2022-03-04 09:48:33
ᠬᠢᠵᠢᠭ ᠲᠡᠶ ᠲᠡᠮᠡᠴᠡᠬᠦ᠌ ᠡᠮᠦᠨ᠎ᠡ ᠹᠷᠣᠨᠲ ᠲᠦ᠍ ᠡᠢᠮᠦ᠍ ᠨᠢᠭᠡ ᠪᠦᠯᠦᠭ ᠬᠥᠮᠦᠰ ᠪᠤᠢ᠄ ᠲᠡᠳᠡ ᠤᠯᠠᠭᠠᠨ ᠬᠠᠨᠵᠢᠶᠠᠷ ᠡᠮᠦᠰᠴᠦ᠍᠂ ᠶᠠᠭ ᠯᠠ ᠠᠰᠠᠵᠦ ᠲᠦᠷᠡᠯᠵᠡᠭᠰᠡᠨ ᠭᠠᠯ ᠰᠢᠬ ᠵᠢᠨᠷ ᠪᠥᠭᠡᠮ ᠬᠦᠴᠢᠯ ᠤ᠋ᠨ ᠪᠠᠢᠴᠠᠭᠠᠯᠲᠠ ᠶ᠋ᠢᠨ ᠴᠡᠭ᠂ ᠬᠠᠮᠢᠶᠠᠷᠣᠨ ᠡᠵᠡᠮᠲᠡᠬᠦ ᠰᠠᠭᠤᠭᠠᠯᠢ ᠠᠷᠠᠳ ᠤ᠋ᠨ ᠲᠣᠭᠣᠷᠢᠭ ᠪᠣᠯᠣᠨ ᠤᠯᠠᠨ ᠲᠦᠮᠡᠨ ᠤ᠋ ᠲᠡᠷᠭᠡᠲᠡ ᠬᠢᠯᠠᠯᠵᠠᠵᠦ᠂ ᠪᠠᠲᠤ ᠢᠲᠡᠭᠡᠯ ᠪᠠ ᠬᠣᠪᠢ ᠨᠡᠮᠡᠷᠢ ᠪᠡᠷ ᠶ᠋ᠢᠡᠨ ᠬᠠᠷᠢᠭᠤᠴᠠᠯᠭ᠎ᠠ ᠡᠭᠦᠷᠭᠡᠯᠡᠯ ᠶᠠᠭᠣ ᠪᠣᠯᠬᠣ ᠵᠢ ᠲᠣᠳᠣᠷᠬᠠᠢᠯᠠᠨ᠂ ᠬᠠᠢᠷ᠎ᠠ ᠬᠠᠯᠠᠮᠵᠢ ᠵᠢᠨ ᠢᠯᠴᠢ ᠭᠡᠭᠡ ᠵᠢ ᠳᠠᠮᠵᠢᠭᠤᠯᠵᠤ ᠪᠠᠢᠲᠠᠬ᠃ ᠲᠡᠳᠡ ᠪᠣᠯ ᠤᠯᠠᠭᠠᠨ ᠵᠠᠭᠠᠯᠮᠠᠢ᠌ᠳᠠᠨ ᠤ᠋ ᠰᠠᠢ᠌ᠨ ᠲᠤᠷᠠᠴᠤᠳ ᠪᠣᠯᠣᠨ᠎ᠠ᠃
ᠲᠤᠰ ᠡᠭᠡᠯᠵᠢ ᠶ᠋ᠢᠨ ᠬᠢᠵᠢᠭ ᠤ᠋ᠨ ᠪᠠᠢᠳᠠᠯ ᠭᠠᠷᠤᠭᠰᠠᠨ ᠡᠴᠡ ᠨᠠᠭᠠᠰᠢ᠂ ᠬᠥᠬᠡᠬᠣᠲᠠ ᠶ᠋ᠢᠨ ᠤᠯᠠᠭᠠᠨ ᠵᠠᠭᠠᠯᠮᠠᠢ᠌ᠳᠠᠨ ᠤ᠋ ᠨᠡᠢᠭᠡᠮᠯᠢᠭ ᠲᠠᠷᠤᠢᠬᠠᠨ ᠥᠷᠭᠡᠨ ᠤᠯᠠᠨ ᠰᠠᠢ᠌ᠨ ᠳᠤᠷᠠᠴᠤᠳᠤᠨ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠳ᠋ᠤ ᠬᠦᠴᠦᠨ ᠨᠡᠮᠡᠷᠢᠯᠡᠬᠦ᠌ ᠶ᠋ᠢ ᠤᠷᠢᠶᠠᠯᠠᠭᠰᠠᠨ ᠳ᠋ᠤ ᠠᠳᠠᠯᠢ ᠪᠤᠰᠤ ᠬᠦᠷᠢᠶ᠎ᠡ ᠴᠠᠷᠠᠭ᠎ᠠ᠂ ᠠᠳᠠᠯᠢ ᠪᠤᠰᠤ ᠠᠵᠢᠯ ᠲᠦᠷᠦᠯ ᠡᠴᠡ ᠢᠷᠡᠭ᠌ᠰᠡᠨ ᠬᠠᠯᠠᠭᠤᠨ ᠰᠡᠳᠭᠢᠯᠲᠦ ᠬᠥᠮᠦᠰ ᠢᠳᠡᠪᠬᠢᠲᠡᠢ ᠪᠡᠷ ᠨᠡᠷ᠎ᠡ ᠮᠡᠳᠡᠬᠦᠯᠦᠨ ᠣᠷᠣᠯᠴᠠᠵᠤ᠂ 3400 ᠭᠠᠷᠤᠢ ᠰᠠᠢ᠌ᠨ ᠲᠤᠷᠠᠴᠤᠤᠯ ᠠᠵᠢᠯ ᠤ᠋ᠨ ᠪᠠᠢᠷᠢ ᠳ᠋ᠤ ᠭᠠᠷᠴᠦ ᠦᠢᠯᠡᠴᠢᠯᠡᠭᠡ ᠬᠠᠩᠭᠠᠨ᠂ 8 ᠨᠡᠢᠭᠡᠮ ᠲᠣᠭᠣᠷᠢᠭ ᠪᠠ 100 ᠭᠠᠷᠤᠢ ᠰᠠᠭᠤᠭᠠᠯᠢ ᠠᠷᠠᠳ ᠤ᠋ᠨ ᠲᠣᠭᠣᠷᠢᠭ ᠲᠦ᠍ ᠬᠠᠮᠵᠢᠯᠴᠠᠨ ᠪᠥᠭᠡᠮ ᠬᠦᠴᠢᠯ ᠤ᠋ᠨ ᠪᠠᠢᠴᠠᠭᠠᠯᠲᠠ ᠶ᠋ᠢᠨ ᠠᠵᠢᠯ ᠥᠷᠨᠢᠭᠦᠯᠪᠡ ᠃
ᠤᠯᠠᠭᠠᠨ ᠵᠠᠭᠠᠯᠮᠠᠢᠲᠠᠨ ᠤ᠋ ᠰᠠᠢᠨ ᠳᠤᠷ᠎ᠠ ᠶ᠋ᠢᠨ ᠠᠵᠢᠯᠲᠠᠨ ᠭᠦᠸᠧ ᠶᠣᠸᠠᠢ ᠪᠣᠯ ᠪᠣᠷᠣᠲᠣᠬᠣᠶ ᠳᠡᠭᠡᠳᠦ ᠰᠤᠷᠭᠠᠭᠤᠯᠢ ᠶ᠋ᠢᠨ ᠬᠣᠶᠠᠳᠤᠭᠠᠷ ᠣᠨ ᠤ᠋ ᠣᠶᠤᠲᠠᠨ ᠪᠠᠢᠵᠦ᠂ ᠬᠥᠬᠡᠬᠣᠲᠠ ᠶ᠋ᠢᠨ ᠠᠯᠪᠠᠲᠠᠨ ᠤ᠋ ᠰᠠᠭᠤᠭᠠᠯᠢ ᠠᠷᠠᠤᠨᠤᠨ ᠲᠤᠭᠤᠷᠢᠭ ᠤ᠋ᠨ ᠪᠠᠷᠠᠭᠤᠨ ᠲᠣᠭᠣᠷᠢᠭ ᠲᠦ᠍ ᠨᠢᠭᠡᠨᠲᠡ 11 ᠡᠳᠦᠷ ᠠᠵᠢᠯᠯᠠᠴᠢᠬᠠᠵᠠᠢ᠃ ᠭᠦᠸᠧ ᠶᠣᠸᠠᠢ ᠬᠦᠢᠳᠡᠨ ᠠᠭᠤᠷ ᠠᠮᠢᠰᠬᠤᠯᠢ ᠦᠯᠦ ᠬᠠᠢᠬᠣᠷᠣᠨ ᠡᠳᠦᠷ ᠪᠦᠷᠢ 8 ᠴᠠᠭ ᠵᠢᠵᠢᠭᠦᠷᠯᠡᠵᠦ᠍᠂ ᠰᠠᠭᠤᠭᠠᠯᠢ ᠠᠷᠠᠳ ᠢ᠋ ᠬᠠᠪᠰᠤᠷᠴᠦ ᠮᠡᠳᠡᠭᠡ ᠵᠠᠩᠭᠢ ᠪᠦᠷᠢᠳᠭᠡᠨ ᠡᠮᠬᠢ ᠳᠢᠭ᠌ᠯᠢᠮ ᠢ᠋ ᠬᠠᠮᠠᠭᠠᠯᠠᠵᠤ᠂ ᠨᠡᠢᠭᠡᠮ ᠲᠣᠭᠣᠷᠢᠬ ᠤ᠋ᠨ ᠠᠵᠢᠯᠳᠠᠨ ᠳ᠋ᠤ ᠬᠠᠮᠵᠢᠯᠴᠠᠨ ᠣᠷᠣᠵᠤ ᠭᠠᠷᠬᠤ ᠰᠠᠭᠤᠭᠠᠯᠢ ᠠᠷᠠᠳ ᠤ᠋ᠨ ᠪᠥᠭᠡᠮ ᠬᠦᠴᠢᠯ ᠤ᠋ᠨ ᠪᠠᠢᠴᠠᠭᠠᠯᠲᠠ ᠬᠢᠭᠦ ᠵᠢ ᠪᠠᠲᠤᠯᠠᠪᠠ᠃ ᠭᠦᠸᠧ ᠶᠣᠸᠠᠢ ᠶ᠋ᠢᠨ ᠠᠪᠤ ᠨᠢ ᠪᠠᠰᠠ ᠰᠠᠢᠨ ᠳᠤᠷ᠎ᠠ ᠶ᠋ᠢᠨ ᠦᠶ᠋ᠯᠡᠴᠢᠯᠡᠭᠡᠨ ᠤ᠋ ᠠᠵᠢᠯ ᠳ᠋ᠤ ᠣᠷᠣᠯᠴᠠᠵᠤ᠂ ᠠᠪᠣ ᠥᠬᠢᠨ ᠬᠣᠶᠠᠭᠤᠯᠠ ᠪᠠᠨ ᠮᠥᠷᠥ᠍ ᠵᠡᠷᠭᠡᠴᠡᠨ ᠪᠠᠢᠯᠳᠤᠵᠤ᠂ ᠬᠢᠵᠢᠭ ᠲᠡᠶ ᠲᠡᠮᠡᠴᠡᠬᠦ ᠳ᠋ᠤ ᠬᠠᠮᠲᠤ ᠪᠠᠷ ᠬᠦᠴᠦᠨ ᠴᠢᠳᠠᠯ ᠵᠢᠡᠨ ᠡᠷᠭᠦᠨ᠎ᠡ᠃ ᠭᠦᠸᠧ ᠶᠣᠸᠠᠢ᠄《ᠠᠭᠤᠷ ᠠᠮᠢᠰᠭᠤᠯ ᠬᠦᠢᠲᠡᠨ ᠰᠢᠭ ᠪᠣᠯᠪᠠᠴᠦ ᠪᠢᠳᠡᠨ ᠤ᠋ ᠰᠡᠳᠭᠢᠯ ᠳᠤᠯᠠᠭᠠᠬᠠᠨ᠃ ᠬᠢᠵᠢᠭ ᠲᠡᠶ ᠲᠡᠮᠡᠴᠡᠬᠦ ᠳ᠋ᠤ ᠮᠠᠰᠢ ᠬᠦᠴᠢᠷ ᠪᠣᠯᠪᠠᠴᠤ᠌ ᠪᠢᠳᠡᠨ ᠳ᠋ᠤ ᠢᠲᠡᠭᠡᠯ ᠵᠣᠷᠢᠭ ᠪᠠ ᠬᠦᠴᠦᠨ ᠴᠢᠳᠠᠯ ᠪᠣᠢ᠃ ᠬᠢᠵᠢᠭ ᠢ᠋ ᠬᠣᠷᠲᠣᠬᠠᠨ ᠠᠷᠢᠯᠭᠠᠵᠦ᠂ ᠡᠷᠲᠡ ᠡᠳᠦᠷ ᠬᠡᠪ ᠤ᠋ᠨ ᠠᠮᠢᠲᠣᠷᠠᠯ ᠳ᠋ᠠᠭᠠᠨ ᠣᠷᠣᠬᠤ ᠶ᠋ᠢ ᠬᠦᠰᠡᠵᠦ᠍ ᠪᠠᠢᠨ᠎ᠠ》 ᠭᠡᠵᠦ ᠶᠠᠷᠢᠵᠦ ᠪᠠᠢᠯ᠎ᠠ ᠃
ᠬᠢᠵᠢᠭ ᠤ᠋ᠨ ᠨᠥᠯᠥᠭᠡ ᠡᠴᠡ ᠪᠣᠯᠵᠣ᠂ ᠣᠢᠷ᠎ᠠ ᠳ᠋ᠤ ᠬᠥᠬᠡᠬᠣᠲᠠ ᠶ᠋ᠢᠨ ᠴᠢᠰᠤᠨ ᠤ᠋ ᠬᠠᠳᠠᠭᠠᠯᠠᠯᠲᠠ ᠶ᠋ᠢᠨ ᠬᠡᠮᠵᠢᠶ᠎ᠡ ᠦᠷᠭᠦᠯᠵᠢᠯᠡᠨ ᠪᠠᠭᠤᠷᠠᠪᠠ᠃ ᠥᠪᠡᠷᠲᠡᠭᠡᠨ ᠵᠠᠰᠠᠬᠤ ᠣᠷᠣᠨ ᠤ᠋ ᠤᠯᠠᠭᠠᠨ ᠵᠠᠭᠠᠯᠮᠠᠢᠲᠠᠨ ᠤ᠋ ᠨᠡᠢᠭᠡᠮᠯᠢᠭ ᠬᠢᠭᠡᠳ ᠴᠢᠰᠤᠨ ᠤ᠋ ᠲᠥᠪ ᠬᠠᠮᠲᠤᠷᠠᠨ ᠴᠢᠰᠤ ᠬᠠᠨᠳᠢᠪᠯᠠᠬᠤ ᠰᠠᠨᠠᠭᠠᠴᠢᠯᠠᠭ᠎ᠠ ᠭᠠᠷᠭᠠᠭᠰᠠᠨ ᠳ᠋ᠤ ᠪᠥᠬᠥ᠌ ᠣᠷᠣᠨ ᠤ᠋ ᠡᠯ᠎ᠡ ᠱᠠᠲᠤᠨ ᠤ᠋ ᠤᠯᠠᠭᠠᠨ ᠵᠠᠭᠠᠯᠮᠠᠢᠲᠠᠨ ᠤ᠋ ᠨᠡᠢᠭᠡᠮᠯᠢᠭ ᠤ᠋ᠨ ᠲᠥᠯᠥᠪᠦᠷᠢ ᠥᠬᠡᠶ ᠪᠡᠷ ᠴᠢᠰᠤ ᠬᠠᠨᠳᠢᠪᠯᠠᠬᠤ ᠰᠠᠢᠨ ᠳᠤᠷ᠎ᠠ ᠶ᠋ᠢᠨ ᠦᠶ᠋ᠯᠡᠴᠢᠯᠡᠭᠡᠨ ᠤ᠋ ᠠᠩᠭᠢ ᠵᠢᠨ ᠬᠢᠨ ᠤᠷᠢᠶᠠᠯᠠᠭ᠎ᠠ ᠶ᠋ᠢ ᠢᠳᠡᠪᠬᠢᠲᠡᠶ ᠴᠤᠤᠷᠢᠶᠠᠳᠤᠨ ᠳᠠᠭᠠᠵᠤ᠂ 100 ᠭᠠᠷᠤᠶ ᠤᠯᠠᠭᠠᠨ ᠵᠠᠭᠠᠯᠮᠠᠢᠲᠠᠨ ᠤ᠋ ᠰᠠᠢᠨ ᠳᠤᠷᠠᠴᠤᠤᠯ ᠦᠨ᠎ᠡ ᠲᠥᠯᠥᠪᠦᠷᠢ ᠥᠬᠡᠶ ᠪᠡᠷ ᠴᠢᠰᠤ ᠪᠠᠨ ᠬᠠᠨᠳᠢᠪᠯᠠᠬᠤ ᠳ᠋ᠦ ᠣᠷᠣᠯᠴᠠᠵᠦ ᠂ ᠬᠥᠮᠦᠯᠢᠭ ᠦᠵᠡᠯ ᠤ᠋ᠨ ᠶᠡᠬᠡ ᠬᠠᠢᠷ᠎ᠠ ᠵᠢ ᠢᠯᠡᠷᠡᠬᠦᠯᠦᠭᠰᠡᠨ ᠪᠠᠢᠨ᠎ᠠ᠃
ᠪᠤᠭᠤᠲᠤ ᠬᠣᠲᠠ ᠶ᠋ᠢᠨ ᠤᠯᠠᠭᠠᠨ ᠵᠠᠭᠠᠯᠮᠠᠢᠲᠠᠨ ᠤ᠋ ᠨᠡᠢᠭᠡᠮᠯᠢᠭ ᠤ᠋ᠨ ᠯᠠᠨ ᠲᠢᠶᠠᠨ ᠠᠪᠤᠷᠠᠨ ᠲᠤᠰᠠᠯᠠᠬᠤ ᠠᠩᠭᠢ ᠶ᠋ᠢᠨ ᠰᠠᠢᠨ ᠳᠤᠷᠠᠴᠤᠳ ᠬᠢᠵᠢᠭ ᠢ᠋ ᠰᠡᠷᠭᠡᠢᠯᠡᠬᠦ᠌ ᠠᠵᠢᠯ ᠤ᠋ᠨ ᠲᠣᠬᠢᠷᠠᠭᠤᠯᠤᠯᠲᠠ ᠶᠣᠰᠣᠭᠠᠷ᠂ 2 ᠰᠠᠷ᠎ᠠ ᠶ᠋ᠢᠨ 17 ᠤ᠋ ᠡᠳᠦᠷ ᠡᠴᠡ ᠡᠬᠢᠯᠡᠨ ᠬᠢᠵᠢᠭ ᠢ᠋ ᠰᠡᠷᠭᠡᠢᠯᠡᠨ ᠡᠵᠡᠮᠳᠡᠬᠦ᠌ ᠭᠤᠤᠯᠳᠠᠯᠭ᠎ᠠ ᠲᠠᠶ ᠣᠷᠣᠨ ᠪᠦᠰᠡ ᠳ᠋ᠤ ᠲᠤᠰᠭᠠᠶ ᠮᠡᠷᠭᠡᠵᠢᠯ ᠤ᠋ᠨ ᠬᠢᠵᠢᠭ ᠢ᠋ ᠰᠡᠷᠭᠡᠢᠯᠡᠨ ᠠᠷᠢᠭᠤᠳᠭᠠᠬᠤ ᠪᠠ ᠤᠷᠢᠳᠴᠢᠯᠠᠨ ᠰᠡᠷᠭᠡᠢᠯᠡᠬᠦ᠌ ᠴᠢᠨᠠᠷᠲᠠᠶ ᠠᠷᠢᠭᠤᠳᠭᠠᠬᠣ ᠠᠵᠢᠯ ᠬᠢᠵᠦ᠂ ᠨᠡᠢᠲᠡ 832 ᠬᠥᠮᠦᠨ(ᠤᠳᠠᠭ᠎ᠠ) ᠬᠦᠲᠡᠯᠦᠯᠴᠡᠨ᠂ ᠠᠷᠢᠭᠤᠳᠭᠠᠭ᠍ᠰᠠᠨ ᠲᠠᠯᠠᠪᠠᠶ ᠨᠢ 55.86 ᠲᠦᠮᠡᠨ ᠲᠡᠭ᠌ᠰᠢ ᠳᠥᠷᠪᠡᠯᠵᠢᠨ ᠮᠧᠲ᠋ᠷ ᠲᠦ᠍ ᠬᠦᠷᠴᠡᠶ᠃ ᠠᠪᠣᠷᠠᠨ ᠲᠣᠰᠠᠯᠠᠬᠣ ᠠᠩᠭᠢ ᠶ᠋ᠢᠨ ᠭᠡᠱᠢᠭᠦᠳ ᠠᠷᠢᠭᠤᠳᠭᠠᠬᠤ ᠵᠢᠷᠤᠮ ᠢ᠋ ᠴᠢᠩᠭ᠎ᠠ ᠨᠢᠮᠪᠠᠢ ᠬᠡᠷᠡᠭ᠌ᠵᠢᠭᠦᠯᠵᠦ᠍᠂ ᠥᠨᠴᠥᠭ ᠪᠣᠯᠣᠩ ᠦᠯᠡᠳᠡᠭᠡᠯ ᠦᠭᠡᠢ ᠪᠡᠷ ᠠᠷᠢᠭᠣᠳᠬᠠᠭᠰᠠᠨ ᠪᠠᠢᠨ᠎ᠠ᠃
ᠪᠥᠬᠥ᠌ ᠣᠷᠣᠨ ᠤ᠋ ᠥᠷᠭᠡᠨ ᠣᠯᠠᠨ ᠤᠯᠠᠭᠠᠨ ᠵᠠᠭᠠᠯᠮᠠᠢᠲᠠᠨ ᠤ᠋ ᠰᠠᠢᠨ ᠳᠤᠷᠠᠴᠤᠳ ᠶᠠᠳᠠᠷᠠᠯ ᠵᠦᠳᠡᠷᠡᠯ ᠢ᠋ ᠬᠠᠢᠬᠤᠷᠤᠯ ᠥᠬᠡᠶ ᠪᠡᠷ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠡᠮᠦᠨ᠎ᠡ ᠹᠷᠣᠨᠲ ᠢ᠋ ᠪᠠᠲᠤ ᠰᠠᠬᠢᠵᠤ᠂ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠲᠡᠢᠨ ᠤ᠋ ᠲᠠᠯᠠᠪᠤᠷ ᠲᠠᠬᠢ ᠦᠵᠡᠰᠭᠦᠯᠡᠩᠲᠦ ᠰᠠᠢᠬᠠᠨ ᠦᠵᠡᠮᠵᠢ ᠶ᠋ᠢᠨ ᠱᠣᠭᠣᠮ ᠪᠣᠯᠵᠠᠶ᠃ 2 ᠰᠠᠷᠠᠶ᠋ᠢᠨ 26 ᠤ᠋ ᠡᠳᠦᠷ ᠤ᠋ᠨ 20 ᠴᠠᠭ ᠪᠣᠯᠲᠠᠯ᠎ᠠ᠂ ᠪᠥᠬᠥ᠌ ᠣᠷᠣᠨ ᠤ᠋ ᠬᠠᠮᠲᠤᠷᠠᠨ ᠰᠡᠷᠭᠡᠢᠯᠡᠵᠦ᠍ ᠬᠠᠮᠲᠤᠷᠠᠨ ᠡᠵᠡᠮᠳᠡᠬᠦ ᠳ᠋ᠤ ᠣᠷᠣᠯᠴᠠᠭ᠍ᠰᠠᠨ ᠤᠯᠠᠭᠠᠨ ᠵᠠᠭᠠᠯᠮᠠᠢᠲᠠᠨ ᠤ᠋ ᠰᠠᠢᠨ ᠳᠤᠷ᠎ᠠ ᠶ᠋ᠢᠨ ᠠᠵᠢᠯᠯᠠᠭ᠍ᠴᠢ ᠨᠡᠢᠲᠡ 6642 ᠪᠠᠢᠵᠤ᠂ 131 ᠤᠯᠠᠭᠠᠨ ᠵᠠᠭᠠᠯᠮᠠᠢᠲᠠᠨ ᠤ᠋ ᠰᠠᠢᠨ ᠳᠤᠷ᠎ᠠ ᠶ᠋ᠢᠨ ᠦᠶ᠋ᠯᠡᠴᠢᠯᠡᠭᠡᠨ ᠤ᠋ ᠠᠩᠭᠢ ᠶ᠋ᠢ ᠳᠠᠢᠴᠢᠯᠠᠵᠤ᠂ ᠨᠡᠢᠲᠡ 78263.5 ᠴᠠᠭ ᠦᠶ᠋ᠯᠡᠴᠢᠯᠡᠭᠰᠡᠨ ᠪᠠᠢᠨ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃