ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠥᠪᠥᠷ ᠮᠣᠩᠭᠣᠯ·ᠬᠠᠢᠷ᠎ᠠ ᠬᠠᠯᠠᠮᠵᠢ

2022-03-02 17:46:06

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠣᠢᠷ᠎ᠠ᠎ᠳᠤ᠂ ᠥᠪᠥᠷ ᠮᠣᠩᠭᠣᠯ᠎ᠤᠨ ᠬᠡᠰᠡᠭ ᠭᠠᠵᠠᠷ ᠣᠷᠣᠨ᠎ᠳᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠲᠤᠬᠠᠶ᠎ᠶ᠋ᠢᠨ ᠭᠠᠵᠠᠷ᠎ᠤᠨ ᠣᠨᠣᠱᠢᠯᠠᠭ᠍ᠳᠠᠭ᠍ᠰᠠᠨ ᠡᠪᠡᠳᠴᠢᠲᠡᠨ ᠵᠠᠯᠭᠠᠭ᠎ᠠ ᠎ᠪᠠᠷ ᠢᠯᠡᠷᠡᠵᠦ᠍᠂ ᠬᠢᠵᠢᠭ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠠᠵᠢᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠢᠳᠠᠯ᠎ᠳᠤ ᠲᠤᠯᠭᠠᠷᠠᠪᠠ᠃ ᠪᠥᠬᠥ᠌ ᠣᠷᠣᠨ᠎ᠤ ᠡᠯ᠎ᠡ ᠱᠠᠲᠤᠨ᠎ᠤ ᠵᠣᠬᠢᠶᠠᠨ ᠪᠠᠢᠭᠤᠯᠬᠤ ᠰᠠᠯᠠᠭ᠎ᠠ ᠮᠥᠴᠢᠷ᠎ᠦᠨ᠎ᠬᠢᠨ ᠶᠡᠷᠦᠩᠬᠡᠶ ᠱᠦᠵᠢ ᠰᠢ ᠵᠢᠨ ᠫᠢᠩ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠲᠥᠪ ᠎ᠦᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠬᠣᠯᠪᠣᠭ᠍ᠳᠠᠯ ᠪᠥᠬᠥᠶ ᠪᠠᠢᠷᠢᠯᠠᠭᠤᠯᠤᠯᠲᠠ ᠱᠠᠭᠠᠷᠳᠠᠯᠭ᠎ᠠ ᠎ᠶ᠋ᠢ ᠡᠷᠡᠰ ᠨᠠᠢᠳᠠᠪᠤᠷᠢᠵᠢᠭᠤᠯᠵᠤ᠂ ᠢᠳᠡᠪᠬᠢᠲᠡᠶ ᠪᠡᠷ ᠡᠭᠦᠷᠭᠡ ᠬᠠᠷᠢᠭᠤᠴᠠᠯᠭ᠎ᠠ ᠎ᠪᠠᠨ ᠭᠦᠶ᠋ᠴᠡᠳᠭᠡᠵᠦ᠍᠂ ᠪᠦᠲᠦᠮᠵᠢᠲᠡᠶ ᠪᠡᠷ ᠦᠶ᠋ᠯᠡᠳᠦᠯ ᠎ᠢᠶᠡᠨ ᠪᠠᠳᠠᠷᠠᠭᠤᠯᠵᠤ᠂ ᠬᠠᠮᠤᠭ᠎ᠤᠨ ᠶᠡᠬᠡ ᠬᠡᠮᠵᠢᠶ᠎ᠡ ᠎ᠪᠡᠷ ᠵᠣᠬᠢᠶᠠᠨ ᠪᠠᠢᠭᠤᠯᠬᠤ ᠬᠦᠴᠦᠨ ᠎ᠢ ᠨᠢᠭ᠍ᠲᠠᠷᠠᠭᠤᠯᠵᠤ᠂ ᠬᠢᠵᠢᠭ᠎ᠲᠡᠶ ᠲᠡᠮᠡᠴᠡᠬᠦ᠌ 《ᠬᠤᠪᠢᠰᠭᠠᠯ᠎ᠤᠨ ᠬᠠᠯᠬᠠᠪᠴᠢ》 ᠎ᠶ᠋ᠢ ᠦᠳᠲᠡᠷ ᠲᠦᠷᠭᠡᠨ ᠴᠣᠭ᠍ᠴᠠᠯᠠᠪᠠ᠃

ᠬᠢᠵᠢᠭ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠵᠠᠩᠭᠢᠯᠠᠭ᠎ᠠ᠎ᠶ᠋ᠢᠨ ᠴᠠᠭ ᠮᠥᠴᠡ᠎ᠳᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠢᠭᠤᠯᠬᠤ ᠬᠡᠯᠲᠡᠰ ᠨᠢ ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠣᠷᠢᠶᠠᠨ ᠎ᠤ ᠣᠷᠣᠯᠠᠨ ᠬᠠᠮᠢᠶᠠᠷᠴᠤ᠌ ᠪᠠᠢᠭ᠎ᠠ ᠨᠠᠮ᠎ᠤᠨ ᠰᠦᠢᠳᠭᠡᠯ᠎ᠡᠴᠡ 700 ᠲᠦᠮᠡᠨ ᠲᠥᠭᠥᠷᠢᠭ ᠪᠠᠭᠤᠯᠭᠠᠵᠤ᠂ ᠣᠨᠣᠱᠢᠯᠠᠳᠠᠭ᠍ᠰᠠᠨ ᠡᠪᠡᠳᠴᠢᠨ ᠎ᠦ ᠵᠢᠱ᠌ᠢᠢ᠎ᠡ᠎ᠲᠡᠶ ᠭᠠᠵᠠᠷ ᠣᠷᠣᠨ᠎ᠤ ᠬᠢᠵᠢᠭ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠠᠵᠢᠯ ᠥᠷᠨᠢᠭᠦᠯᠬᠦ᠌᠎ᠶ᠋ᠢ ᠲᠥᠪᠯᠡᠷᠡᠭᠦᠯᠦᠨ ᠳᠡᠮᠵᠢᠬᠦ᠌᠎ᠳᠦ ᠬᠡᠷᠡᠭ᠌ᠯᠡᠪᠡ᠃ ᠡᠨᠡᠬᠦ ᠨᠠᠮ᠎ᠤᠨ ᠰᠦᠢᠳᠭᠡᠯ ᠎ᠢ ᠭᠣᠣᠯᠳᠠᠭᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠮᠦᠨ᠎ᠡ ᠹᠷᠣᠨᠲ᠎ᠲᠦ ᠲᠡᠮᠡᠴᠡᠵᠦ᠍ ᠪᠠᠢᠭ᠎ᠠ ᠡᠮᠨᠡᠯᠭᠡ᠎ᠶ᠋ᠢᠨ ᠠᠵᠢᠯᠳᠠᠨ ᠪᠣᠯᠤᠨ ᠦᠨᠳᠦᠰᠦᠨ ᠱᠠᠲᠤᠨ ᠎ᠤ ᠨᠠᠮ᠎ᠤᠨ ᠭᠡᠱᠢᠭᠦᠨ᠂ ᠺᠠᠳ᠋ᠷ᠎ᠢ ᠲᠣᠬᠣᠨᠢᠭᠤᠯᠬᠤ᠎ᠳᠦ ᠬᠡᠷᠡᠭᠯᠡᠨ᠎ᠡ; ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠬᠢᠵᠢᠭ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠠᠵᠢᠯ ᠥᠷᠨᠢᠭᠦᠯᠬᠦ᠌ ᠎ᠳᠦ ᠬᠡᠷᠡᠭ᠌ᠯᠡᠨ᠎ᠡ᠂ ᠡᠭᠦᠨ᠎ᠳᠦ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠎ᠳᠦ ᠬᠣᠯᠪᠣᠭ᠍ᠳᠠᠬᠤ ᠡᠮ᠎ᠦᠨ ᠵᠦᠢᠯ᠂ ᠡᠳ᠋ ᠪᠣᠳᠠᠰ ᠵᠡᠷᠭᠡ᠎ᠶ᠋ᠢ ᠬᠤᠳᠠᠯᠳᠤᠨ ᠠᠪᠬᠤ ᠵᠡᠷᠭᠡ ᠪᠠᠭ᠍ᠲᠠᠨ᠎ᠠ; ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠡᠴᠡ ᠪᠣᠯᠵᠣ ᠠᠮᠢᠳᠤᠷᠠᠯ᠎ᠨᠢ ᠬᠦᠴᠢᠷᠳᠡᠯᠲᠡᠶ ᠪᠣᠯᠤᠭ᠍ᠰᠠᠨ ᠨᠠᠮ᠎ᠤᠨ ᠭᠡᠱᠢᠭᠦᠨ᠂ ᠣᠯᠠᠨ ᠲᠦᠮᠡᠨ᠎ᠳᠦ ᠨᠥᠬᠥᠪᠥᠷᠢ ᠥᠭ᠌ᠭᠦᠨ᠎ᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠢᠭᠤᠯᠬᠤ ᠬᠡᠯᠲᠡᠰ᠎ᠡᠴᠡ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠲᠤᠰᠭᠠᠢ ᠵᠣᠭᠣᠰ᠎ᠢ ᠲᠤᠰᠭᠠᠢ ᠬᠡᠷᠡᠭ᠌ᠯᠡᠬᠦ᠌᠎ᠶ᠋ᠢ ᠪᠡᠶᠡᠯᠡᠭᠦᠯᠵᠦ᠍᠂ ᠡᠨᠡ ᠬᠦ᠌ ᠨᠠᠮ᠎ᠤᠨ ᠰᠦᠢᠳᠭᠡᠯ᠎ᠢ ᠵᠣᠬᠢᠶᠠᠨ ᠪᠠᠢᠭᠤᠯᠤᠯᠲᠠ ᠎ᠶ᠋ᠢᠨ ᠬᠠᠢᠷ᠎ᠠ ᠬᠠᠯᠠᠮᠵᠢ᠎ᠶ᠋ᠢ ᠳᠠᠮᠵᠢᠭᠤᠯᠬᠤ᠂ ᠪᠣᠳᠠᠲᠠᠢ ᠬᠦᠴᠢᠷᠳᠡᠯ ᠎ᠢ ᠱᠢᠢᠳᠪᠦᠷᠢᠯᠡᠬᠦ᠌᠂ ᠨᠠᠮ᠎ᠤᠨ ᠰᠡᠳᠭᠢᠯ ᠠᠷᠠᠳ᠎ᠤᠨ ᠰᠡᠳᠭᠢᠯ᠎ᠢ ᠨᠢᠭ᠍ᠲᠠᠷᠠᠭᠤᠯᠬᠤ ᠤᠯᠤᠰ ᠲᠦᠷᠦ᠍᠎ᠶ᠋ᠢᠨ ᠦᠢᠯᠡᠳᠦᠯ ᠎ᠢ ᠦᠨᠡᠨ ᠬᠦ᠌ ᠪᠠᠳᠠᠷᠠᠭᠤᠯᠬᠤ ᠬᠡᠷᠡᠭ᠌ᠲᠡᠢ ᠭᠡᠵᠦ᠍ ᠱᠠᠭᠠᠷᠳᠠᠪᠠ᠃

ᠬᠢᠵᠢᠭ᠎ᠦᠨ ᠪᠠᠢᠳᠠᠯ ᠪᠣᠯ ᠵᠠᠷᠯᠢᠭ᠂ ᠰᠡᠷᠭᠡᠢᠯᠡᠨ ᠡᠵᠡᠮᠳᠡᠬᠦ᠌ ᠪᠣᠯ ᠬᠠᠷᠢᠭᠤᠴᠠᠯᠭ᠎ᠠ ᠮᠥᠨ᠃ ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠤᠯᠠᠨ ᠨᠠᠮ᠎ᠤᠨ ᠭᠡᠱᠢᠭᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ᠎ᠴᠢᠬᠤᠯᠠ᠎ᠶᠡᠬᠡ᠎ᠤᠯᠤᠰ᠎ᠲᠦᠷᠦ᠍᠎ᠶ᠋ᠢᠨ᠎ᠡᠭᠦᠷᠭᠡ᠎ᠪᠣᠯᠭᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠲᠠᠢ᠌ᠴᠢᠨ᠎ᠪᠡᠬᠢᠯᠡᠯᠲᠡ᠎ᠶ᠋ᠢᠨ᠎ᠦᠢᠯᠡᠳᠦᠯ᠎ᠪᠣᠯᠤᠨ᠎ᠨᠠᠮ᠎ᠤᠨ᠎ᠭᠡᠱᠢᠭᠦᠨ᠎ᠦ ᠬᠣᠱᠢᠭᠤᠴᠢ ᠵᠢᠱ᠌ᠢᠶᠡᠴᠢ ᠦᠢᠯᠡᠳᠦᠯ᠎ᠢ ᠭᠦᠢᠴᠡᠳ ᠪᠠᠳᠠᠷᠠᠭᠤᠯᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠵᠦ᠍ ᠬᠣᠷᠢᠭ᠍ᠯᠠᠨ ᠠᠷᠢᠯᠭᠠᠬᠤ ᠳᠠᠢᠯᠠᠯᠳᠤᠭᠠᠨ᠎ᠤ ᠢᠯᠠᠯᠲᠠ᠎ᠶ᠋ᠢ ᠡᠷᠡᠰ ᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃ ᠰᠡᠷᠭᠡᠢᠯᠡᠨ ᠡᠵᠡᠮᠳᠡᠬᠦ᠌ ᠡᠮᠦᠨ᠎ᠡ ᠹᠷᠣᠨᠲ᠎ᠤᠨ ᠨᠠᠮ᠎ᠤᠨ ᠲᠤᠭ᠎ᠢ ᠦᠨᠳᠦᠷ ᠮᠠᠨᠳᠤᠭᠤᠯᠵᠤ᠂ ᠨᠠᠮ᠎ᠤᠨ ᠭᠡᠱᠢᠭᠦᠨ ᠺᠠᠳ᠋ᠷ ᠪᠡᠶ᠎ᠡ᠎ᠪᠡᠷ ᠵᠢᠡᠨ ᠳᠠᠭᠠᠭᠤᠯᠤᠨ ᠪᠠᠢᠯᠳᠤᠵᠤ᠂ ᠲᠦᠷ ᠴᠠᠭ᠎ᠤᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠪᠠᠢᠭᠤᠯᠬᠤ ᠵᠡᠷᠭᠡ 《ᠲᠤᠯᠤᠭ᠎ᠠ᠎ᠶ᠋ᠢ ᠮᠠᠨᠳᠤᠭᠤᠯᠬᠤ》 ᠪᠣᠳᠠᠲᠠᠢ ᠱᠠᠭᠠᠷᠳᠠᠯᠭ᠎ᠠ᠎ᠶ᠋ᠢ ᠤᠯᠠᠮ ᠴᠢᠨᠠᠭ᠍ᠰᠢᠳᠠ ᠰᠠᠢᠲᠤᠷ ᠨᠠᠢᠳᠠᠪᠤᠷᠢᠵᠢᠭᠤᠯᠬᠤ ᠬᠡᠷᠡᠭ᠌ᠲᠡᠢ᠃ ᠨᠡᠢᠭᠡᠮ᠎ᠲᠣᠭᠣᠷᠢᠭ᠎ᠤᠨ᠎ᠰᠡᠷᠭᠡᠢᠯᠡᠨ᠎ᠡᠵᠡᠮᠳᠡᠬᠦ᠌᠎ᠭᠣᠣᠯᠳᠠᠯᠭ᠎ᠠ᠎ᠲᠠᠶ᠎ᠬᠦᠴᠢᠷ᠎ᠠᠰᠠᠭᠤᠳᠠᠯ᠎ᠳᠤ᠎ᠴᠢᠭ᠌ᠯᠡᠭᠦᠯᠵᠦ᠂ᠨᠠᠮ᠎ᠤᠨ ᠪᠠᠢᠭᠤᠯᠤᠯᠲᠠ᠎ᠶ᠋ᠢᠨ ᠬᠦᠳᠦᠯᠥᠨ ᠳᠠᠭᠠᠭᠤᠯᠬᠤ ᠵᠣᠬᠢᠶᠠᠨ ᠪᠠᠢᠭᠤᠯᠬᠤ ᠬᠦᠴᠦᠨ᠎ᠢ ᠴᠢᠨᠠᠭ᠍ᠰᠢᠳᠠ ᠭᠦᠨᠵᠡᠭᠡᠢ ᠠᠬᠢᠭᠤᠯᠤᠨ ᠪᠣᠳᠠᠲᠠᠢᠵᠢᠭᠤᠯᠵᠤ᠂ ᠣᠨᠣᠴᠠᠲᠠᠢ ᠎ᠪᠠᠷ ᠰᠢᠭᠰᠢᠨ ᠪᠠᠢᠴᠠᠭᠠᠵᠤ ᠴᠢᠩᠭ᠎ᠠ ᠰᠡᠷᠭᠡᠢᠯᠡᠨ ᠪᠠᠲᠤ ᠰᠠᠬᠢᠬᠤ᠂ ᠬᠦᠴᠦᠨ᠎ᠢᠶᠡᠨ ᠨᠡᠢᠳᠭᠡᠵᠦ᠍ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠵᠡᠷᠭᠡ 《ᠨᠠᠢ᠍ᠮᠠ ᠵᠢ ᠨᠠᠷᠢᠯᠢᠭ ᠨᠠᠢᠳᠠᠪᠤᠷᠢᠵᠢᠭᠤᠯᠵᠤ ᠪᠣᠳᠠᠲᠠᠢ ᠨᠠᠢᠳᠠᠪᠤᠷᠢᠵᠢᠭᠤᠯᠬᠤ》 ᠡᠭᠦᠷᠭᠡ ᠱᠠᠭᠠᠷᠳᠠᠯᠭ᠎ᠠ ᠎ᠶ᠋ᠢ ᠨᠠᠢᠳᠠᠪᠤᠷᠢᠵᠢᠭᠤᠯᠬᠤ ᠬᠡᠷᠡᠭ᠌ᠲᠡᠢ᠃ ᠤᠯᠤᠰ ᠲᠥᠷᠥ᠎ᠶ᠋ᠢᠨ ᠡᠭᠦᠷᠭᠡᠯᠡᠯ᠂ ᠲᠤᠤᠷ ᠴᠡᠭ ᠵᠢᠡᠷ ᠰᠡᠷᠭᠡᠢᠯᠡᠨ ᠡᠵᠡᠮᠳᠡᠬᠦ᠌᠂ ᠭᠤᠤᠯᠳᠠᠯᠭ᠎ᠠ᠎ᠲᠠᠶ ᠬᠠᠮᠢᠶᠠᠷᠤᠨ ᠡᠵᠡᠮᠳᠡᠬᠦ᠌᠂ ᠵᠢᠱ᠌ᠢᠶ᠎ᠡ ᠦᠵᠡᠭᠦᠯᠦᠨ ᠳᠠᠢᠴᠢᠯᠠᠬᠤ᠂ ᠤᠬᠠᠭᠤᠯᠤᠨ ᠬᠥᠲᠥᠯᠥᠨ ᠵᠢᠯᠣᠭᠣᠳᠭᠤ ᠪᠠ ᠤᠷᠮᠠᠱᠢᠭᠤᠯᠤᠨ ᠪᠠᠲᠤᠯᠠᠬᠤ《ᠵᠢᠷᠭᠤᠭ᠎ᠠ᠎ᠶ᠋ᠢ ᠴᠢᠩᠭᠠᠳᠭᠠᠬᠤ》᠎ᠶ᠋ᠢ ᠤᠯᠠᠮ ᠨᠢᠭᠡ ᠠᠯᠬᠤᠮ ᠳᠣᠪᠣᠢᠯᠭᠠᠵᠤ᠂ ᠵᠣᠬᠢᠶᠠᠨ ᠪᠠᠢᠭᠤᠯᠤᠯᠲᠠ᠎ᠶ᠋ᠢᠨ ᠳᠠᠪᠠᠭᠤᠯᠢᠭ ᠎ᠢ ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠳᠠᠪᠠᠭᠤᠯᠢᠭ ᠪᠣᠯᠭᠠᠨ ᠬᠤᠪᠢᠷᠠᠭᠤᠯᠬᠤ᠎ᠪᠠᠷ ᠬᠦᠴᠦᠯᠡᠵᠦ᠍᠂ ᠨᠠᠮ᠎ᠤᠨ ᠲᠣᠭ᠎ᠢ 《ᠬᠢᠵᠢᠭ》᠎ᠲᠠᠢ ᠲᠡᠮᠡᠴᠡᠬᠦ᠌ ᠡᠮᠦᠨ᠎ᠡ ᠹᠷᠣᠨᠲ ᠎ᠲᠤ ᠥᠨᠳᠥᠷ ᠨᠠᠮᠢᠷᠠᠭᠤᠯᠤᠨ᠎ᠠ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄ ᠱᠢᠨᠡᠴᠡᠴᠡᠭ

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面