠭᠡ᠎ᠵᠢ ᠦᠳᠲᠡᠷ ᠲᠦᠷᠭᠡᠨ ᠵᠣᠬᠢᠶᠠᠨ ᠪᠠᠢᠭᠤᠯᠵᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠡᠯᠡ ᠮᠥᠩᠭᠥ᠎ᠶ᠋ᠢ ᠪᠠᠭᠤᠯᠭᠠᠨ ᠥᠭ᠌ᠬᠦ ᠰᠠᠭᠠᠳ ᠦᠭᠡᠢ ᠨᠡᠪᠲᠡᠷᠡᠬᠦ᠌ ᠵᠠᠮ᠎ᠢ ᠨᠡᠭᠡᠭᠡᠪᠡ᠃ 2 ᠰᠠᠷ᠎ᠠ᠎ᠶ᠋ᠢᠨ 28᠎ᠤ᠋ ᠡᠳᠦᠷ ᠪᠣᠯᠲᠠᠯ᠎ᠠ᠂ ᠪᠥᠬᠥ᠌ ᠣᠷᠣᠨ᠎ᠤ ᠡᠯ᠎ᠡ ᠱᠠᠲᠤᠨ᠎ᠤ ᠤᠯᠤᠰ᠎ᠤᠨ ᠬᠥᠮᠥᠷᠭᠡ᠎ᠡᠴᠡ ᠬᠢᠵᠢᠭ᠎ᠢ ᠰᠡᠷᠭᠡᠢᠯᠡᠨ ᠡᠵᠡᠮᠳᠡᠬᠦ ᠪᠠᠯᠠ ᠮᠥᠩᠭᠥ᠎ᠶ᠋ᠢ ᠨᠡᠢᠲᠡ 208 ᠤᠳᠠᠭ᠎ᠠ ᠪᠠᠭᠤᠯᠭᠠᠵᠤ᠂ ᠵᠣᠭᠣᠰ᠎ᠤᠨ ᠲᠣᠭ᠎ᠠ᠎ᠨᠢ 1.99 ᠳ᠋ᠦᠩᠱᠢᠭᠤᠷ ᠲᠥᠭᠥᠷᠢᠭ᠎ᠲᠦ ᠬᠦᠷᠴᠡᠶ᠃

ᠬᠢᠵᠢᠭ᠎ᠦᠨ ᠪᠠᠢᠳᠠᠯ᠎ᠳᠤ ᠬᠠᠨᠳᠤᠭᠤᠯᠤᠨ᠂ ᠠᠷᠠᠳ᠎ᠤᠨ ᠪᠠᠩᠬᠢ᠎ᠶ᠋ᠢᠨ ᠬᠥᠬᠡᠬᠣᠲᠠ ᠵᠢᠨ ᠲᠥᠪ ᠰᠠᠯᠪᠤᠷᠢ ᠪᠠᠩᠬᠢ ᠲᠡᠷᠡ ᠳᠠᠷᠤᠶ᠎ᠳᠤᠨᠢ᠎ᠠᠵᠢᠯ᠎ᠤᠨ᠎ᠵᠠᠷᠯᠢᠭ ᠪᠠᠭᠤᠯᠭᠠᠵᠤ᠂ ᠪᠥᠬᠥ᠌ ᠣᠷᠣᠨ᠎ᠤ ᠡᠯ᠎ᠡ ᠱᠠᠲᠤᠨ᠎ᠤ ᠤᠯᠤᠰ᠎ᠤᠨ ᠬᠥᠮᠥᠷᠭᠡ ᠡᠯ᠎ᠡ ᠵᠦᠶ᠋ᠯ᠎ᠦᠨ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠬᠦᠴᠦᠲᠡᠶ ᠪᠥᠭᠡᠳ ᠪᠦᠲᠦᠮᠵᠢᠲᠡᠶ ᠨᠠᠢᠳᠠᠪᠤᠷᠢᠵᠢᠭᠤᠯᠵᠤ᠂ ᠤᠯᠤᠰ᠎ᠤᠨ ᠬᠥᠮᠥᠷᠭᠡ᠎ᠵᠢᠨ ᠠᠵᠢᠯᠲᠠᠨ᠂ ᠪᠠᠯᠠ ᠮᠥᠩᠭᠥ᠌᠂ ᠱᠢᠰᠲ᠋ᠧᠮ᠎ᠦᠨ ᠠᠵᠢᠯᠯᠠᠭᠠᠨ᠎ᠤ ᠲᠤᠢᠯ᠎ᠤᠨ ᠠᠮᠤᠷ ᠲᠦᠪᠱᠢᠨ ᠪᠠᠢᠬᠤ ᠵᠢ ᠦᠨᠡᠨ ᠬᠦ᠌ ᠪᠠᠲᠤᠯᠠᠬᠤ ᠬᠡᠷᠡᠭ᠌ᠲᠡᠶ ᠭᠡᠵᠦ ᠱᠠᠭᠠᠷᠳᠠᠪᠠ᠃ ᠲᠣᠰ ᠪᠠᠩᠬᠢ ᠡᠳ᠋᠎ᠦᠨ ᠵᠠᠰᠠᠭ᠎ᠤᠨ ᠰᠠᠯᠠᠭ᠎ᠠ ᠮᠥᠴᠢᠷ᠎ᠲᠡᠶ ᠨᠡᠪᠲᠡᠷᠡᠯᠴᠡᠭᠡ ᠬᠠᠮᠵᠢᠯᠴᠠᠭ᠎ᠠ᠎ᠪᠠᠨ ᠴᠢᠩᠭᠠᠳᠭᠠᠵᠤ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠯᠠ ᠮᠥᠩᠭᠥ᠎ᠶ᠋ᠢ ᠪᠠᠭᠤᠯᠭᠠᠨ ᠦᠭᠬᠦ ᠲᠣᠬᠢᠷᠠᠭᠤᠯᠤᠯᠲᠠ᠎ᠶ᠋ᠢ ᠰᠠᠨᠠᠭᠠᠴᠢᠯᠠᠭ᠎ᠠ᠎ᠡᠴᠡ᠎ᠪᠠᠨ ᠣᠢᠯᠠᠭᠠᠵᠤ᠂ ᠠᠷᠭᠠᠴᠠᠭᠠᠬᠤ ᠠᠷᠭ᠎ᠠ ᠬᠡᠮᠵᠢᠶ᠎ᠡ᠎ᠶ᠋ᠢ ᠤᠷᠢᠳᠴᠢᠯᠠᠨ ᠲᠣᠭ᠍ᠲᠠᠭᠠᠪᠠ᠃ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠯᠠ ᠮᠥᠩᠭᠥ᠎ᠶ᠋ᠢ ᠪᠠᠭᠤᠯᠭᠠᠨ ᠥᠭ᠌ᠬᠦ ᠰᠠᠭᠠᠳ ᠥᠬᠡᠶ ᠨᠡᠪᠲᠡᠷᠡᠬᠦ᠌ ᠵᠠᠮ᠎ᠢ ᠳᠠᠷᠤᠶ ᠲᠦᠷᠭᠡᠨ ᠨᠡᠪᠲᠡᠷᠡᠭᠦᠯᠵᠦ᠍᠂《ᠣᠨᠴᠠᠭᠠᠶ ᠶᠠᠪᠤᠳᠠᠯ᠎ᠢ ᠣᠨᠴᠠᠭᠠᠶ᠎ᠪᠠᠷ ᠱᠢᠶ᠋ᠳᠪᠦᠷᠢᠯᠡᠬᠦ᠌᠂ ᠳᠠᠷᠤᠢ ᠳ᠋ᠤᠨᠢ ᠭᠦᠶ᠋ᠴᠡᠳᠭᠡᠬᠦ᠌᠂ ᠤᠷᠢᠳ᠎ᠢᠶᠠᠷ ᠭᠦᠶ᠋ᠴᠡᠳᠭᠡᠵᠦ᠍ ᠳᠠᠷᠠᠭ᠎ᠠ᠎ᠨᠢ ᠨᠥᠬᠥᠪᠥᠷᠢᠯᠡᠬᠦ᠌》ᠵᠠᠷᠴᠢᠮ ᠶᠣᠰᠣᠭᠠᠷ᠂ ᠰᠦᠯᠵᠢᠶᠡᠨ ᠳᠡᠭᠡᠷ᠎ᠡ ᠨᠡᠪᠲᠡᠷᠡᠯᠴᠡᠬᠦ᠌᠂ ᠰᠦᠯᠵᠢᠶᠡᠨ ᠭᠠᠳᠠᠨ᠎ᠠ ᠱᠢᠶ᠋ᠳᠪᠦᠷᠢᠯᠡᠬᠦ᠌ ᠠᠷᠭ᠎ᠠ ᠬᠡᠯᠪᠡᠷᠢ᠎ᠶ᠋ᠢ ᠠᠪᠴᠤ᠌᠂ ᠤᠯᠤᠰ᠎ᠤᠨ ᠬᠥᠮᠥᠷᠭᠡ᠎ᠶ᠋ᠢᠨ ᠵᠤᠭᠤᠰ ᠮᠦᠨᠭᠬᠦ ᠪᠠᠭᠤᠯᠭᠠᠨ ᠥᠭ᠌ᠬᠦ ᠲᠤᠬᠠᠢᠯᠠᠭ᠍ᠰᠠᠨ ᠠᠵᠢᠯ᠎ᠤᠨ ᠬᠢᠨᠠᠨ ᠬᠠᠷᠭᠤᠭᠤᠯᠬᠤ ᠬᠤᠷᠳᠤᠴᠠ᠎ᠶ᠋ᠢ ᠲᠦᠷᠭᠡᠳᠭᠡᠪᠡ᠃ ᠮᠡᠳᠡᠭᠡ ᠵᠠᠩᠭᠢ᠎ᠶ᠋ᠢᠨ ᠠᠮᠤᠷ ᠲᠦᠪᠱᠢᠨ᠎ᠢ ᠦᠨᠡᠨ ᠬᠦ᠌ ᠪᠠᠲᠤᠯᠠᠭ᠍ᠰᠠᠨ ᠤᠷᠢᠲᠠᠯ ᠳᠤᠤᠷ᠎ᠠ᠂ ᠲᠣᠰ ᠪᠠᠩᠬᠢ᠎ᠨᠢ ᠪᠠᠷᠢᠮᠲᠠ ᠳᠦᠷᠰᠦ ᠱᠢᠩᠭᠡᠭᠡᠯᠲᠡ᠎ᠶ᠋ᠢ ᠬᠢᠨᠠᠨ ᠬᠠᠷᠭᠤᠭᠤᠯᠬᠤ᠂ ᠲᠤᠬᠠᠢᠯᠠᠭ᠍ᠰᠠᠨ ᠠᠵᠢᠯ᠎ᠢ᠎ᠤᠷᠢᠳ᠎ᠢᠶᠠᠷ᠎ᠭᠦᠶ᠋ᠴᠡᠳᠭᠡᠬᠦ᠌᠂᠎ᠬᠡᠷᠡᠭ᠎ᠦᠨ᠎ᠳᠠᠷᠠᠭ᠎ᠠ᠎ᠰᠣᠯᠢᠵᠤ ᠨᠥᠬᠥᠪᠥᠷᠢᠯᠡᠬᠦ᠌ ᠠᠷᠭ᠎ᠠ ᠵᠠᠮ᠎ᠢᠶᠠᠷ ᠳᠠᠮᠵᠢᠭᠤᠯᠤᠨ᠂ ᠲᠦᠭ᠌ᠵᠢᠷᠡᠯ᠎ᠦᠨ ᠠᠰᠠᠭᠤᠳᠠᠯ᠎ᠢ ᠪᠦᠲᠦᠮᠵᠢᠲᠡᠶ ᠱᠢᠶ᠋ᠳᠪᠦᠷᠢᠯᠡᠵᠦ᠍᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠯᠠ ᠮᠥᠩᠭᠥ᠎ᠶ᠋ᠢ ᠴᠠᠭ ᠲᠤᠬᠠᠶ᠎ᠳᠤᠨᠢ᠂ ᠠᠮᠤᠷ ᠲᠦᠪᠱᠢᠨ᠂ ᠣᠨᠣᠪᠴᠢᠲᠠᠶ᠎ᠪᠠᠷ ᠪᠠᠭᠤᠯᠭᠠᠨ ᠥᠭ᠌ᠬᠦ ᠵᠢ ᠪᠤᠳᠠᠳᠠᠢ ᠳ᠋ᠤ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠪᠠ᠃ ᠡᠭᠦᠨ᠎ᠦ ᠬᠠᠮᠲᠤ᠂ ᠲᠣᠰ ᠪᠠᠩᠬᠢ᠎ᠨᠢ ᠪᠠᠴᠢᠮ ᠪᠠᠢᠳᠠᠯ᠎ᠢ ᠠᠷᠭᠠᠴᠠᠭᠠᠬᠤ ᠲᠣᠭ᠍ᠲᠠᠴᠠ᠎ᠶ᠋ᠢ ᠴᠢᠩᠭᠠᠳᠭᠠᠵᠤ᠂ ᠤᠯᠤᠰ᠎ᠤᠨ ᠬᠥᠮᠥᠷᠭᠡ᠎ᠶ᠋ᠢᠨ ᠦᠶ᠋ᠯᠡᠴᠢᠯᠡᠭᠡ᠎ᠦᠯᠦ ᠲᠠᠰᠤᠯᠳᠠᠬᠤ ᠵᠢ ᠪᠡᠶᠡᠯᠡᠭᠦᠯᠵᠦ᠍᠂ AB ᠬᠡᠯᠪᠡᠷᠢ ᠵᠢᠨ ᠠᠵᠢᠯ᠎ᠤᠨ ᠪᠠᠢᠷᠢ ᠵᠢᠨ ᠡᠭᠡᠯᠵᠢᠯᠡᠬᠦ᠌ ᠲᠦᠷᠢᠮ᠎ᠢ ᠬᠡᠷᠡᠭ᠌ᠵᠢᠭᠦᠯᠵᠦ᠍᠂ ᠠᠵᠢᠯᠲᠠᠨ᠎ᠢ ᠲᠣᠬᠢᠷᠠᠭᠤᠯᠬᠤ ᠠᠵᠢᠯ᠎ᠢ ᠱᠢᠨᠵᠢᠯᠡᠬᠦ᠌ ᠤᠬᠠᠭᠠᠨᠴᠢ᠎ᠪᠠᠷ ᠰᠠᠢᠲᠤᠷ ᠬᠢᠵᠦ᠍᠂ ᠵᠠᠩᠭᠢᠯᠠᠭ᠎ᠠ᠎ᠶ᠋ᠢᠨ ᠠᠵᠢᠯ᠎ᠤᠨ ᠪᠠᠢᠷᠢ᠎ᠶ᠋ᠢ ᠪᠠᠲᠤᠯᠠᠵᠤ᠂ ᠤᠯᠤᠰ᠎ᠤᠨ ᠬᠥᠮᠥᠷᠭᠡ᠎ᠶ᠋ᠢᠨ ᠦᠶ᠋ᠯᠡᠴᠢᠯᠡᠭᠡ ᠵᠤᠭᠰᠤᠰᠢ ᠥᠬᠡᠶ ᠪᠠᠢᠬᠤ᠎ᠶ᠋ᠢ ᠪᠠᠲᠤᠯᠠᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面