ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠥᠪᠥᠷ ᠮᠣᠩᠭᠣᠯ·ᠬᠠᠢᠷ᠎ᠠ ᠬᠠᠯᠠᠮᠵᠢ

2022-03-06 10:15:18

ᠵᠣᠬᠢᠶᠠᠭ᠍ᠴᠢ᠄ ᠸ · ᠭᠡᠷᠡᠯᠳᠤ ᠣᠩᠱᠢᠭ᠍ᠰᠠᠨ ᠣᠳᠠᠭ᠎ᠠ᠄ 3

ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠵᠤᠬᠢᠶᠠᠨ ᠪᠠᠢ᠌ᠭᠤᠯᠬᠤ ᠬᠡᠯᠳᠡᠰ᠎ᠤᠨ ᠪᠠᠭᠤᠯᠭᠠᠬ᠍ᠰᠠᠨ100 ᠲᠦᠮᠡᠨ ᠲᠦᠭᠦᠷᠢᠭ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ᠌ ᠲᠤᠰᠭᠠᠢ ᠨᠠᠮ᠎ᠤᠨ ᠰᠦᠢᠳᠭᠡᠯ᠎ᠤᠨ ᠰᠠᠭᠤᠷᠢᠨ ᠲᠡᠭᠡᠷ᠎ᠠ᠂ ᠪᠤᠭᠤᠲᠤ ᠬᠤᠳᠠ ᠵᠢᠨ ᠨᠠᠮ᠎ᠤᠨ ᠬᠤᠷᠢᠶᠠᠨ᠎ᠤ ᠵᠤᠬᠢᠶᠠᠨ ᠪᠠᠢ᠌ᠭᠤᠯᠬᠤ ᠬᠡᠯᠳᠡᠰ ᠨᠢ ᠪᠤᠭᠤᠲᠤ ᠬᠤᠳᠠ ᠵᠢᠨ ᠨᠠᠮ᠎ᠤᠨ ᠬᠤᠷᠢᠶ᠎ᠠ ᠵᠢ ᠤᠷᠤᠯᠠᠨ ᠬᠠᠮᠢᠶᠠᠷᠴᠦ᠍ ᠪᠠᠢ᠌ᠭ᠎ᠠ ᠨᠠᠮ᠎ᠤᠨ ᠰᠦᠢᠳᠭᠡᠯ᠎ᠤᠨ ᠲᠤᠮᠳᠠ ᠡᠴᠡ 300 ᠲᠦᠮᠡᠨ ᠲᠦᠭᠦᠷᠢᠭ ᠢᠵᠢ ᠪᠦᠷᠢᠳᠦᠬᠦᠯᠵᠦ᠍᠂ ᠪᠦᠬᠦ᠌ ᠬᠤᠳᠠ ᠵᠢᠨ ᠡᠯ᠎ᠠ ᠬᠤᠱᠢᠭᠤ ᠱᠢᠶᠠᠨ ᠲᠤᠭᠤᠷᠢᠭ ᠪᠤᠯᠤᠨ ᠬᠤᠳᠠ ᠵᠢᠨ ᠡᠷᠡᠭᠦᠯ ᠬᠠᠮᠠᠭᠠᠯᠠᠯ ᠡᠷᠡᠭᠦᠯ ᠮᠠᠨᠳᠤ ᠵᠢᠨ ᠠᠵᠢᠯ ᠲᠦᠷᠤᠯ᠎ᠤᠨ ᠨᠠᠮ᠎ᠤᠨ ᠠᠵᠢᠯ᠎ᠤᠨ ᠵᠦᠪᠯᠡᠯ ᠳ᠋ᠤ ᠪᠠᠭᠤᠯᠭᠠᠵᠦ᠍᠂ ᠦᠨᠳᠤᠰᠤᠨ ᠱᠠᠳᠤᠨ᠎ᠤ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ᠌ ᠠᠵᠢᠯ᠎ᠢ ᠲᠡᠮᠵᠢᠵᠠᠢ᠃

ᠤᠢ᠍ᠢᠯᠠᠭᠠᠬ᠍ᠰᠠᠨ ᠵᠢᠡᠷ᠂ ᠡᠨᠡ ᠬᠦ᠌ 400 ᠲᠦᠮᠡᠨ ᠲᠦᠭᠦᠷᠢᠭ᠎ᠤᠨ ᠲᠤᠰᠭᠠᠢ ᠨᠠᠮ᠎ᠤᠨ ᠰᠦᠢᠳᠭᠡᠯ᠎ᠢ ᠭᠤᠤᠯᠳᠠᠭᠤ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ᠌ ᠲᠡᠮᠡᠴᠡᠯ᠎ᠤᠨ ᠡᠮᠦᠨ᠎ᠠ ᠹᠷᠤᠨᠲ ᠳᠦ᠍ ᠭᠠᠪᠱᠢᠭᠠᠢ᠌ᠯᠠᠨ ᠪᠠᠢ᠌ᠯᠳᠤᠵᠦ᠍ ᠪᠠᠢ᠌ᠭ᠎ᠠ ᠡᠮᠴᠢᠯᠡᠭᠡᠨ᠎ᠤ ᠠᠵᠢᠯᠳᠠᠨ ᠵᠢᠴᠢ ᠦᠨᠳᠤᠰᠤᠨ ᠱᠠᠳᠤᠨ᠎ᠤ ᠨᠠᠮ᠎ᠤᠨ ᠬᠡᠱᠢᠭᠦᠨ ᠪᠤᠯᠤᠨ ᠺᠠᠳ᠋ᠷᠴᠤᠳ᠎ᠢ ᠲᠤᠬᠤᠨᠢᠭᠤᠯᠬᠤ᠂ ᠦᠨᠳᠤᠰᠤᠨ ᠱᠠᠳᠤᠨ᠎ᠤ ᠨᠠᠮ᠎ᠤᠨ ᠵᠤᠬᠢᠶᠠᠨ ᠪᠠᠢ᠌ᠭᠤᠯᠤᠯᠳᠠ ᠡᠴᠡ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ᠌ ᠠᠵᠢᠯ᠎ᠢ ᠦᠷᠨᠢᠬᠦᠯᠬᠦ᠌ ᠶᠠᠪᠤᠴᠠ ᠲᠤᠮᠳᠠ ᠬᠡᠷᠡᠭ᠌ᠴᠡᠭᠡ ᠪᠦᠬᠦᠢ ᠡᠮ ᠤ᠋ᠨ ᠪᠤᠳᠠᠰ ᠡᠳ᠋ ᠪᠤᠳᠠᠰ᠎ᠢ ᠬᠤᠳᠠᠯᠳᠤᠨ ᠠᠪᠬᠤ᠂ ᠱᠢᠨ᠎ᠠ ᠲᠢᠳᠢᠮᠯᠢᠭ᠌ ᠠᠭᠤᠰᠭᠢᠨ ᠦᠷᠪᠢᠰᠤᠯ ᠡᠴᠡ ᠪᠤᠯᠵᠦ᠍ ᠠᠮᠢᠳᠤᠷᠠᠯ ᠨᠢ ᠬᠦᠴᠢᠷ ᠲᠤᠯᠭᠠᠷᠠᠬ᠍ᠰᠠᠨ ᠨᠠᠮ᠎ᠤᠨ ᠬᠡᠱᠢᠭᠦᠨ ᠤᠯᠠᠨ ᠲᠦᠮᠡᠨ ᠳ᠋ᠤ ᠨᠦᠬᠦᠪᠦᠷᠢᠯᠡᠬᠦ᠌ ᠪᠤᠯᠤᠨ᠎ᠠ᠃

ᠡᠭᠦᠨ᠎ᠤ ᠬᠠᠮᠳᠤ᠂ ᠪᠤᠭᠤᠲᠤ ᠬᠤᠳᠠ ᠵᠢᠨ ᠨᠠᠮ᠎ᠤᠨ ᠬᠤᠷᠢᠶᠠᠨ᠎ᠤ ᠵᠤᠬᠢᠶᠠᠨ ᠪᠠᠢ᠌ᠭᠤᠯᠬᠤ ᠬᠡᠯᠳᠡᠰ ᠨᠢ ᠲᠤᠰᠭᠠᠢ ᠨᠠᠮ᠎ᠤᠨ ᠰᠦᠢᠳᠭᠡᠯ᠎ᠤᠨ ᠬᠡᠷᠡᠭ᠌ᠯᠡᠭᠡ ᠵᠢᠨ ᠲᠤᠬᠢᠷᠠᠭᠤᠯᠤᠯᠳᠠ ᠪᠤᠯᠤᠨ ᠬᠢᠨᠠᠯᠳᠠ ᠵᠢ ᠴᠢᠩᠭᠠᠳᠭᠠᠵᠦ᠍᠂ ᠲᠤᠰᠭᠠᠢ ᠮᠦᠩᠬᠦ᠌ ᠵᠢ ᠲᠤᠰᠭᠠᠢ ᠬᠡᠷᠡᠭ᠌ᠯᠡᠬᠦ᠌ ᠵᠢ ᠪᠠᠳᠤᠯᠠᠨ᠂ ᠨᠠᠮ᠎ᠤᠨ ᠰᠦᠢᠳᠭᠡᠯ᠎ᠤᠨ ᠬᠠᠮᠤᠭ ᠶᠡᠬᠡ ᠦᠢᠯᠡᠳᠤᠯ᠎ᠢ ᠪᠠᠳᠠᠷᠠᠭᠤᠯᠵᠦ᠍᠂ ᠬᠢᠵᠢᠭ᠎ᠤᠨ ᠪᠠᠢ᠌ᠳᠠᠯ᠎ᠢ ᠰᠡᠷᠭᠡᠢᠯᠡᠨ ᠡᠵᠡᠮᠳᠡᠬᠦ᠌ ᠠᠵᠢᠯ ᠲᠤᠮᠳᠠ ᠵᠤᠬᠢᠶᠠᠨ ᠪᠠᠢ᠌ᠭᠤᠯᠤᠯᠳᠠ ᠵᠢᠨ ᠬᠠᠢ᠌ᠷ᠎ᠠ ᠬᠠᠯᠠᠮᠵᠢ ᠵᠢ ᠲᠠᠮᠵᠢᠭᠤᠯᠤᠨ᠂ ᠪᠤᠳᠠᠳᠤ ᠬᠦᠴᠢᠷᠳᠠᠯ᠎ᠢ ᠱᠢᠢᠳᠪᠦᠷᠢᠯᠡᠵᠦ᠍᠂ ᠨᠠᠮ᠎ᠤᠨ ᠰᠡᠳᠭᠢᠯ ᠠᠷᠠᠳ᠎ᠤᠨ ᠰᠡᠳᠭᠢᠯ᠎ᠢ ᠨᠢᠬ᠍ᠳᠠᠷᠠᠭᠤᠯᠤᠨ᠂ ᠨᠠᠮ᠎ᠤᠨ ᠬᠡᠱᠢᠭᠦᠨ ᠺᠠᠳ᠋ᠷᠴᠤᠳ᠎ᠢ ᠵᠤᠷᠢᠬ᠍ᠵᠢᠭᠤᠯᠤᠨ《 ᠬᠢᠵᠢᠭ 》ᠲᠠᠢ ᠲᠡᠮᠡᠴᠡᠬᠦ᠌ ᠡᠮᠦᠨ᠎ᠠ ᠹᠷᠤᠨᠲ ᠳᠦ᠍ ᠵᠤᠷᠢᠬ᠍ᠳᠠᠢ ᠲᠡᠮᠡᠴᠡᠵᠦ᠍ ᠡᠬᠦᠷᠭᠡ ᠬᠠᠷᠢᠭᠤᠴᠠᠯᠭ᠎ᠠ ᠪᠡᠨ ᠴᠢᠡᠭᠭ᠎ᠠ ᠬᠦᠢᠴᠡᠳᠭᠡᠨ᠂ ᠦᠨᠳᠤᠰᠤᠨ ᠱᠠᠳᠤᠨ᠎ᠤ ᠨᠠᠮ᠎ᠤᠨ ᠬᠡᠱᠢᠭᠦᠨ ᠺᠠᠳ᠋ᠷᠴᠤᠳ ᠪᠤᠯᠤᠨ ᠤᠯᠠᠨ ᠲᠦᠮᠡᠨ᠎ᠤ ᠬᠢᠵᠢᠭ᠎ᠤᠨ ᠪᠠᠢ᠌ᠳᠠᠯ᠎ᠢ ᠢᠯᠠᠨ ᠲᠠᠪᠠᠬᠤ ᠢᠳᠡᠭᠡᠯ ᠵᠤᠷᠢᠭ᠎ᠢ ᠨᠡᠮᠡᠭ᠌ᠳᠡᠬᠦᠯᠵᠤ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面